ᠰᠢᠯᠢ ᠶᠢᠨ ᠭᠤᠣᠯ ᠠᠶᠢᠮᠠᠭ ᠰᠣᠶᠣᠯ ᠤᠨ ᠠᠵᠤ ᠦᠢᠯᠡᠰ ᠲᠤ ᠪᠦᠭᠦ ᠲᠠᠯ᠎ᠠ ᠶᠢᠨ ᠨᠡᠶᠢᠳᠡᠮ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2017/12/5
     ᠰᠢᠯᠢ ᠶᠢᠨ ᠭᠤᠣᠯ ᠠᠶᠢᠮᠠᠭ ᠤᠨ ᠰᠣᠶᠣᠯ ᠤᠨ ᠠᠵᠤ ᠦᠢᠯᠡᠰ ᠤᠨ ᠬᠥᠭᠵᠢᠯᠲᠡ ᠶᠢᠨ ᠣᠳᠣᠬᠢ ᠪᠠᠶᠢᠳᠠᠯ ᠢ ᠪᠦᠬᠦ ᠲᠠᠯ᠎ᠠ ᠪᠠᠷ ᠤᠶᠢᠯᠠᠭᠠᠨ ᠡᠵᠡᠮᠰᠢᠬᠦ ᠶᠢᠨ ᠲᠦᠯᠦᠭᠡ᠂ ᠰᠢᠯᠢ ᠶᠢᠨ ᠭᠤᠣᠯ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠰᠢᠯᠢ ᠶᠢᠨ ᠭᠤᠣᠯ ᠠᠶᠢᠮᠠᠭ ᠤᠨ ᠰᠣᠶᠣᠯ ᠲᠠᠮᠢᠷ ᠰᠤᠨᠢᠨ ᠮᠡᠳᠡᠭᠡ ᠬᠡᠪᠯᠡᠯ     ᠲᠧᠯᠸᠢᠰ ᠲᠣᠪᠴᠢᠶ᠎ᠠ ᠯᠤᠭ᠎ᠠ ᠬᠠᠮᠲᠤᠷᠠᠨ ᠰᠢᠯᠢ ᠶᠢᠨ ᠭᠤᠣᠯ ᠠᠶᠢᠮᠠᠭ ᠤᠨ ᠰᠣᠶᠣᠯ ᠤᠨ ᠠᠵᠤ ᠦᠢᠯᠡᠰ ᠲᠤ 20 ᠡᠳᠦᠷ ᠤᠨ ᠬᠤᠭᠤᠴᠠᠭ᠎ᠠ ᠲᠠᠢ ᠨᠡᠶᠢᠳᠡᠮ ᠪᠠᠶᠢᠴᠠᠭᠠᠯᠲᠠ ᠬᠢᠪᠡ᠃ ᠨᠡᠶᠢᠳᠡᠮ ᠪᠠᠶᠢᠴᠠᠭᠠᠯᠲᠠ ᠳᠤ᠂ ᠡᠯ᠎ᠡ ᠬᠤᠰᠢᠭᠤ ᠰᠢᠶᠠᠨ ᠬᠤᠲᠠ ︵ᠲᠣᠭᠤᠷᠢᠭ︶ 50 ᠡᠷᠦᠬᠡ ᠰᠣᠶᠣᠯ ᠤᠨ ᠠᠵᠤ ᠦᠢᠯᠡᠰ ᠤᠨ ᠠᠵᠤ ᠠᠬᠤᠶᠢᠯᠠᠯ ᠢ ᠳᠡᠭᠡᠭᠰᠢ ᠮᠡᠳᠡᠭᠦᠯᠵᠡᠢ᠂ ᠡᠳᠡᠭᠡᠷ ᠨᠢ ᠭᠤᠣᠯᠳᠠᠭᠤ ᠰᠣᠶᠣᠯ ᠤᠯᠠᠮᠵᠢᠯᠠᠬᠤ ᠵᠠᠭᠤᠴᠢᠯᠠᠭᠤᠷ᠂ ᠰᠣᠶᠣᠯ ᠵᠢᠭᠤᠯᠴᠢᠯᠠᠯ᠂ ᠦᠨᠳᠦᠰᠦᠲᠡᠨ ᠤ ᠭᠠᠷ ᠤᠷᠠᠯᠠᠯ ᠤᠨ ᠪᠦᠲᠦᠭᠡᠭᠳᠡᠬᠦᠨ ᠵᠡᠷᠭᠡ ᠬᠦᠷᠢᠶᠡᠨ ᠳᠤ ᠲᠠᠷᠬᠠᠵᠤ᠂ ᠡᠭᠦᠨ ᠳᠤ ᠭᠠᠳᠠᠭᠠᠳᠤ ᠭᠠᠷᠭᠠᠯᠲᠠ ᠲᠠᠢ ᠠᠵᠤ ᠠᠬᠤᠶᠢᠯᠠᠯ 7 ᠪᠠᠶᠢᠨ᠎ᠠ᠃ ︽ᠭᠠᠳᠠᠭᠠᠳᠤ ᠯᠤᠭ᠎ᠠ ᠰᠣᠶᠣᠯ ᠤᠨ ᠠᠷᠠᠯᠵᠢᠶ᠎ᠠ ᠶᠢ ᠲᠦᠷᠭᠡᠳᠬᠡᠨ ᠬᠦᠭᠵᠢᠭᠦᠯᠬᠦ ᠰᠢᠯᠢ ᠶᠢᠨ ᠭᠤᠣᠯ ᠠᠶᠢᠮᠠᠭ ᠤᠨ ᠬᠡᠷᠡᠭᠵᠢᠭᠦᠯᠬᠦ ᠲᠥᠰᠦᠯ︾᠎ ᠳᠤ ᠲᠤᠳᠤᠷᠬᠠᠶᠢᠯᠠᠭᠰᠠᠨ ᠰᠢᠯᠢ ᠶᠢᠨ ᠭᠤᠤᠯ ᠠᠶᠢᠮᠠᠭ ᠤᠨ ᠭᠠᠳᠠᠭᠠᠳᠤ ᠯᠤᠭ᠎ᠠ ᠶᠢᠨ ᠰᠣᠶᠣᠯ ᠤᠨ ᠠᠷᠠᠯᠵᠢᠶ᠎ᠠ ᠶᠢ ᠬᠥᠭᠵᠢᠭᠦᠯᠬᠦ ᠭᠤᠣᠯᠳᠠᠯᠭ᠎ᠠ ᠲᠠᠢ ᠳᠡᠮᠵᠢᠬᠦ ᠴᠢᠭᠯᠡᠯ ᠢ ᠦᠨᠳᠦᠰᠦᠯᠡᠨ᠂ ᠳᠤᠰ ᠤᠳᠠᠭ᠎ᠠ ᠶᠢᠨ ᠨᠡᠶᠢᠳᠡᠮ ᠪᠠᠶᠢᠴᠠᠭᠠᠯᠲᠠ ᠶᠢᠨ ᠪᠣᠳᠠᠲᠠᠶ ᠪᠠᠶᠢᠳᠠᠯ ᠲᠠᠢ ᠤᠶᠠᠯᠳᠤᠭᠤᠯᠬᠤ ᠶᠢᠨ ᠬᠠᠮᠲᠤ ᠠᠵᠤ ᠦᠶᠯᠡᠰ ᠤᠨ ᠲᠠᠷᠬᠠᠯᠲᠠ ᠪᠠ ᠣᠷᠣᠨ ᠪᠦᠰᠡ ᠶᠢᠨ ᠲᠡᠩᠴᠡᠭᠦᠷᠢ ᠶᠢᠨ ᠬᠦᠴᠦᠨ ᠵᠦᠢᠯ ᠢ ᠭᠦᠢᠴᠡᠳ ᠪᠣᠳᠣᠯᠬᠢᠯᠠᠵᠤ᠂ ᠰᠢᠯᠢᠩᠬᠤᠲᠠ ᠶᠢᠨ ᠷᠦᠨ ᠳ᠋ᠦ᠋ ᠰᠣᠶᠣᠯ ᠤᠨ ᠬᠥᠭᠵᠢᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ 3 ᠺᠤᠮᠫᠠᠨᠢ ᠶᠢ ᠭᠤᠣᠯᠳᠠᠯᠭ᠎ᠠ ᠲᠠᠢ ᠪᠠᠷ ᠬᠥᠮᠦᠵᠢᠭᠦᠯᠬᠦ ᠠᠵᠤ ᠠᠬᠤᠶᠢᠯᠠᠯ ᠢᠶᠠᠷ ᠲᠤᠭᠲᠠᠭᠠᠵᠤ᠂ ᠥᠪᠥᠷ ᠮᠣᠩᠭᠤᠯ ᠤᠨ ᠲᠠᠯ᠎ᠠ ᠨᠤᠲᠤᠭ ᠤᠨ ᠬᠥᠮᠦᠨ ᠠᠳᠤᠭᠤ ᠰᠣᠶᠣᠯ ᠤᠨ ᠤᠯᠠᠮᠵᠢᠯᠠᠯᠲᠤ ᠬᠢᠵᠠᠭᠠᠷᠲᠤ ᠺᠣᠮᠫᠠᠨᠢ ᠵᠡᠷᠭᠡ 14 ᠠᠵᠤ ᠠᠬᠤᠶᠢᠯᠠᠯ ᠢ ᠭᠤᠣᠯᠳᠠᠯᠭ᠎ᠠ ᠲᠠᠢ ᠬᠠᠯᠠᠮᠵᠢᠯᠠᠬᠤ ᠠᠵᠤ ᠠᠬᠤᠶᠢᠯᠠᠯ ᠪᠤᠯᠭᠠᠪᠠ᠃ ᠲᠣᠭᠲᠠᠭᠠᠭᠰᠠᠨ ᠭᠤᠣᠯᠳᠠᠯᠭ᠎ᠠ ᠲᠠᠢ ᠠᠵᠤ ᠠᠬᠤᠶᠢᠯᠠᠯ ᠳᠤ ᠰᠣᠶᠣᠯ ᠤᠯᠠᠮᠵᠢᠯᠠᠬᠤ ᠵᠠᠭᠤᠯᠴᠢᠯᠠᠭᠤᠷ ᠤᠨ ᠠᠵᠤ ᠠᠬᠤᠶᠢᠯᠠᠯ 3᠂ ᠰᠣᠶᠣᠯ ᠵᠢᠭᠤᠯᠴᠢᠯᠠᠯ ᠤᠨ ᠠᠵᠤ ᠠᠬᠤᠶᠢᠯᠠᠯ 2᠂ ᠦᠨᠳᠦᠰᠦᠲᠡᠨ ᠤ ᠭᠠᠷ ᠤᠷᠠᠯᠠᠯ ᠤᠨ ᠪᠦᠲᠦᠭᠡᠭᠳᠡᠬᠦᠨ ᠤ ᠠᠵᠤ ᠠᠬᠤᠶᠢᠯᠠᠯ 12 ᠪᠠᠶᠢᠨ᠎ᠠ᠃      ᠲᠡᠷᠠᠭ᠎ᠠ ᠠᠯᠬᠤᠮ ᠳᠤ᠂ ᠰᠢᠯᠢ ᠶᠢᠨ ᠭᠤᠣᠯ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠲᠤᠪᠴᠢᠶ᠎ᠠ ᠭᠠᠳᠠᠭᠠᠳᠤ ᠯᠤᠭ᠎ᠠ ᠶᠢᠨ ᠰᠣᠶᠣᠯ ᠤᠨ ᠠᠷᠠᠯᠵᠢᠶ᠎ᠠ ᠶᠢᠨ ᠬᠥᠭᠵᠢᠯᠲᠡ ᠶᠢ ᠲᠦᠷᠭᠡᠳᠬᠡᠨ ᠬᠦᠭᠵᠢᠭᠦᠯᠬᠦ ᠲᠤᠬᠠᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠬᠠᠷᠠᠭᠠᠯᠵᠠᠯ ᠦᠵᠡᠭᠦᠯᠬᠦ ᠲᠦᠷᠦ ᠶᠢᠨ ᠪᠤᠳᠤᠯᠭ᠎ᠠ ᠶᠢ ᠢᠳᠡᠪᠬᠢᠲᠡᠢ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠡᠳᠬᠦᠨ ᠳᠡᠮᠵᠢᠬᠦ ᠠᠷᠭ᠎ᠠ ᠬᠡᠮᠵᠢᠶ᠎ᠡ ᠶᠢ ᠱᠠᠯᠠᠪᠬᠠᠨ ᠲᠣᠭᠲᠠᠭᠠᠵᠤ᠂ ᠰᠢᠯᠢ ᠶᠢᠨ ᠭᠤᠣᠯ ᠠᠶᠢᠮᠠᠭ ᠤᠨ ᠭᠠᠳᠠᠭᠠᠳᠤ ᠯᠤᠭ᠎ᠠ ᠶᠢᠨ ᠰᠣᠶᠣᠯ ᠤᠨ ᠠᠷᠠᠯᠵᠢᠶ᠎ᠠ ᠶᠢ ᠲᠦᠷᠭᠡᠳᠬᠡᠨ ᠬᠦᠭᠵᠢᠭᠦᠯᠬᠦ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号