ᠥᠨᠥᠬᠡᠨ᠂ ᠡᠷᠢᠶᠡᠨ ᠬᠤᠳᠠ ᠶᠢᠨ ᠠᠵᠢᠯ ᠣᠯᠭᠤᠯᠲᠠ ᠶᠢᠨ ᠲᠣᠪᠴᠢᠶ᠎ᠠ ᠠᠯᠪᠠᠨ ᠭᠡᠷᠡᠴᠢᠯᠡᠭᠡ ᠶᠢᠨ ᠭᠠᠵᠠᠷ | ᠪᠠ ᠬᠥᠳᠡᠭᠡ ᠲᠣᠰᠬᠤᠨ ᠤ ᠬᠤᠷᠰᠢᠭᠰᠠᠨ ᠪᠠᠩᠬᠢ ᠲᠠᠢ ᠬᠠᠮᠵᠢᠯᠴᠠᠨ᠂ ᠡᠷᠢᠶᠡᠨ ᠬᠤᠳᠠ ᠶᠢᠨ ᠬᠥᠳᠡᠭᠡ ᠲᠣᠰᠬᠤᠨ ᠤ | ᠬᠤᠷᠰᠢᠭᠰᠠᠨ ᠪᠠᠩᠬᠢ ᠪᠠᠷ ᠳᠠᠮᠵᠢᠨ 2017 ᠣᠨ ᠤ ᠠᠳᠠᠯ ᠦᠢᠯᠡᠰ ᠴᠣᠭᠴᠠᠯᠠᠬᠤ ᠳᠠᠭᠠᠯᠳᠠᠲᠤ ᠵᠢᠭᠡᠯᠡᠯᠭᠡ | ᠲᠠᠯᠪᠢᠵᠠᠢ᠂ ᠵᠢᠱᠢᠯᠲᠡ ᠪᠠᠷ ᠪᠦᠬᠦ ᠬᠤᠲᠠ ᠶᠢᠨ 78 ᠠᠳᠠᠯ ᠦᠢᠯᠡᠰ ᠴᠣᠭᠴᠠᠯᠠᠭᠴᠢᠳ ᠲᠤ 613 ᠲᠦᠮᠡᠨ | ᠲᠥᠭᠦᠷᠢᠭ ᠤᠨ ᠵᠢᠭᠡᠯᠡᠯᠭᠡ ᠲᠠᠯᠪᠢᠬᠤ ᠪᠣᠯᠣᠨ᠎ᠠ᠃ ᠣᠶᠢᠯᠠᠭᠠᠭᠰᠠᠨ ᠢᠶᠠᠷ᠂ ᠡᠷᠢᠶᠡᠨ ᠬᠤᠳᠠ ᠶᠢᠨ ᠠᠵᠢᠯ | ᠣᠯᠭᠤᠯᠲᠠ ᠶᠢᠨ ᠲᠣᠪᠴᠢᠶ᠎ᠠ ᠨᠢ ᠠᠳᠠᠯ ᠦᠢᠯᠡᠰ ᠴᠣᠭᠴᠠᠯᠠᠬᠤ ᠳᠠᠭᠠᠯᠳᠠᠲᠤ ᠵᠢᠭᠡᠯᠡᠯᠭᠡ ᠪᠠᠷ ᠠᠳᠠᠯ ᠦᠢᠯᠡᠰ | ᠴᠣᠭᠴᠠᠯᠠᠬᠤ ᠶᠢ ᠳᠡᠮᠵᠢᠬᠦ᠂ ᠠᠵᠢᠯ ᠣᠯᠭᠤᠯᠲᠠ ᠶᠢ ᠳᠠᠶᠢᠴᠢᠯᠠᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ | ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠡᠷᠬᠢᠯᠡᠬᠦ᠂ ᠠᠳᠠᠯ ᠦᠢᠯᠡᠰ ᠴᠣᠭᠴᠠᠯᠠᠭᠴᠢᠳ ᠤᠨ ᠲᠣᠰᠢᠶᠠᠭᠰᠠᠨ | ᠠᠳᠠᠯ ᠦᠢᠯᠡᠰ ᠴᠣᠭᠴᠠᠯᠠᠬᠤ ᠳᠠᠭᠠᠯᠳᠠᠲᠤ ᠵᠢᠭᠡᠯᠡᠯᠭᠡ ᠭᠤᠶᠤᠴᠢᠯᠠᠬᠤ ᠮᠠᠲ᠋ᠧᠷᠢᠶᠠᠯ ᠢ ᠨᠢ ᠬᠢᠨᠠᠨ ᠬᠠᠷᠭᠤᠭᠤᠯᠬᠤ᠂ | ᠠᠵᠢᠯᠲᠠᠨ ᠲᠣᠮᠢᠯᠠᠵᠤ ᠲᠤᠬᠠᠶ ᠶᠢᠨ ᠭᠠᠵᠠᠷ ᠲᠤᠨᠢ ᠡᠷᠦᠬᠡ ᠳᠤ ᠬᠦᠷᠴᠦ ᠪᠠᠶᠢᠴᠠᠭᠠᠯᠭᠠᠬᠤ ᠵᠡᠷᠭᠡ ᠳᠡᠰ | ᠳᠠᠷᠠᠭᠠᠯᠠᠯ ᠢᠶᠠᠷ ᠳᠠᠮᠵᠢᠨ᠂ ᠬᠠᠮᠤᠭ ᠡᠴᠦᠰ ᠲᠤ 78 ᠠᠳᠠᠯ ᠦᠢᠯᠡᠰ ᠴᠣᠭᠴᠠᠯᠠᠭᠴᠢ ᠳᠤ 2017 ᠣᠨ ᠤ ᠠᠳᠠᠯ | ᠦᠢᠯᠡᠰ ᠴᠣᠭᠴᠠᠯᠠᠬᠤ ᠳᠠᠭᠠᠯᠳᠠᠲᠤ ᠵᠢᠭᠡᠯᠡᠯᠭᠡ ᠶᠢᠨ ᠳᠡᠮᠵᠢᠯᠭᠡ 5 ᠠᠴᠠ 10 ᠲᠦᠮᠡᠨ ᠲᠥᠭᠦᠷᠢᠭ ᠣᠯᠭᠤᠬᠤ ᠪᠠᠷ | ᠲᠣᠭᠲᠠᠵᠠᠢ᠃ |