ᠮᠦᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠭᠦᠬᠦ ᠠᠵᠢᠯ ᠢ ᠤᠯᠠᠮ ᠨᠢᠭᠡ ᠠᠯᠬᠤᠮ ᠠᠬᠢᠭᠤᠯᠬᠤ ᠲᠣᠬᠠᠢ ᠦᠪᠦᠷ ᠮᠣᠩᠭᠤᠯ ᠤᠨ ᠦᠪᠡᠷᠲᠡᠭᠡᠨ ᠵᠠᠰᠬᠠᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠭᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2017/12/6
                     ᠥᠪᠥᠷ ᠵᠠᠰᠠᠭ ᠠᠯᠪᠠᠨ ᠲᠠᠷᠬᠠᠭᠠᠭᠰᠠᠨ ﹇2017﹈ 130 ᠳ᠋ᠤᠭᠠᠷ ᠲᠤᠭᠠᠳᠤ                                                      7 ᠳ᠋ᠤᠭᠠᠷ ᠰᠠᠷ᠎ᠠ ᠶᠢᠨ 18᠎ ᠤ ᠡᠳᠥᠷᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠦᠪᠡᠷᠲᠡᠭᠡᠨ ᠵᠠᠰᠠᠬᠤ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠭᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄      ᠮᠦᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠭᠦᠬᠦ ᠠᠵᠢᠯ ᠢ ᠤᠯᠠᠮ ᠨᠢᠭᠡ ᠠᠯᠬᠤᠮ ᠠᠬᠢᠭᠤᠯᠵᠤ᠂ ᠮᠦᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠭᠦᠬᠦ ᠠᠵᠢᠯ ᠤᠨ ᠲᠣᠭᠲᠠᠴᠠ ᠳᠤ ᠰᠢᠨ᠎ᠡ ᠶᠢ ᠡᠭᠦᠳᠦᠨ᠂ ᠮᠦᠩᠭᠦᠨ ᠭᠦᠢᠯᠭᠡᠭᠡᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠶᠠᠳᠠᠭᠤ ᠬᠦᠴᠢᠷᠳᠡᠯᠲᠡᠢ ᠭᠠᠵᠠᠷ ᠣᠷᠣᠨ ᠤ ᠮᠦᠩᠭᠦᠨ ᠭᠦᠢᠯᠭᠡᠭᠡᠨ ᠤ ᠬᠠᠩᠭᠠᠯᠭ᠎ᠠ ᠶᠢᠨ ᠴᠢᠳᠠᠪᠤᠷᠢ ᠪᠠ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠤᠰᠠᠳᠠ᠂ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠪᠡ᠄      ᠨᠢᠭᠡ᠂ ᠠᠵᠤ ᠦᠢᠯᠡᠰ ᠲᠤ ᠲᠦᠰᠢᠭᠯᠡᠨ ᠬᠦᠲᠦᠴᠢ ᠠᠵᠤ ᠠᠬᠤᠶᠢᠯᠠᠯ ᠢ ᠲᠡᠳᠭᠦᠬᠦ ᠬᠡᠷᠡᠭᠲᠡᠢ᠃ ᠠᠵᠤ ᠦᠢᠯᠡᠰ ᠤᠨ ᠬᠥᠭᠵᠢᠯᠲᠡ ᠪᠠᠷ ᠬᠥᠲᠥᠯᠥᠭᠴᠢ ᠪᠣᠯᠭᠠᠵᠤ᠂ ︽ᠵᠠᠰᠠᠭ ᠤᠨ ᠣᠷᠳᠣᠨ + ᠪᠠᠩᠭᠢ + ᠳᠠᠭᠠᠳᠬᠠᠯ + ᠳᠠᠭᠠᠭᠠᠯᠲᠠ + ᠬᠦᠲᠦᠴᠢ ᠠᠵᠤ ᠠᠬᠤᠶᠢᠯᠠᠯ + ᠲᠤᠰᠬᠠᠢ ᠠᠵᠢᠯ ᠤᠨ ᠬᠤᠷᠰᠢᠶ᠎ᠠ + ᠶᠠᠳᠠᠭᠤ ᠬᠦᠴᠢᠷᠳᠡᠯᠲᠡᠢ ᠡᠷᠦᠬᠡ︾᠂ ︽ᠮᠦᠩᠭᠦᠨ ᠭᠦᠢᠯᠭᠡᠭᠡᠨ ᠤ ᠪᠠᠶᠢᠭᠤᠯᠤᠮᠵᠢ + ᠬᠦᠲᠦᠴᠢ ᠠᠵᠤ ᠠᠬᠤᠶᠢᠯᠠᠯ + ᠲᠤᠰᠬᠠᠢ ᠠᠵᠢᠯ ᠤᠨ ᠬᠤᠷᠰᠢᠶ᠎ᠠ + ᠶᠠᠳᠠᠭᠤ ᠬᠦᠴᠢᠷᠳᠡᠯᠲᠡᠢ ᠡᠷᠦᠬᠡ︾᠂ ︽ᠺᠤᠮᠫᠠᠨᠢ + ᠰᠠᠭᠤᠷᠢᠨ ᠭᠠᠵᠠᠷ + ᠶᠠᠳᠠᠭᠤ ᠬᠦᠴᠢᠷᠳᠡᠯᠲᠡᠢ ᠡᠷᠦᠬᠡ︾᠂ ︽ᠬᠤᠷᠰᠢᠶ᠎ᠠ + ᠶᠠᠳᠠᠭᠤ ᠬᠦᠴᠢᠷᠳᠡᠯᠲᠡᠢ ᠡᠷᠦᠬᠡ︾ ᠪᠠ ᠰᠠᠭᠤᠷᠢᠨ ᠭᠠᠵᠠᠷ ᠲᠤ ᠨᠠᠶᠢᠳᠠᠨ ᠲᠡᠵᠢᠭᠡᠯᠭᠡᠬᠦ ᠵᠡᠷᠭᠡ ᠠᠵᠤ ᠦᠢᠯᠡᠰ ᠢᠶᠠᠷ ᠶᠠᠳᠠᠭᠤ ᠶᠢ ᠲᠡᠳᠭᠦᠬᠦ ᠬᠡᠯᠬᠢᠶᠡᠵᠢᠯ ᠳᠤ ᠰᠠᠭᠤᠷᠢᠯᠠᠭᠰᠠᠨ ᠢᠲᠡᠭᠡᠮᠵᠢ ᠣᠯᠭᠤᠬᠤ ᠵᠠᠭᠪᠤᠷ ᠢ ᠪᠠᠶᠢᠭᠤᠯᠬᠤ ᠬᠡᠷᠡᠭᠲᠡᠢ᠃ ᠡᠯ᠎ᠡ ᠮᠦᠩᠭᠦᠨ ᠭᠦᠢᠯᠭᠡᠭᠡᠨ ᠤ ᠪᠠᠶᠢᠭᠤᠯᠤᠮᠵᠢ ᠨᠢ ᠲᠠᠷᠢᠶᠠᠯᠠᠩ ᠮᠠᠯ ᠠᠵᠤ ᠠᠬᠤᠢ ᠶᠢᠨ ᠬᠦᠲᠦᠴᠢ ᠠᠵᠤ ᠠᠬᠤᠶᠢᠯᠠᠯ᠂ ᠳᠡᠭᠡᠷ᠎ᠡ ᠬᠡᠯᠬᠢᠶ᠎ᠡ ᠶᠢᠨ ᠲᠤᠰᠬᠠᠢ ᠠᠵᠢᠯ ᠤᠨ ᠬᠤᠷᠰᠢᠶ᠎ᠠ ᠪᠣᠯᠣᠨ ᠶᠠᠳᠠᠭᠤ ᠬᠦᠴᠢᠷᠳᠡᠯᠲᠡᠢ ᠡᠷᠦᠬᠡ᠂ ᠳᠣᠣᠷ᠎ᠠ ᠬᠡᠯᠬᠢᠶ᠎ᠡ ᠶᠢᠨ ᠡᠳ᠋ᠰᠢᠭᠦᠯᠵᠦ ᠭᠦᠢᠯᠭᠡᠭᠡᠬᠦ ᠠᠵᠢᠯ ᠲᠦᠷᠦᠯ ᠤᠨ ᠡ᠊ᠵᠡᠩᠨᠡᠯᠲᠡ ᠶᠢᠨ ᠵᠠᠩᠬᠢᠶᠠᠰᠤ ᠳᠤ ᠴᠢᠭᠯᠡᠭᠦᠯᠦᠨ ᠦᠢᠯᠡᠳᠭᠦᠨ ᠳᠤ ᠰᠢᠨ᠎ᠡ ᠶᠢ ᠡᠭᠦᠳᠴᠦ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠨ ᠬᠥᠭᠵᠢᠬᠦ ᠪᠦᠬᠦ ᠬᠡᠯᠬᠢᠶᠡᠵᠢᠯ ᠳᠠᠬᠢ ᠮᠦᠩᠭᠦᠨ ᠭᠦᠢᠯᠭᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠬᠡᠷᠡᠭᠲᠡᠢ᠃ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶᠎ ᠨᠢ ᠪᠤᠶᠢᠵᠢᠯᠲᠠ ᠪᠠᠷ ᠰᠠᠶᠢᠨ᠂ ᠡᠵᠡᠩᠨᠡᠯᠲᠡ ᠨᠢ ᠵᠢᠷᠤᠮᠵᠢᠭᠤᠨ᠂ ᠳᠦᠷᠢᠮ ᠨᠢ ᠲᠡᠭᠦᠯᠳᠡᠷ᠂ ᠶᠠᠳᠠᠭᠤ ᠠᠴᠠ ᠠᠩᠬᠢᠵᠢᠷᠠᠭᠤᠯᠬᠤ ᠳᠤ ᠳᠠᠶᠢᠴᠢᠯᠠᠬᠤ ᠦᠢᠯᠡᠳᠦᠯ ᠢᠶᠠᠷ ᠴᠢᠩᠭ᠎ᠠ ᠬᠦᠲᠦᠴᠢ ᠠᠵᠤ ᠠᠬᠤᠶᠢᠯᠠᠯ ᠢ ᠬᠦᠲᠦᠯᠦᠨ ᠵᠢᠯᠤᠭᠤᠳᠴᠤ ᠪᠠᠶᠢᠭᠠᠳ ᠶᠠᠳᠠᠭᠤ ᠬᠦᠴᠢᠷᠳᠡᠯᠲᠡᠢ ᠡᠷᠦᠬᠡ ᠶᠢᠨ ︽ᠪᠡᠯᠡ ᠮᠦᠩᠭᠦ ᠪᠠᠷ ᠢᠶᠠᠨ ᠬᠤᠪᠢ ᠣᠷᠤᠬᠤ︾᠂ ︽ᠠᠰᠢᠭ ᠬᠤᠪᠢᠶᠠᠷᠢᠯᠠᠭᠰᠠᠨ ᠣᠯᠵᠠᠪᠤᠷᠢ + ᠬᠦᠴᠦ ᠶᠠᠪᠤᠭᠰᠠᠨ ᠣᠯᠵᠠᠪᠤᠷᠢ︾ ᠣᠯᠬᠤ ᠵᠠᠭᠪᠤᠷ ᠢ ᠰᠦᠪᠡᠭᠴᠢᠯᠡᠨ ᠦᠷᠨᠢᠭᠦᠯᠵᠦ᠂ ᠶᠠᠳᠠᠭᠤ ᠬᠦᠴᠢᠷᠳᠡᠯᠲᠡᠢ ᠡᠷᠦᠬᠡ ᠶᠢᠨ ᠣᠷᠣᠯᠭ᠎ᠠ ᠶᠢ ᠨᠡᠮᠡᠭᠳᠡᠭᠦᠯᠬᠦ ᠪᠠ ᠬᠦᠲᠦᠴᠢ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠬᠦᠷᠦᠩᠭᠡ ᠶᠢᠨ ᠵᠠᠬ᠎ᠠ ᠳᠡᠯᠭᠡᠭᠦᠷ ᠢ ᠶᠠᠳᠠᠭᠤ ᠠᠴᠠ ᠠᠩᠭᠢᠵᠢᠷᠠᠭᠤᠯᠵᠤ ᠪᠤᠭᠤᠮᠲᠠ ᠰᠢᠪᠲᠤᠯᠬᠤ ᠳᠤ ᠦᠢᠯᠡᠴᠢᠯᠡᠭᠦᠯᠬᠦ ᠲᠣᠬᠠᠢ ᠤᠯᠤᠰ ᠤᠨ ᠲᠥᠷᠥ ᠶᠢᠨ ᠪᠣᠳᠣᠯᠭ᠎ᠠ ᠶᠢ ᠭᠦᠢᠴᠡᠳ ᠠᠰᠢᠭᠯᠠᠵᠤ᠂ ᠬᠦᠲᠦᠴᠢ ᠠᠵᠤ ᠠᠬᠤᠶᠢᠯᠠᠯ ᠤᠨ ᠬᠢᠨ ᠣᠯᠠᠨ ᠳᠡᠰ ᠳᠠᠪᠬᠤᠷᠭ᠎ᠠ ᠲᠠᠢ ᠬᠦᠷᠦᠩᠭᠡ ᠶᠢᠨ ᠵᠠᠬ᠎ᠠ ᠳᠡᠯᠭᠡᠭᠦᠷ ᠢ ᠠᠰᠢᠭᠯᠠᠨ ᠪᠡᠯᠡ ᠲᠣᠬᠢᠷᠠᠭᠤᠯᠭ᠎ᠠ ᠬᠢᠬᠦ ᠶᠢ ᠳᠡᠮᠵᠢᠬᠦ ᠬᠡᠷᠡᠭᠲᠡᠢ᠃       ᠬᠤᠶᠠᠷ᠂ ᠶᠠᠳᠠᠭᠤ ᠶᠢ ᠲᠡᠳᠭᠦᠬᠦ ᠵᠢᠭᠡᠯᠡᠯᠭᠡ ᠶᠢᠨ ᠬᠦᠦ ᠶᠢᠨ ᠨᠤᠷᠮ᠎ᠠ᠂ ᠬᠤᠭᠤᠴᠠᠭ᠎ᠠ᠂ ᠵᠢᠭᠡᠯᠡᠯᠭᠡ ᠪᠤᠴᠠᠭᠠᠬᠤ ᠠᠷᠭ᠎ᠠ ᠬᠡᠯᠪᠡᠷᠢ ᠶᠢ ᠵᠦᠢ ᠵᠣᠬᠢᠰᠲᠠᠢ ᠲᠣᠭᠲᠠᠭᠠᠬᠤ ᠬᠡᠷᠡᠭᠲᠡᠢ᠃ ᠡᠯ᠎ᠡ ᠪᠠᠩᠭᠢ ᠶᠢᠨ ᠦᠢᠯᠡᠰ ᠤᠨ ᠮᠦᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ︽ᠲᠠᠷᠢᠶᠠᠯᠠᠩ ᠢ ᠲᠤᠰᠠᠯᠠᠬᠤ ᠳᠠᠬᠢᠨ ᠵᠢᠭᠡᠯᠡᠯᠭᠡ︾᠂ ︽ᠵᠢᠵᠢᠭ ᠪᠢᠴᠢᠯ ᠠᠵᠤ ᠠᠬᠤᠶᠢᠯᠠᠯ ᠢ ᠲᠤᠰᠠᠯᠠᠬᠤ ᠳᠠᠬᠢᠨ ᠵᠢᠭᠡᠯᠡᠯᠭᠡ︾ ᠪᠠ ︽ᠶᠠᠳᠠᠭᠤ ᠶᠢ ᠲᠡᠳᠭᠦᠬᠦ ᠳᠠᠬᠢᠨ ᠵᠢᠭᠡᠯᠡᠯᠭᠡ︾ ᠵᠡᠷᠭᠡ ᠦᠪᠡᠷ ᠤᠨ ᠥᠷᠲᠡᠭ ᠢᠶᠠᠷ ᠳᠣᠣᠷ᠎ᠠ ᠪᠡᠯᠡ ᠮᠦᠩᠭᠦ ᠶᠢ ᠭᠦᠢᠴᠡᠳ ᠮᠦᠷᠲᠡᠭᠡᠨ ᠰᠠᠶᠢᠲᠤᠷ ᠬᠡᠷᠡᠭᠯᠡᠵᠦ᠂ ᠶᠠᠳᠠᠭᠤ ᠬᠦᠴᠢᠷᠳᠡᠯᠲᠡᠢ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠪᠦᠬᠦ᠋ᠢᠯᠡ ᠵᠢᠭᠡᠯᠡᠯᠭᠡ ᠶᠢᠨ ᠬᠦᠦ ᠶᠢᠨ ᠨᠤᠷᠮ᠎ᠠ ᠶᠢᠨ ᠬᠢᠷᠢ ᠬᠡᠮᠵᠢᠶ᠎ᠡ ᠶᠢ ᠰᠠᠨᠠᠭᠠᠴᠢᠯᠠᠭ᠎ᠠ ᠠᠴᠠ ᠪᠠᠨ ᠪᠠᠭᠤᠷᠠᠭᠤᠯᠤᠨ᠂ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠢ ᠡᠷᠦᠬᠡ ᠶᠢᠨ ᠶᠠᠳᠠᠭᠤ ᠶᠢ ᠲᠡᠳᠭᠦᠬᠦ ᠪᠠᠭ᠎ᠠ ᠲᠣᠭᠠᠨ ᠤ ᠵᠢᠭᠡᠯᠡᠯᠭᠡ ᠳᠤ ᠦᠨᠳᠦᠰᠦᠨ ᠪᠠᠷᠢᠮᠵᠢᠶᠠᠲᠤ ᠬᠦᠦ ᠶᠢᠨ ᠨᠤᠷᠮ᠎ᠠ ᠶᠢ ᠬᠡᠷᠡᠭᠵᠢᠭᠦᠯᠬᠦ ᠬᠡᠷᠡᠭᠲᠡᠢ᠃ ᠰᠢᠨ᠎ᠡ ᠪᠠᠷ ᠣᠯᠭᠤᠭᠰᠠᠨ ᠶᠠᠳᠠᠭᠤ ᠶᠢ ᠲᠡᠳᠭᠦᠬᠦ ᠵᠢᠭᠡᠯᠡᠯᠭᠡ ᠳᠤ᠂ ᠵᠤᠭᠤᠰ ᠵᠢᠭᠡᠯᠡᠭᠰᠡᠨ ᠬᠦᠮᠦᠨ ᠤ ᠦᠢᠯᠡᠳᠪᠦᠷᠢᠯᠡᠯ ᠡᠵᠡᠩᠨᠡᠯᠲᠡ ᠶᠢᠨ ᠪᠣᠳᠠᠳᠤ ᠪᠠᠶᠢᠳᠠᠯ ᠪᠠ ᠣᠷᠣᠯᠭ᠎ᠠ ᠲᠠᠢ ᠪᠣᠯᠬᠤ ᠠᠷᠭ᠎ᠠ ᠬᠡᠯᠪᠡᠷᠢ ᠶᠢ ᠨᠢ ᠦᠨᠳᠦᠰᠦᠯᠡᠨ᠂ ᠵᠤᠭᠤᠰ ᠪᠤᠴᠠᠭᠠᠬᠤ ᠤᠶᠠᠨ ᠬᠠᠷᠢᠮᠠᠬᠠᠢ ᠲᠦᠯᠦᠪᠯᠡᠭᠡ ᠶᠢ ᠵᠦᠢ ᠵᠣᠬᠢᠰᠲᠠᠢ ᠲᠣᠭᠲᠠᠭᠠᠬᠤ ᠬᠡᠷᠡᠭᠲᠡᠢ︔ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠦᠶᠡᠯᠡᠯ ᠢ ᠦᠨᠳᠦᠰᠦᠯᠡᠵᠦ᠂ ᠣᠯᠠᠨ ᠵᠦᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠰᠤᠩᠭᠤᠯᠲᠠ ᠶᠢ ᠬᠠᠩᠭᠠᠬᠤ ᠬᠡᠷᠡᠭᠲᠡᠢ︔ ᠭᠠᠷᠳᠠᠮ ᠢ ᠳᠦᠭᠦᠮᠴᠢᠯᠡᠵᠦ᠂ ᠦᠢᠯᠡᠴᠢᠯᠡᠭᠡ ᠶᠢ ᠰᠢᠯᠢᠳᠡᠭᠵᠢᠭᠦᠯᠬᠦ ᠬᠡᠷᠡᠭᠲᠡᠢ᠃ ᠨᠢᠭᠡᠨᠲᠡ ᠣᠯᠭᠤᠭᠰᠠᠨ ᠪᠣᠯᠪᠠᠴᠤ ᠬᠤᠭᠤᠴᠠᠭ᠎ᠠ ᠶᠤᠰᠤᠭᠠᠷ ᠲᠦᠯᠦᠬᠦ ᠳᠤ ᠦᠨᠡᠨᠬᠦ ᠬᠦᠴᠢᠷ ᠲᠠᠢ ᠪᠠᠶᠢᠭ᠎ᠠ ᠶᠠᠳᠠᠭᠤ ᠶᠢ ᠲᠡᠳᠭᠦᠬᠦ ᠵᠢᠭᠡᠯᠡᠯᠭᠡ ᠶᠢ ︽ᠬᠤᠭᠤᠴᠠᠭ᠎ᠠ ᠶᠢ ᠨᠢ ᠤᠷᠲᠤᠳᠬᠠᠬᠤ︾ ᠪᠤᠶᠤ ︽ᠡᠬᠡ ᠮᠦᠩᠭᠦ ᠶᠢ ᠨᠢ ᠪᠤᠴᠠᠭᠠᠬᠤ ᠦᠭᠡᠢ ᠪᠠᠷ ᠵᠢᠭᠡᠯᠡᠯᠭᠡ ᠶᠢ ᠦᠷᠭᠦᠯᠵᠢᠯᠡᠭᠦᠯᠬᠦ︾ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠵᠤᠭᠤᠰ ᠪᠤᠴᠠᠭᠠᠬᠤ ᠬᠤᠭᠤᠴᠠᠭ᠎ᠠ ᠶᠢ ᠤᠷᠲᠤᠳᠬᠠᠬᠤ ᠶᠢᠨ ᠬᠠᠮᠲᠤ᠂ ᠵᠤᠭᠤᠰ ᠪᠤᠴᠠᠭᠠᠬᠤ ᠠᠷᠭ᠎ᠠ ᠬᠡᠯᠪᠡᠷᠢ ᠳᠤ ᠵᠣᠬᠢᠰᠲᠠᠢ ᠲᠣᠬᠢᠷᠠᠭᠤᠯᠤᠯᠲᠠ ᠬᠢᠬᠦ ᠬᠡᠷᠡᠭᠲᠡᠢ᠃      ᠭᠤᠷᠪᠠ᠂ ᠶᠡᠷᠦᠩᠬᠡᠶᠢᠯᠡᠭᠰᠡᠨ ᠪᠠᠷᠢᠴᠠᠭᠠᠯᠠᠵᠤ ᠳᠠᠨᠵᠢᠯᠠᠨ ᠳᠠᠭᠠᠭᠠᠯᠲᠠ ᠬᠢᠬᠦ ᠰᠢᠰᠲ᠋ᠧᠮᠵᠢ ᠶᠢ ᠪᠦᠷᠢᠨᠰᠢᠭᠦᠯᠬᠦ ᠬᠡᠷᠡᠭᠲᠡᠢ᠃ ᠪᠠᠩᠭᠢ ᠶᠢᠨ ᠦᠢᠯᠡᠰ ᠤᠨ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠢᠨ ᠳᠠᠭᠠᠭᠠᠯᠲᠠ ᠶᠢᠨ ᠪᠤᠳᠠᠰ ᠤᠨ ᠬᠠᠮᠢᠶᠠᠷᠤᠯᠲᠠ ᠶᠢᠨ ᠪᠠᠶᠢᠭᠤᠯᠤᠮᠵᠢ᠂ ᠳᠠᠭᠠᠳᠬᠠᠯ ᠤᠨ ᠺᠤᠮᠫᠠᠨᠢ ᠵᠡᠷᠭᠡ ᠯᠦᠭᠡ ᠬᠠᠮᠲᠤᠷᠠᠯᠴᠠᠬᠤ ᠶᠢ ᠠᠬᠢᠭᠤᠯᠵᠤ᠂ ᠬᠠᠳᠠᠭᠠᠯᠠᠭᠰᠠᠨ ᠪᠠᠷᠠᠭ᠎ᠠ ᠪᠠᠷ ᠢᠶᠠᠨ ᠪᠠᠷᠢᠴᠠᠭᠠᠯᠠᠵᠤ ᠳᠠᠨᠵᠢᠯᠠᠬᠤ᠂ ᠳᠠᠭᠠᠳᠬᠠᠯ ᠤᠨ ᠬᠠᠭᠤᠳᠠᠰᠤ ᠪᠠᠷ ᠢᠶᠠᠨ ᠳᠠᠨᠵᠢᠯᠠᠬᠤ᠂ ᠲᠠᠷᠢᠶᠠᠯᠠᠩ ᠤᠨ ᠮᠠᠰᠢᠨ ᠪᠣᠯᠣᠨ ᠪᠠᠭᠠᠵᠢ ᠬᠡᠷᠡᠭᠰᠡᠯ ᠢᠶᠠᠷ ᠢᠶᠠᠨ ᠪᠠᠷᠢᠴᠠᠭᠠᠯᠠᠬᠤ᠂ ᠮᠠᠯ ᠵᠢᠭᠦᠷᠲᠡᠨ ᠢᠶᠠᠷ ᠢᠶᠠᠨ ᠪᠠᠷᠢᠴᠠᠭᠠᠯᠠᠬᠤ᠂ ᠣᠯᠬᠤ ᠠᠰᠢᠭ ᠣᠯᠵᠠᠪᠤᠷᠢ ᠶᠢᠨ ᠡᠷᠬᠡ ᠪᠠᠷ ᠢᠶᠠᠨ ᠳᠠᠨᠵᠢᠯᠠᠬᠤ ᠪᠠ ᠮᠠᠯᠴᠢᠨ ᠲᠠᠷᠢᠶᠠᠴᠢᠳ ᠤᠨ ᠡᠳ᠋ ᠤᠨ ᠵᠠᠰᠠᠭ ᠤᠨ ᠨᠡᠮᠡᠭᠦᠷᠢ ᠳᠤ ᠢᠲᠡᠭᠡᠮᠵᠢ ᠨᠡᠮᠡᠭᠳᠡᠭᠦᠯᠬᠦ ᠠᠷᠭ᠎ᠠ ᠬᠡᠯᠪᠡᠷᠢ ᠪᠠᠷ ᠵᠢᠭᠡᠯᠡᠯᠭᠡ ᠠᠪᠬᠤ ᠠᠵᠢᠯ ᠢ ᠦᠷᠨᠢᠭᠦᠯᠵᠦ᠂ ᠲᠥᠭᠰᠢᠭᠦᠷᠢ ᠶᠢ ᠡᠵᠡᠮᠳᠡᠵᠦ ᠪᠣᠯᠬᠤ ᠤᠷᠢᠳᠠᠯ ᠳᠣᠣᠷ᠎ᠠ᠂ ᠬᠦᠳᠡᠯᠬᠦ ᠬᠦᠷᠦᠩᠭᠡ ᠶᠢ ᠭᠦᠢᠯᠭᠡᠭᠡᠵᠦ ᠡᠬᠢᠯᠡᠭᠦᠯᠬᠦ ᠬᠡᠷᠡᠭᠲᠡᠢ᠃ ︽ᠬᠤᠶᠠᠷ ᠡᠷᠬᠡ︾᠎ ᠶᠢᠨ ᠡᠷᠬᠡ ᠲᠤᠳᠤᠯᠠᠨ ᠲᠣᠭᠲᠠᠭᠠᠬᠤ ᠠᠵᠢᠯ ᠤᠨ ᠠᠬᠢᠴᠠ ᠶᠢ ᠲᠦᠷᠭᠡᠳᠭᠡᠵᠦ᠂ ᠶᠠᠳᠠᠭᠤ ᠬᠦᠴᠢᠷᠳᠡᠯᠲᠡᠢ ᠡᠷᠦᠬᠡ᠂ ᠲᠤᠰᠬᠠᠢ ᠠᠵᠢᠯ ᠤᠨ ᠬᠤᠷᠰᠢᠶ᠎ᠠ᠂ ᠬᠦᠲᠦᠴᠢ ᠠᠵᠤ ᠠᠬᠤᠶᠢᠯᠠᠯ ᠳᠤ ᠦᠮᠴᠢᠯᠡᠬᠦ ᠡᠷᠬᠡ ᠶᠢᠨ ᠭᠡᠷᠡᠴᠢ ᠶᠢ ᠤᠷᠢᠳᠠᠪᠠᠷ ᠭᠦᠢᠴᠡᠳᠭᠡᠵᠦ ᠥᠭᠬᠦ ᠬᠡᠷᠡᠭᠲᠡᠢ᠃ ᠮᠠᠯᠵᠢᠬᠤ ᠲᠠᠷᠢᠶᠠᠯᠠᠬᠤ ᠣᠷᠣᠨ ᠤ ᠦᠮᠴᠢᠯᠡᠬᠦ ᠡᠷᠬᠡ ᠠᠷᠠᠯᠵᠢᠶᠠᠯᠠᠬᠤ ᠦᠢᠯᠡᠴᠢᠯᠡᠭᠡᠨ ᠤ ᠲᠡᠪᠴᠡᠩ ᠢ ᠲᠦᠷᠭᠡᠳᠭᠡᠨ ᠪᠠᠶᠢᠭᠤᠯᠵᠤ᠂ ᠳᠠᠩᠰᠠᠯᠠᠨ ᠲᠡᠮᠲᠡᠭᠯᠡᠬᠦ᠂ ᠦᠨᠡᠯᠡᠨ ᠵᠢᠱᠢᠬᠦ᠂ ᠡᠷᠬᠢᠯᠳᠦᠭᠦᠯᠬᠦ ᠵᠡᠷᠭᠡ ᠦᠢᠯᠡᠴᠢᠯᠡᠭᠡᠨ ᠤ ᠴᠢᠳᠠᠮᠵᠢ ᠶᠢ ᠪᠡᠶᠡᠯᠡᠭᠦᠯᠦᠨ᠂ ᠮᠠᠯᠵᠢᠬᠤ ᠲᠠᠷᠢᠶᠠᠯᠠᠬᠤ ᠣᠷᠣᠨ ᠤ ᠦᠯᠡᠳᠡᠭᠡᠯ ᠡᠳ᠋ ᠬᠦᠷᠦᠩᠭᠡ ᠶᠢ ᠴᠢᠯᠦᠭᠡᠲᠡᠢ ᠭᠦᠢᠯᠭᠡᠭᠡᠬᠦ ᠬᠡᠷᠡᠭᠲᠡᠢ᠃ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠠᠵᠢᠯ ᠲᠦᠷᠦᠯ ᠤᠨ ᠬᠥᠭᠵᠢᠯᠲᠡ ᠶᠢᠨ ᠠᠵᠢᠯᠯᠠᠭᠠᠨ ᠤ ᠲᠦᠯᠦᠪᠯᠡᠭᠡ ︵2015 — 2017 ᠣᠨ︶︾᠎ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠰᠢᠶᠠᠨ ᠤ ᠬᠡᠪᠴᠢᠶᠡᠨ ᠤ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠪᠠᠶᠢᠭᠤᠯᠤᠮᠵᠢ ᠶᠢ ᠪᠦᠬᠦᠨ ᠳᠤ ᠬᠠᠮᠤᠷᠤᠭᠤᠯᠬᠤ ᠶᠢ ᠪᠡᠶᠡᠯᠡᠭᠦᠯᠬᠦ ᠬᠡᠷᠡᠭᠲᠡᠢ᠃ ᠦᠪᠦᠷ ᠮᠣᠩᠭᠤᠯ ᠤᠨ ᠼᠠᠢ ᠰᠢᠨ ᠲᠠᠷᠢᠶᠠᠯᠠᠩ ᠤᠨ ᠢᠲᠡᠭᠡᠮᠵᠢᠲᠦ ᠵᠢᠭᠡᠯᠡᠯᠭᠡ ᠶᠢᠨ ᠳᠠᠭᠠᠭᠠᠯᠲᠠ ᠶᠢᠨ ᠺᠤᠮᠫᠠᠨᠢ ᠪᠠ ᠤᠯᠤᠰ ᠤᠨ ᠦᠮᠴᠢᠯᠡᠯᠲᠦ ᠳᠠᠭᠠᠭᠠᠯᠲᠠ ᠶᠢᠨ ᠺᠤᠮᠫᠠᠨᠢ ᠨᠤᠭᠤᠳ ᠤᠨ ᠦᠢᠯᠡᠳᠦᠯ ᠢ ᠪᠠᠳᠠᠷᠠᠭᠤᠯᠵᠤ᠂ ᠶᠠᠳᠠᠭᠤ ᠬᠦᠴᠢᠷᠳᠡᠯᠲᠡᠢ ᠡᠷᠦᠬᠡ᠂ ᠲᠤᠰᠬᠠᠢ ᠠᠵᠢᠯ ᠤᠨ ᠬᠤᠷᠰᠢᠶ᠎ᠠ᠂ ᠬᠦᠲᠦᠴᠢ ᠠᠵᠤ ᠠᠬᠤᠶᠢᠯᠠᠯ ᠳᠤ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠬᠠᠩᠭᠠᠬᠤ ᠬᠡᠷᠡᠭᠲᠡᠢ᠃      ᠳᠥᠷᠪᠡ᠂ ᠳᠠᠭᠠᠳᠬᠠᠯ ᠤᠨ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠲᠠᠷᠢᠶᠠᠯᠠᠩ ᠤᠨ ᠳᠠᠭᠠᠳᠬᠠᠯ ᠤᠨ ᠳᠠᠭᠠᠳᠬᠠᠯ ᠳᠤ ᠣᠷᠤᠯᠴᠠᠬᠤ ᠨᠤᠷᠮ᠎ᠠ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ ᠲᠥᠷᠥ ᠶᠢᠨ ᠪᠣᠳᠣᠯᠭ᠎ᠠ ᠶᠢᠨ ᠴᠢᠨᠠᠷᠲᠠᠢ ᠲᠠᠷᠢᠶᠠᠯᠠᠩ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠥᠷᠭᠡᠳᠭᠡᠬᠦ ᠬᠡᠷᠡᠭᠲᠡᠢ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠦᠨ᠎ᠡ ᠬᠠᠩᠰᠢ ᠶᠢᠨ ᠳᠠᠭᠠᠳᠬᠠᠯ᠂ ᠭᠠᠷᠤᠯᠲᠠ ᠶᠢᠨ ᠥᠷᠲᠡᠭ ᠤᠨ ᠳᠠᠭᠠᠳᠬᠠᠯ᠂ ᠠᠵᠤ ᠠᠬᠤᠢ ᠶᠢᠨ ᠣᠢ ᠶᠢᠨ ᠪᠦᠲᠦᠭᠡᠭᠳᠡᠭᠦᠨ ᠤ ᠶᠠᠰᠤ ᠴᠢᠨᠠᠷ ᠤᠨ ᠳᠠᠭᠠᠳᠬᠠᠯ ᠤᠨ ᠲᠣᠷᠰᠢᠯᠲᠠ ᠶᠢ ᠦᠷᠨᠢᠭᠦᠯᠬᠦ ᠪᠠᠷ ᠳᠠᠮᠵᠢᠭᠤᠯᠵᠤ᠂ ᠶᠡᠭᠡ ᠭᠠᠮᠰᠢᠭ ᠤᠨ ᠳᠠᠭᠠᠳᠬᠠᠯ ᠢ ᠰᠦᠪᠡᠭᠴᠢᠯᠡᠨ ᠦᠷᠨᠢᠭᠦᠯᠵᠦ᠂ ᠭᠠᠮᠰᠢᠭ ᠤᠨ ᠳᠠᠷᠠᠭᠠᠬᠢ ᠠᠰᠠᠭᠤᠳᠠᠯ ᠤᠳ ᠢ ᠨᠠᠮᠳᠠᠭᠠᠨ ᠠᠷᠢᠯᠭᠠᠬᠤ ᠶᠢ ᠪᠡᠶᠡᠯᠡᠭᠦᠯᠦᠨ᠂ ᠲᠠᠷᠢᠶᠠᠯᠠᠩ ᠮᠠᠯ ᠠᠵᠤ ᠠᠬᠤᠢ ᠶᠢ ᠪᠠᠲᠤᠯᠠᠬᠤ ᠴᠢᠳᠠᠪᠤᠷᠢ ᠶᠢ ᠨᠢ ᠳᠡᠭᠡᠭᠰᠢᠯᠡᠭᠦᠯᠬᠦ ᠬᠡᠷᠡᠭᠲᠡᠢ᠃ ᠠᠮᠢ ᠨᠠᠰᠤ ᠡᠳ᠋ ᠬᠦᠷᠦᠩᠭᠡ ᠶᠢᠨ ᠳᠠᠭᠠᠳᠬᠠᠯ ᠤᠨ ᠬᠢᠨ ᠤ ᠶᠡᠷᠦᠩᠬᠡᠢ ᠭᠡᠯᠲᠠᠰ ᠤᠨ ᠢᠶᠠᠨ ︽ᠵᠠᠰᠠᠭ ᠤᠨ ᠲᠠᠯ᠎ᠠ ᠶᠢᠨ ᠪᠡᠯᠡ ᠲᠣᠬᠢᠷᠠᠭᠤᠯᠭ᠎ᠠ ᠶᠢᠨ ᠳᠠᠭᠠᠭᠠᠯᠲᠠ︾᠎ ᠶᠢᠨ ᠶᠠᠳᠠᠭᠤ ᠶᠢ ᠲᠡᠳᠭᠦᠬᠦ ᠲᠤᠰᠬᠠᠢ ᠵᠦᠢᠯ ᠤᠨ ᠪᠡᠯᠡ ᠮᠦᠩᠭᠦ ᠶᠢ ᠴᠢᠷᠮᠠᠶᠢᠨ ᠣᠯᠬᠤ ᠶᠢ ᠨᠢ ᠳᠡᠮᠵᠢᠵᠦ᠂ ᠶᠠᠳᠠᠭᠤ ᠬᠦᠴᠢᠷᠳᠡᠯᠲᠡᠢ ᠭᠠᠵᠠᠷ ᠣᠷᠣᠨ ᠪᠠ ᠶᠠᠳᠠᠭᠤ ᠬᠦᠴᠢᠷᠳᠡᠯᠲᠡᠢ ᠡᠷᠦᠬᠡ ᠳᠤ ᠪᠡᠯᠡ ᠲᠣᠬᠢᠷᠠᠭᠤᠯᠭ᠎ᠠ ᠬᠢᠬᠦ ᠬᠡᠷᠡᠭᠲᠡᠢ᠃ ᠡᠯ᠎ᠡ ᠳᠠᠭᠠᠳᠬᠠᠯ ᠤᠨ ᠺᠤᠮᠫᠠᠨᠢ ᠶᠢᠨ ᠨᠡᠷᠡᠳᠭᠦᠨ ᠳᠡᠭᠡᠨ ᠰᠢᠨ᠎ᠡ ᠶᠢ ᠡᠭᠦᠳᠬᠦ ᠶᠢ ᠵᠣᠷᠢᠬᠵᠢᠭᠤᠯᠵᠤ᠂ ︽ᠪᠠᠩᠭᠢ ᠪᠠ ᠳᠠᠭᠠᠳᠬᠠᠯ︾᠂ ︽ᠵᠠᠰᠠᠭ ᠪᠠᠩᠭᠢ ᠳᠠᠭᠠᠳᠬᠠᠯ ᠳᠠᠭᠠᠭᠠᠯᠲᠠ︾ ᠵᠡᠷᠭᠡ ᠶᠢᠨ ᠬᠢᠨ ᠤ ᠬᠠᠮᠲᠤᠷᠠᠯᠴᠠᠬᠤ ᠵᠠᠭᠪᠤᠷ ᠢ ᠪᠠᠶᠢᠭᠤᠯᠵᠤ᠂ ᠪᠠᠩᠭᠢ ᠶᠢᠨ ᠢᠲᠡᠭᠡᠮᠵᠢᠲᠦ ᠵᠢᠭᠡᠯᠡᠯᠭᠡ ᠶᠢᠨ ᠪᠡᠯᠡ ᠮᠦᠩᠭᠦ ᠶᠢ ᠬᠦᠳᠡᠯᠭᠡᠨ ᠭᠦᠢᠯᠭᠡᠭᠡᠬᠦ ᠬᠡᠷᠡᠭᠲᠡᠢ᠃ ᠮᠠᠯᠵᠢᠬᠤ ᠲᠠᠷᠢᠶᠠᠯᠠᠬᠤ ᠣᠷᠣᠨ ᠤ ᠭᠡᠨᠡᠳᠲᠡ ᠶᠢᠨ ᠠᠳᠡᠯ ᠤᠨ ᠳᠠᠭᠠᠳᠬᠠᠯ᠂ ᠬᠦᠨᠳᠦ ᠡᠪᠡᠳᠴᠢᠨ ᠳᠤ ᠵᠣᠭᠤᠰ ᠥᠭᠬᠦ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠵᠡᠷᠭᠡ ᠶᠢ ᠢᠳᠡᠪᠬᠢᠲᠡᠢ ᠳᠡᠯᠭᠡᠷᠡᠭᠦᠯᠵᠦ᠂ ᠬᠤᠳᠠᠯᠳᠤᠭᠠᠨ ᠤ ᠳᠠᠭᠠᠳᠬᠠᠯ ᠬᠢᠭᠡᠳ ᠡᠮᠴᠢᠯᠡᠭᠡᠨ ᠤ ᠦᠨᠳᠦᠰᠦᠨ ᠳᠠᠭᠠᠳᠬᠠᠯ ᠢ ᠤᠷᠭᠠᠨᠢᠭ ᠢᠶᠠᠷ ᠤᠶᠠᠯᠳᠤᠭᠤᠯᠬᠤ ᠪᠠᠷ ᠳᠠᠮᠵᠢᠭᠤᠯᠤᠨ᠂ ᠪᠠᠲᠤᠯᠠᠬᠤ ᠬᠢᠷᠢ ᠬᠡᠮᠵᠢᠶ᠎ᠡ ᠶᠢ ᠨᠢ ᠳᠡᠭᠡᠭᠰᠢᠯᠡᠭᠦᠯᠬᠦ ᠬᠡᠷᠡᠭᠲᠡᠢ᠃      ᠲᠠᠪᠤ᠂ ᠶᠠᠳᠠᠭᠤ ᠶᠢ ᠲᠡᠳᠭᠦᠬᠦ ᠶᠢᠨ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠳᠤᠮᠳᠠᠳᠤ ᠤᠯᠤᠰ ᠤᠨ ᠠᠷᠠᠳ ᠤᠨ ᠪᠠᠩᠭᠢ᠂ ᠳᠤᠮᠳᠠᠳᠤ ᠤᠯᠤᠰ ᠤᠨ ᠪᠠᠩᠭᠢ ᠶᠢᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠵᠦᠪᠯᠡᠯ ᠤᠨ ︽ᠰᠢᠶᠠᠨ ᠤ ᠬᠡᠪᠴᠢᠶᠡᠨ ᠤ ᠬᠠᠤᠯᠢ ᠶᠢᠨ ᠡᠷᠬᠡᠲᠦ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠷᠢᠬᠵᠢᠭᠤᠯᠵᠤ ᠰᠢᠨ᠎ᠡ ᠪᠠᠷ ᠨᠡᠮᠡᠭᠳᠡᠭᠰᠡᠨ ᠬᠠᠳᠠᠭᠠᠯᠠᠮᠵᠢ ᠶᠢ ᠲᠣᠬᠠᠢ ᠶᠢᠨ ᠭᠠᠵᠠᠷ ᠤᠨ ᠵᠢᠭᠡᠯᠡᠯᠭᠡ ᠳᠤ ᠵᠣᠬᠢᠬᠤ ᠬᠠᠷᠢᠴᠠᠯ ᠢᠶᠠᠷ ᠬᠡᠷᠡᠭᠯᠡᠬᠦ ᠶᠢ ᠨᠢ ᠰᠢᠯᠭᠠᠨ ᠬᠢᠨᠠᠬᠤ ᠲᠣᠬᠠᠢ ᠠᠷᠭ᠎ᠠ ︵ᠲᠣᠷᠰᠢᠨ ᠬᠡᠷᠡᠭᠵᠢᠭᠦᠯᠬᠦ︶︾ ︵ᠪᠠᠩᠭᠢ ᠲᠠᠷᠬᠠᠭᠠᠭᠰᠠᠨ ﹇2010﹈ 262 ᠳ᠋ᠤᠭᠠᠷ ᠲᠣᠭᠠᠲᠤ︶᠎ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠶᠠᠳᠠᠭᠤ ᠬᠦᠴᠢᠷᠳᠡᠯᠲᠡᠢ ᠭᠠᠵᠠᠷ ᠣᠷᠣᠨ ᠤ ᠬᠠᠤᠯᠢ ᠶᠢᠨ ᠡᠷᠬᠡᠲᠦ ᠮᠦᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠰᠢᠨ᠎ᠡ ᠪᠠᠷ ᠨᠡᠮᠡᠭᠳᠡᠭᠰᠡᠨ ᠬᠠᠳᠠᠭᠠᠯᠠᠮᠵᠢ ᠶᠢ ᠲᠣᠬᠠᠢ ᠶᠢᠨ ᠭᠠᠵᠠᠷ ᠤᠨ ᠢᠲᠡᠭᠡᠮᠵᠢᠲᠦ ᠵᠢᠭᠡᠯᠡᠯᠭᠡ ᠲᠠᠯᠪᠢᠬᠤ ᠳᠤ ᠭᠤᠣᠯ ᠬᠡᠷᠡᠭᠯᠡᠬᠦ ᠬᠡᠷᠡᠭᠲᠡᠢ᠃ ᠬᠤᠰᠢᠭᠤ ᠰᠢᠶᠠᠨ ︵ᠬᠤᠲᠠ᠂ ᠲᠣᠭᠤᠷᠢᠭ︶᠎ ᠢᠶᠠᠷ ᠨᠢᠭᠡᠴᠢ ᠪᠣᠯᠭᠠᠵᠤ᠂ ᠡᠯ᠎ᠡ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠢᠭᠡᠯᠡᠯᠭᠡ ᠶᠢᠨ ᠨᠡᠮᠡᠭᠳᠡᠭᠰᠡᠨ᠂ ᠶᠠᠳᠠᠭᠤ ᠶᠢ ᠲᠡᠳᠭᠦᠬᠦ ᠵᠢᠭᠡᠯᠡᠯᠭᠡ ᠲᠠᠯᠪᠢᠭᠰᠠᠨ᠂ ᠶᠠᠳᠠᠭᠤ ᠶᠢ ᠲᠡᠳᠭᠦᠬᠦ ᠳᠠᠬᠢᠨ ᠵᠢᠭᠡᠯᠡᠯᠭᠡ᠂ ᠵᠢᠵᠢᠭ ᠪᠢᠴᠢᠯ ᠠᠵᠤ ᠠᠬᠤᠶᠢᠯᠠᠯ ᠢ ᠲᠤᠰᠠᠯᠠᠬᠤ ᠳᠠᠬᠢᠨ ᠵᠢᠭᠡᠯᠡᠯᠭᠡ ᠪᠣᠯᠣᠨ ᠲᠠᠷᠢᠶᠠᠯᠠᠩ ᠢ ᠲᠤᠰᠠᠯᠠᠬᠤ ᠳᠠᠬᠢᠨ ᠵᠢᠭᠡᠯᠡᠯᠭᠡ ᠶᠢᠨ ᠬᠡᠷᠡᠭᠯᠡᠭᠰᠡᠨ ᠪᠠᠶᠢᠳᠠᠯ ᠢ ᠶᠡᠷᠦᠩᠬᠡᠶᠢᠯᠡᠨ ᠰᠢᠯᠭᠠᠨ ᠦᠨᠡᠯᠡᠵᠦ᠂ ᠢᠯᠡᠷᠡᠯ ᠢᠶᠠᠷ ᠳᠤᠪᠤᠶᠢᠮ᠎ᠠ ᠳᠤᠨᠢ ᠵᠢᠭᠡᠯᠡᠯᠭᠡ ᠶᠢᠨ ᠱᠠᠩᠨᠠᠯ ᠨᠦᠬᠦᠪᠦᠷᠢ ᠶᠢ ᠰᠢᠨ᠎ᠡ ᠪᠠᠷ ᠨᠡᠮᠡᠭᠳᠡᠭᠦᠯᠬᠦ ᠵᠡᠷᠭᠡ ᠤᠷᠮᠠᠰᠢᠭᠤᠯᠬᠤ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠬᠡᠷᠡᠭᠲᠡᠢ᠃ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠭᠢ᠂ ᠲᠠᠷᠢᠶᠠᠯᠠᠩ ᠤᠨ ᠪᠠᠩᠭᠢ᠂ ᠬᠦᠳᠡᠭᠡ ᠲᠤᠰᠬᠤᠨ ᠤ ᠢᠲᠡᠭᠡᠮᠵᠢ ᠶᠢᠨ ᠬᠤᠷᠰᠢᠶ᠎ᠠ᠂ ᠰᠢᠦᠳᠠᠨ ᠤ ᠬᠠᠳᠠᠭᠠᠯᠠᠮᠵᠢ ᠶᠢᠨ ᠪᠠᠩᠭᠢ᠂ ᠲᠠᠷᠢᠶᠠᠯᠠᠩ ᠳᠤ ᠬᠤᠯᠪᠣᠭᠳᠠᠬᠤ ᠳᠠᠭᠠᠳᠬᠠᠯ ᠪᠣᠯᠣᠨ ᠲᠠᠷᠢᠶᠠᠯᠠᠩ ᠤᠨ ᠳᠠᠭᠠᠭᠠᠯᠲᠠ ᠵᠡᠷᠭᠡ ᠮᠦᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠨᠢ ᠲᠠᠷᠢᠶᠠᠯᠠᠩ ᠮᠠᠯ ᠠᠵᠤ ᠠᠬᠤᠢ ᠶᠢ ᠲᠤᠰᠠᠯᠠᠬᠤ᠂ ᠶᠠᠳᠠᠭᠤ ᠶᠢ ᠲᠡᠳᠭᠦᠬᠦ ᠪᠠ ᠵᠢᠵᠢᠭ ᠪᠢᠴᠢᠯ ᠠᠵᠤ ᠠᠬᠤᠶᠢᠯᠠᠯ ᠢ ᠲᠤᠰᠠᠯᠠᠬᠤ ᠲᠠᠯ᠎ᠠ ᠪᠠᠷ ᠬᠢ ᠵᠢᠱᠢᠶ᠎ᠡ ᠦᠵᠡᠭᠦᠯᠵᠦ ᠳᠠᠶᠢᠴᠢᠯᠠᠬᠤ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠶᠠᠳᠠᠭᠤ ᠠᠴᠠ ᠠᠩᠬᠢᠵᠢᠷᠠᠭᠤᠯᠵᠤ ᠪᠤᠭᠤᠮᠲᠠ ᠰᠢᠪᠲᠤᠯᠬᠤ ᠶᠢ ᠰᠢᠯᠭᠠᠨ ᠦᠨᠡᠯᠡᠬᠦ ᠪᠠ ᠵᠥᠪ ᠢᠶᠠᠷ ᠤᠷᠮᠠᠰᠢᠭᠤᠯᠬᠤ ᠲᠣᠭᠲᠠᠴᠠ ᠶᠢ ᠪᠠᠶᠢᠭᠤᠯᠤᠨ᠂ ᠲᠤᠰᠢᠶᠠᠯ ᠢᠶᠠᠨ ᠭᠦᠢᠴᠡᠳᠭᠡᠪᠡᠰᠦ ᠬᠠᠷᠢᠭᠤᠴᠠᠯᠭ᠎ᠠ ᠠᠴᠠ ᠬᠡᠯᠲᠦᠷᠢᠭᠦᠯᠵᠦ᠂ ᠠᠵᠢᠯᠲᠠᠳ ᠤᠨ ᠢᠳᠡᠪᠬᠢᠵᠢᠯ ᠢ ᠳᠠᠶᠢᠴᠢᠯᠠᠬᠤ ᠬᠡᠷᠡᠭᠲᠡᠢ᠃       ᠵᠢᠷᠭᠤᠭ᠎ᠠ᠂ ᠡᠳ᠋ ᠤᠨ ᠵᠠᠰᠠᠭ ᠭᠠᠶᠢᠯᠢ ᠮᠦᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠬᠢ ᠬᠠᠮᠵᠢᠯᠴᠠᠭ᠎ᠠ ᠶᠢ ᠴᠢᠩᠭᠠᠳᠬᠠᠬᠤ ᠬᠡᠷᠡᠭᠲᠡᠢ᠃ ᠲᠠᠷᠢᠶᠠᠴᠢᠨ ᠡᠷᠦᠬᠡ ᠶᠢᠨ ᠵᠢᠭᠡᠯᠡᠯᠭᠡ ᠶᠢᠨ ᠭᠠᠶᠢᠯᠢ ᠶᠢ ᠭᠦᠩᠭᠡᠯᠡᠬᠦ᠂ ᠲᠠᠷᠢᠶᠠᠯᠠᠩ ᠳᠤ ᠬᠤᠯᠪᠣᠭᠳᠠᠬᠤ ᠵᠢᠭᠡᠯᠡᠯᠭᠡ ᠶᠢᠨ ᠨᠡᠮᠡᠭᠳᠡᠯ ᠢ ᠱᠠᠩᠨᠠᠨ ᠬᠦᠬᠢᠭᠦᠯᠬᠦ᠂ ᠬᠦᠳᠡᠭᠡ ᠲᠤᠰᠬᠤᠨ ᠤ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠣᠭᠲᠠᠭᠰᠠᠨ ᠴᠢᠭᠯᠡᠯ ᠢᠶᠠᠷ ᠵᠠᠷᠤᠳᠠᠯ ᠤᠨ ᠨᠡᠮᠡᠭᠦᠷᠢ ᠣᠯᠭᠤᠬᠤ᠂ ᠠᠳᠠᠯ ᠦᠢᠯᠡᠰ ᠴᠤᠭᠴᠠᠯᠠᠬᠤ ᠳᠠᠭᠠᠭᠠᠯᠲᠠ ᠶᠢᠨ ᠵᠢᠭᠡᠯᠡᠯᠭᠡ ᠳᠤ ᠳᠠᠮ ᠬᠦᠦ ᠥᠭᠬᠦ ᠵᠢᠴᠢ ᠱᠠᠩᠨᠠᠵᠤ ᠨᠦᠬᠦᠪᠦᠷᠢᠯᠡᠬᠦ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠬᠦ ᠶᠢ ᠪᠤᠶᠢᠵᠢᠭᠤᠯᠤᠨ ᠲᠡᠳᠭᠦᠬᠦ ᠪᠠ ᠱᠠᠩᠨᠠᠵᠤ ᠨᠦᠬᠦᠪᠦᠷᠢᠯᠡᠬᠦ ᠵᠡᠷᠭᠡ ᠲᠥᠷᠥ ᠶᠢᠨ ᠪᠣᠳᠣᠯᠭ᠎ᠠ ᠶᠢ ᠠᠬᠢᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠢ ᠬᠠᠪᠰᠤᠷᠴᠤ ᠪᠠᠶᠢᠭᠠᠳ ᠪᠡᠯᠡ ᠲᠣᠬᠢᠷᠠᠭᠤᠯᠭ᠎ᠠ ᠬᠢᠬᠦ ᠵᠠᠮ ᠮᠥᠷ ᠢ ᠨᠢ ᠥᠷᠭᠡᠵᠢᠭᠦᠯᠬᠦ ᠬᠡᠷᠡᠭᠲᠡᠢ᠃ ᠭᠤᠣᠯ ᠪᠣᠯᠬᠤ ᠲᠠᠷᠢᠮᠠᠯ ᠤᠨ ᠵᠦᠢᠯ ᠪᠠ ᠲᠡᠵᠢᠭᠡᠪᠦᠷᠢ ᠶᠢᠨ ᠡᠭᠦᠯᠳᠡᠷ ᠤᠨ ᠳᠠᠭᠠᠳᠬᠠᠯ ᠳᠤ᠂ ᠳᠠᠭᠠᠳᠬᠠᠯ ᠤᠨ ᠵᠠᠷᠤᠳᠠᠯ ᠤᠨ ᠨᠡᠮᠡᠭᠦᠷᠢ ᠶᠢ ᠵᠣᠬᠢᠬᠤ ᠬᠠᠷᠢᠴᠠᠯ ᠢᠶᠠᠷ ᠣᠯᠭᠤᠬᠤ ᠬᠡᠷᠡᠭᠲᠡᠢ᠃ 2017 ᠣᠨ ᠠᠴᠠ 2020 ᠣᠨ ᠪᠣᠯᠲᠠᠯ᠎ᠠ᠂ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠢ ᠡᠷᠦᠬᠡ ᠶᠢᠨ ᠶᠠᠳᠠᠭᠤ ᠶᠢ ᠲᠡᠳᠭᠦᠬᠦ ᠪᠠᠭ᠎ᠠ ᠲᠣᠭᠠᠨ ᠤ ᠵᠢᠭᠡᠯᠡᠯᠭᠡ ᠳᠤᠨᠢ ᠵᠢᠯ ᠪᠦᠷᠢ 5%᠎ ᠶᠢᠨ ᠳᠠᠮ ᠬᠦᠦ ᠶᠢ ᠪᠦᠬᠦ ᠶᠠᠪᠤᠴᠠ ᠳᠤ ᠪᠦᠬᠦ ᠲᠤᠭ᠎ᠠ ᠪᠠᠷ ᠣᠯᠭᠤᠬᠤ ᠬᠡᠷᠡᠭᠲᠡᠢ᠃       ᠳᠤᠯᠤᠭ᠎ᠠ᠂ ᠶᠠᠳᠠᠭᠤ ᠬᠦᠴᠢᠷᠳᠡᠯᠲᠡᠢ ᠡᠷᠦᠬᠡ ᠶᠢᠨ ᠮᠡᠳᠡᠭᠡ ᠵᠠᠩᠭᠢ ᠶᠢ ᠬᠠᠮᠲᠤᠪᠠᠷ ᠬᠦᠷᠲᠡᠬᠦ ᠲᠡᠪᠴᠡᠩ ᠢ ᠪᠠᠶᠢᠭᠤᠯᠬᠤ ᠬᠡᠷᠡᠭᠲᠡᠢ᠃ ᠪᠦᠬᠦ ᠤᠯᠤᠰ ᠤᠨ ᠶᠠᠳᠠᠭᠤ ᠶᠢ ᠲᠡᠳᠭᠦᠵᠦ ᠨᠡᠭᠡᠭᠡᠨ ᠬᠥᠭᠵᠢᠭᠦᠯᠬᠦ ᠮᠡᠳᠡᠭᠡ ᠵᠠᠩᠭᠢ ᠶᠢᠨ ᠰᠢᠰᠲ᠋ᠧᠮ ᠤᠨ ᠰᠠᠭᠤᠷᠢᠨ ᠳᠡᠭᠡᠷ᠎ᠡ᠂ ᠮᠦᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠭᠦᠭᠦᠯᠬᠦ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠢ ᠡᠷᠦᠬᠡ ᠶᠢᠨ ᠮᠡᠳᠡᠭᠡ ᠵᠠᠩᠭᠢ ᠶᠢ ᠬᠠᠮᠲᠤᠪᠠᠷ ᠬᠦᠷᠲᠡᠬᠦ ᠲᠡᠪᠴᠡᠩ ᠢ ᠪᠠᠶᠢᠭᠤᠯᠬᠤ ᠬᠡᠷᠡᠭᠲᠡᠢ᠃ ᠬᠤᠰᠢᠭᠤ ᠰᠢᠶᠠᠨ ︵ᠬᠤᠲᠠ᠂ ᠲᠣᠭᠤᠷᠢᠭ︶᠎ ᠢᠶᠠᠷ ᠨᠢᠭᠡᠴᠢ ᠪᠣᠯᠭᠠᠵᠤ᠂ ᠶᠠᠳᠠᠭᠤ ᠶᠢ ᠲᠡᠳᠭᠦᠬᠦ ᠰᠠᠯᠠᠭ᠎ᠠ ᠮᠦᠴᠢᠷ ᠨᠢ ᠲᠡᠪᠴᠡᠩ ᠢᠶᠠᠷ ᠳᠠᠮᠵᠢᠭᠤᠯᠤᠨ ᠵᠢᠭᠡᠯᠡᠯᠭᠡ ᠠᠪᠬᠤ ᠡᠷᠦᠬᠡ ᠶᠢ ᠲᠠᠨᠢᠯᠴᠠᠭᠤᠯᠤᠨ᠎ᠠ︔ ᠡᠯ᠎ᠡ ᠮᠦᠩᠭᠦᠨ ᠭᠦᠢᠯᠭᠡᠭᠡᠨ ᠤ ᠪᠠᠶᠢᠭᠤᠯᠤᠮᠵᠢ ᠨᠢ ᠬᠠᠮᠢᠶ᠎ᠠ ᠪᠦᠬᠦᠢ ᠮᠡᠳᠡᠭᠡ ᠵᠠᠩᠭᠢ ᠶᠢ ᠣᠯᠬᠤ ᠶᠢᠨ ᠬᠠᠮᠲᠤ᠂ ᠮᠦᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠭᠦᠬᠦ ᠵᠢᠭᠡᠯᠡᠯᠭᠡ ᠶᠢᠨ ᠮᠡᠳᠡᠭᠡ ᠵᠠᠩᠭᠢ ᠶᠢ ᠰᠠᠷ᠎ᠠ ᠪᠠᠷ ᠨᠡᠶᠢᠲᠡᠯᠡᠬᠦ ᠬᠡᠷᠡᠭᠲᠡᠢ︔ ᠠᠷᠠᠳ ᠤᠨ ᠪᠠᠩᠭᠢ ᠨᠢ ᠬᠠᠮᠢᠶ᠎ᠠ ᠪᠦᠬᠦᠢ ᠲᠤᠭ᠎ᠠ ᠪᠦᠷᠢᠳᠭᠡᠯ ᠤᠨ ᠠᠵᠢᠯ ᠢ ᠰᠠᠶᠢᠲᠤᠷ ᠬᠢᠬᠦ ᠶᠢᠨ ᠬᠠᠮᠲᠤ᠂ ᠬᠤᠷᠢᠶᠠᠩᠭᠤᠶᠢᠯᠠᠭᠰᠠᠨ ᠮᠡᠳᠡᠭᠡ ᠵᠠᠩᠭᠢ ᠶᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠵᠦ᠂ ᠮᠦᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠭᠦᠬᠦ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤᠪᠠᠷ ᠬᠦᠷᠲᠡᠬᠦ ᠶᠢ ᠪᠡᠶᠡᠯᠡᠭᠦᠯᠬᠦ ᠬᠡᠷᠡᠭᠲᠡᠢ᠃      ᠨᠠᠢᠮᠠ᠂ ᠶᠠᠳᠠᠭᠤ ᠬᠦᠴᠢᠷᠳᠡᠯᠲᠡᠢ ᠭᠠᠵᠠᠷ ᠣᠷᠣᠨ ᠤ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ᠂ ᠣᠢ ᠰᠢᠭᠤᠢ ᠶᠢᠨ ᠲᠠᠯᠠᠪᠠᠢ᠂ ᠲᠤᠮᠤ ᠲᠤᠰᠬᠠᠢ ᠡᠷᠦᠬᠡ᠂ ᠲᠤᠰᠬᠠᠢ ᠠᠵᠢᠯ ᠤᠨ ᠬᠤᠷᠰᠢᠶ᠎ᠠ᠂ ᠬᠦᠲᠦᠴᠢ ᠠᠵᠤ ᠠᠬᠤᠶᠢᠯᠠᠯ ᠵᠡᠷᠭᠡ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠤᠭᠴᠠ ᠪᠠᠷ ᠭᠤᠣᠯᠳᠠᠯᠭ᠎ᠠ ᠪᠣᠯᠭᠠᠵᠤ᠂ ︽ᠢᠲᠡᠭᠡᠮᠵᠢᠲᠦ ᠲᠤᠰᠬᠤᠨ︾᠂ ︽ᠢᠲᠡᠭᠡᠮᠵᠢᠲᠦ ᠡᠷᠦᠬᠡ︾᠎ ᠶᠢ ᠡᠭᠦᠳᠦᠨ ᠪᠠᠶᠢᠭᠤᠯᠬᠤ ᠠᠵᠢᠯ ᠢ ᠠᠬᠢᠭᠤᠯᠤᠨ᠂ ᠶᠠᠳᠠᠭᠤ ᠬᠦᠴᠢᠷᠳᠡᠯᠲᠡᠢ ᠭᠠᠵᠠᠷ ᠣᠷᠣᠨ ᠤ ᠮᠠᠯᠴᠢᠨ ᠲᠠᠷᠢᠶᠠᠴᠢᠨ ᠡᠷᠦᠬᠡ ᠶᠢᠨ ᠢᠲᠡᠭᠡᠮᠵᠢ ᠶᠢᠨ ᠳᠡᠰ ᠵᠡᠷᠭᠡ ᠶᠢ ᠳᠡᠭᠡᠭᠰᠢᠯᠡᠭᠦᠯᠬᠦ᠂ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠦᠪᠡᠷ ᠤᠨ ᠥᠷᠲᠡᠭ ᠪᠠ ᠲᠥᠭᠰᠢᠭᠦᠷᠢ ᠶᠢ ᠪᠠᠭᠤᠷᠠᠭᠤᠯᠬᠤ ᠵᠡᠷᠭᠡ ᠲᠠᠯ᠎ᠠ ᠳᠠᠬᠢ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠴᠢᠬᠤᠯᠠ ᠦᠢᠯᠡᠳᠦᠯ ᠢ ᠦᠨᠡᠨᠬᠦ ᠪᠠᠳᠠᠷᠠᠭᠤᠯᠬᠤ ᠬᠡᠷᠡᠭᠲᠡᠢ᠃ ᠬᠤᠰᠢᠭᠤ ᠰᠢᠶᠠᠨ ︵ᠬᠤᠲᠠ᠂ ᠲᠣᠭᠤᠷᠢᠭ︶᠎ ᠢᠶᠠᠷ ᠨᠢᠭᠡᠴᠢ ᠪᠣᠯᠭᠠᠵᠤ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ᠂ ᠦᠨᠳᠦᠰᠦᠨ ᠱᠠᠲᠤᠨ ᠤ ᠰᠠᠯᠠᠭ᠎ᠠ ᠮᠦᠴᠢᠷ᠂ ᠪᠠᠶᠠᠵᠢᠯ ᠤᠨ ᠳᠠᠭᠠᠭᠤᠯᠤᠭᠴᠢ ᠪᠠ ᠮᠦᠩᠭᠦᠨ ᠭᠦᠢᠯᠭᠡᠭᠡᠨ ᠤ ᠪᠠᠶᠢᠭᠤᠯᠤᠮᠵᠢ ᠵᠡᠷᠭᠡ ᠣᠯᠠᠨ ᠲᠠᠯ᠎ᠠ ᠶᠢᠨ ᠬᠢᠨ ᠤ ᠣᠷᠤᠯᠴᠠᠭᠰᠠᠨ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠢ ᠡᠷᠦᠬᠡ ᠶᠢᠨ ᠢᠲᠡᠭᠡᠮᠵᠢ ᠶᠢᠨ ᠳᠡᠰ ᠵᠡᠷᠭᠡ ᠶᠢ ᠦᠨᠡᠯᠡᠨ ᠲᠣᠭᠲᠠᠭᠠᠬᠤ ᠳᠦᠷᠢᠮ ᠢ ᠪᠦᠷᠢᠨᠰᠢᠭᠦᠯᠵᠦ᠂ ᠴᠢᠭᠯᠡᠭᠦᠯᠬᠦ ᠴᠢᠨᠠᠷᠲᠠᠢ ᠢᠲᠡᠭᠡᠮᠵᠢ ᠦᠨᠡᠯᠡᠬᠦ ᠭᠦᠢᠴᠡᠳᠭᠡᠯ ᠲᠣᠭᠠᠨ ᠤ ᠰᠢᠰᠲ᠋ᠧᠮᠵᠢ ᠶᠢ ᠰᠦᠪᠡᠭᠴᠢᠯᠡᠨ ᠪᠠᠶᠢᠭᠤᠯᠵᠤ᠂ ᠳᠡᠰ ᠵᠡᠷᠭᠡ ᠶᠢ ᠦᠨᠡᠯᠡᠵᠦ ᠢᠲᠡᠭᠡᠮᠵᠢ ᠣᠯᠭᠤᠬᠤ ᠠᠵᠢᠯ ᠢ ᠪᠦᠬᠦ ᠲᠠᠯ᠎ᠠ ᠪᠠᠷ ᠦᠷᠨᠢᠭᠦᠯᠬᠦ ᠬᠡᠷᠡᠭᠲᠡᠢ᠃ ᠡᠯ᠎ᠡ ᠮᠦᠩᠭᠦᠨ ᠭᠦᠢᠯᠭᠡᠭᠡᠨ ᠤ ᠪᠠᠶᠢᠭᠤᠯᠤᠮᠵᠢ ᠨᠢ ᠳᠡᠰ ᠵᠡᠷᠭᠡ ᠶᠢᠨ ᠦᠨᠡᠯᠡᠭᠰᠡᠨ ᠦᠷ᠎ᠡ ᠳ᠋ᠦᠩ ᠢ ᠬᠠᠮᠲᠤᠪᠠᠷ ᠬᠡᠷᠡᠭᠯᠡᠵᠦ ᠬᠠᠮᠲᠤᠪᠠᠷ ᠬᠦᠷᠲᠡᠨ᠂ ᠢᠲᠡᠭᠡᠮᠵᠢ ᠶᠢᠨ ᠳᠡᠰ ᠵᠡᠷᠭᠡ ᠶᠢ ᠦᠨᠳᠦᠰᠦᠯᠡᠨ ᠶᠠᠳᠠᠭᠤ ᠬᠦᠴᠢᠷᠳᠡᠯᠲᠡᠢ ᠡᠷᠦᠬᠡ ᠳᠤ ᠳᠠᠭᠠᠭᠠᠯᠲᠠ ᠬᠢᠬᠦ ᠠᠴᠠ ᠬᠡᠯᠲᠦᠷᠢᠭᠦᠯᠦᠭᠰᠡᠨ᠂ ᠪᠠᠷᠢᠴᠠᠭᠠᠯᠠᠬᠤ ᠠᠴᠠ ᠬᠡᠯᠲᠦᠷᠢᠭᠦᠯᠦᠭᠰᠡᠨ᠂ ᠦᠨᠳᠦᠰᠦᠨ ᠪᠠᠷᠢᠮᠵᠢᠶᠠᠲᠤ ᠬᠦᠦ ᠶᠢᠨ ᠨᠤᠷᠮ᠎ᠠ ᠲᠠᠢ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢ ᠲᠠᠯᠪᠢᠬᠤ ᠬᠡᠷᠡᠭᠲᠡᠢ᠃      ᠶᠢᠰᠦ᠂ ᠮᠦᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠪᠠ ᠮᠦᠩᠭᠦᠨ ᠭᠦᠢᠯᠭᠡᠭᠡᠨ ᠤ ᠮᠡᠳᠡᠯᠭᠡ ᠶᠢᠨ ᠤᠬᠠᠭᠤᠯᠤᠨ ᠪᠣᠯᠪᠠᠰᠤᠷᠠᠭᠤᠯᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠶᠠᠳᠠᠭᠤ ᠬᠦᠴᠢᠷᠳᠡᠯᠲᠡᠢ ᠭᠠᠵᠠᠷ ᠣᠷᠣᠨ ᠳᠠᠬᠢ ᠦᠨᠳᠦᠰᠦᠨ ᠱᠠᠲᠤᠨ ᠤ ᠺᠠᠳ᠋ᠷᠴᠤᠳ ᠲᠤ ᠮᠦᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ᠂ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ᠂ ᠲᠠᠷᠢᠶᠠᠯᠠᠩ ᠤᠨ ᠳᠠᠭᠠᠳᠬᠠᠯ᠂ ᠬᠦᠷᠦᠩᠭᠡ ᠶᠢᠨ ᠵᠠᠬ᠎ᠠ ᠳᠡᠯᠭᠡᠭᠦᠷ ᠵᠡᠷᠭᠡ ᠲᠠᠯ᠎ᠠ ᠪᠠᠷ ᠤᠬᠠᠭᠤᠯᠵᠤ ᠪᠣᠯᠪᠠᠰᠤᠷᠠᠭᠤᠯᠬᠤ ᠶᠢ ᠴᠢᠩᠭᠠᠳᠬᠠᠵᠤ᠂ ᠮᠦᠩᠭᠦᠨ ᠭᠦᠢᠯᠭᠡᠭᠡᠨ ᠤ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠡᠯ᠎ᠡ ᠮᠦᠩᠭᠦᠨ ᠭᠦᠢᠯᠭᠡᠭᠡᠨ ᠤ ᠪᠠᠶᠢᠭᠤᠯᠤᠮᠵᠢ ᠨᠢ ᠦᠨᠳᠦᠰᠦᠨ ᠱᠠᠲᠤᠨ ᠤ ᠭᠠᠷᠳᠠᠨ ᠭᠦᠢᠴᠡᠳᠭᠡᠭᠴᠢ ᠶᠢᠨ ᠲᠣᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠴᠢᠩᠭᠠᠳᠬᠠᠵᠤ᠂ ᠶᠠᠳᠠᠭᠤ ᠬᠦᠴᠢᠷᠳᠡᠯᠲᠡᠢ ᠭᠠᠵᠠᠷ ᠣᠷᠣᠨ ᠤ ᠮᠦᠩᠭᠦᠨ ᠭᠦᠢᠯᠭᠡᠭᠡᠨ ᠤ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ ᠶᠠᠳᠠᠭᠤ ᠬᠦᠴᠢᠷᠳᠡᠯᠲᠡᠢ ᠡᠷᠦᠬᠡ ᠶᠢᠨ ᠮᠦᠩᠭᠦᠨ ᠭᠦᠢᠯᠭᠡᠭᠡᠨ ᠤ ᠶᠡᠷᠦ ᠶᠢᠨ ᠮᠡᠳᠡᠯᠭᠡ ᠪᠠ ᠡᠳ᠋ ᠤᠨ ᠶᠠᠪᠤᠳᠠᠯ ᠤᠨ ᠲᠣᠭᠠᠴᠠᠭ᠎ᠠ ᠬᠢᠬᠦ ᠬᠦᠮᠦᠵᠢᠯ ᠪᠣᠯᠪᠠᠰᠤᠷᠠᠭᠤᠯᠤᠯ ᠢ ᠴᠢᠩᠭᠠᠳᠬᠠᠵᠤ᠂ ᠲᠡᠳᠡᠨ ᠤ ᠵᠤᠭᠤᠰ ᠵᠢᠭᠡᠯᠡᠵᠦ ᠣᠯᠬᠤ᠂ ᠵᠤᠭᠤᠰ ᠢᠶᠠᠨ ᠲᠣᠬᠢᠷᠠᠭᠤᠯᠵᠤ ᠴᠢᠳᠠᠬᠤ᠂ ᠵᠤᠭᠤᠰ ᠲᠠᠢ ᠪᠣᠯᠬᠤ᠂ ᠬᠤᠭᠤᠴᠠᠭ᠎ᠠ ᠶᠤᠰᠤᠭᠠᠷ ᠵᠤᠭᠤᠰ ᠢᠶᠠᠨ ᠪᠤᠴᠠᠭᠠᠬᠤ᠂ ᠳᠠᠬᠢᠨ ᠵᠤᠭᠤᠰ ᠵᠢᠭᠡᠯᠡᠬᠦ᠂ ᠳᠠᠬᠢᠨ ᠦᠢᠯᠡᠳᠪᠦᠷᠢᠯᠡᠬᠦ ᠰᠠᠶᠢᠨ ᠣᠷᠴᠢᠯ ᠢ ᠪᠡᠶᠡᠯᠡᠭᠦᠯᠦᠨ᠂ ᠶᠠᠳᠠᠭᠤ ᠠᠴᠠ ᠠᠩᠬᠢᠵᠢᠷᠠᠵᠤ ᠪᠠᠶᠠᠵᠢᠬᠤ ᠶᠢ ᠨᠢ ᠠᠬᠢᠭᠤᠯᠬᠤ ᠬᠡᠷᠡᠭᠲᠡᠢ᠃      ᠠᠷᠪᠠ᠂ ᠮᠦᠩᠭᠦᠨ ᠭᠦᠢᠯᠭᠡᠭᠡᠨ ᠤ ᠲᠥᠭᠰᠢᠭᠦᠷᠢ ᠶᠢ ᠰᠡᠷᠭᠡᠶᠢᠯᠡᠵᠦ ᠮᠦᠩᠭᠦᠨ ᠭᠦᠢᠯᠭᠡᠭᠡᠨ ᠤ ᠠᠮᠦᠷ ᠲᠥᠪᠰᠢᠨ ᠢ ᠬᠠᠮᠠᠭᠠᠯᠠᠬᠤ ᠬᠡᠷᠡᠭᠲᠡᠢ᠃ ᠡᠯ᠎ᠡ ᠭᠠᠵᠠᠷ ᠣᠷᠣᠨ ᠨᠢ ᠥᠷᠢ ᠥᠭᠴᠢᠭᠡ ᠠᠴᠠ ᠵᠠᠶᠢᠯᠠᠬᠤ ᠪᠠ ᠪᠠᠯᠠᠷᠠᠭᠤᠯᠬᠤ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠪᠴᠠᠭᠠᠨ ᠤ ᠬᠦᠮᠦᠨ ᠤ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠬᠤ ᠬᠡᠷᠡᠭᠲᠡᠢ᠃ ᠬᠠᠤᠯᠢ ᠪᠤᠰᠤ ᠪᠠᠷ ᠪᠡᠯᠡ ᠴᠤᠭᠯᠠᠭᠤᠯᠬᠤ᠂ ᠬᠠᠤᠯᠢ ᠪᠤᠰᠤ ᠪᠠᠷ ᠡᠵᠡᠩᠨᠡᠬᠦ ᠵᠡᠷᠭᠡ ᠬᠠᠤᠯᠢ ᠲᠣᠭᠲᠠᠭᠠᠯ ᠠᠴᠠ ᠵᠦᠷᠢᠴᠡᠭᠰᠡᠨ ᠮᠦᠩᠭᠦᠨ ᠭᠦᠢᠯᠭᠡᠭᠡᠨ ᠤ ᠦᠢᠯᠡ ᠠᠵᠢᠯᠯᠠᠭ᠎ᠠ ᠳᠤ ᠴᠤᠬᠢᠯᠲᠠ ᠥᠭᠬᠦ ᠡᠷᠴᠢᠮ ᠢᠶᠠᠨ ᠴᠢᠩᠭᠠᠷᠠᠭᠤᠯᠵᠤ᠂ ᠮᠦᠩᠭᠦᠨ ᠭᠦᠢᠯᠭᠡᠭᠡᠨ ᠤ ᠰᠠᠶᠢᠨ ᠰᠠᠶᠢᠬᠠᠨ ᠠᠮᠢ ᠠᠬᠤᠢ ᠶᠢᠨ ᠣᠷᠴᠢᠨ ᠲᠣᠭᠤᠷᠢᠨ ᠢ ᠪᠣᠢ ᠪᠣᠯᠭᠠᠨ᠂ ᠣᠷᠣᠨ ᠨᠣᠲᠤᠭ ᠤᠨ ᠮᠦᠩᠭᠦᠨ ᠭᠦᠢᠯᠭᠡᠭᠡᠨ ᠤ ᠡᠮᠬᠢ ᠲᠢᠭᠯᠢᠮ ᠪᠠ ᠮᠦᠩᠭᠦᠨ ᠭᠦᠢᠯᠭᠡᠭᠡᠨ ᠤ ᠠᠮᠦᠷ ᠲᠣᠭᠲᠠᠭᠤᠨ ᠢ ᠬᠠᠮᠠᠭᠠᠯᠠᠬᠤ ᠬᠡᠷᠡᠭᠲᠡᠢ᠃      ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠨᠢ ᠮᠦᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠭᠦᠬᠦ ᠠᠵᠢᠯ ᠢ ᠡᠳᠦᠷ ᠳᠣᠲᠤᠮ ᠤᠨ ᠴᠢᠬᠤᠯᠠ ᠵᠦᠪᠯᠡᠬᠦ ᠵᠦᠢᠯ ᠳᠡᠭᠡᠨ ᠣᠷᠤᠭᠤᠯᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠪᠣᠲᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠦᠪᠡᠷᠲᠡᠭᠡᠨ ᠵᠠᠰᠠᠬᠤ ᠣᠷᠣᠨ ᠠᠴᠠ ᠡᠯ᠎ᠡ ᠭᠠᠵᠠᠷ ᠣᠷᠣᠨ᠂ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠮᠦᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠭᠦᠬᠦ ᠠᠵᠢᠯ ᠦᠷᠨᠢᠭᠦᠯᠦᠭᠰᠡᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠰᠢᠮᠳᠠᠭᠤᠯᠤᠨ ᠪᠠᠶᠢᠴᠠᠭᠠᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号