ᠦᠬᠠᠶ ᠬᠤᠳᠠ ᠵᠠᠮ ᠬᠠᠷᠢᠯᠴᠠᠭᠠᠨ ᠤ ᠠᠶᠠᠯᠠᠯ ᠤᠨ ᠬᠦᠷᠢᠶᠡᠨ ᠳᠠᠬᠢ ᠢᠲᠡᠭᠡᠮᠵᠢ ᠶᠢᠨ ᠲᠡᠮᠳᠡᠭᠯᠡᠯ ᠤᠨ ᠪᠠᠶᠢᠭᠤᠯᠤᠯᠲᠠ ᠶᠢ ᠲᠦᠷᠭᠡᠳᠬᠡᠵᠦ ᠪᠤᠢ
ᠨᠡᠶᠢᠲᠡᠯᠡᠭᠰᠡᠨ ᠴᠠᠭ᠄
2017/12/7
     ᠦᠢᠷ᠎ᠠ ᠳᠤ᠂ ᠦᠬᠠᠶ ᠬᠤᠳᠠ ︽ᠦᠬᠠᠶ ᠬᠤᠲᠠ ᠶᠢᠨ ᠬᠤᠳᠠ ᠶᠢᠨ ᠵᠠᠮ ᠬᠠᠷᠢᠯᠴᠠᠭᠠᠨ ᠤ ᠪᠣᠯᠪᠠᠰᠤᠨ ᠰᠢᠯᠤᠭᠤᠨ ᠨᠡᠪᠲᠡᠷᠡᠬᠦ ᠶᠢ ᠳᠡᠭᠡᠭᠰᠢᠯᠡᠭᠦᠯᠬᠦ ᠠᠵᠢᠯᠯᠠᠭ᠎ᠠ ᠶᠢᠨ ᠲᠥᠯᠥᠪᠯᠡᠭᠡ ︵2017-2020︶᠎ ᠶᠢᠨ ᠠᠵᠢᠯ ᠤᠨ ᠲᠥᠰᠦᠯ︾᠎ ᠢ ᠳᠠᠷᠤᠮᠠᠯᠯᠠᠨ ᠲᠠᠷᠬᠠᠭᠠᠪᠠ᠃ ᠲᠦᠰᠦᠯ ᠳᠤ ᠴᠢᠬᠤᠯᠠᠴᠢᠯᠠᠭᠰᠠᠨ ᠨᠢ᠂ ᠵᠠᠮ ᠬᠠᠷᠢᠯᠴᠠᠭᠠᠨ ᠤ ᠠᠶᠠᠯᠠᠯ ᠤᠨ ᠬᠦᠷᠢᠶᠡᠨ ᠳᠠᠬᠢ ᠢᠲᠡᠭᠡᠮᠵᠢ ᠶᠢᠨ ᠲᠡᠮᠳᠡᠭᠯᠡᠯ ᠤᠨ ᠪᠠᠶᠢᠭᠤᠯᠤᠯᠲᠠ ᠶᠢ ᠲᠦᠷᠭᠡᠳᠬᠡᠵᠦ᠂ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠪᠠ ᠬᠡᠷᠡᠭᠯᠡᠬᠦ ᠶᠢ ᠲᠦᠯᠬᠢᠨ ᠠᠬᠢᠭᠤᠯᠵᠤ᠂ ᠢᠲᠡᠭᠡᠮᠵᠢ ᠲᠠᠢ ᠪᠠᠶᠢᠬᠤ ᠶᠢ ᠎ ᠨᠢ ᠬᠤᠯᠪᠣᠭᠠᠯᠠᠨ ᠤᠷᠮᠠᠰᠢᠭᠤᠯᠬᠤ ᠪᠠ ᠢᠲᠡᠭᠡᠮᠵᠢ ᠠᠯᠳᠠᠭᠰᠠᠳ ᠢ ᠨᠢ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠪᠠᠶᠢᠭᠤᠯᠵᠤ᠂ ᠬᠤᠪᠢ ᠬᠥᠮᠦᠨ ᠤ ᠢᠲᠡᠭᠡᠮᠵᠢ ᠶᠢᠨ ᠰᠠᠭᠤᠷᠢ ᠳ᠋ᠠᠶᠢᠲ᠋ᠠ ᠬᠥᠮᠥᠷᠭᠡ ᠪᠠᠶᠢᠭᠤᠯᠤᠨ᠂ ᠮᠠᠰᠢᠨ ᠲᠡᠷᠭᠡᠨ ᠤ ᠵᠢᠯᠣᠭᠤᠴᠢ᠂ ᠥᠮᠴᠢᠯᠡᠭᠴᠢ ᠶᠢᠨ ᠦᠨᠳᠦᠰᠦᠨ ᠮᠡᠳᠡᠭᠡ ᠵᠠᠩᠭᠢ᠂ ᠵᠠᠮ ᠬᠠᠷᠢᠯᠴᠠᠭᠠᠨ ᠤ ᠢᠲᠡᠭᠡᠮᠵᠢ ᠪᠠᠨ ᠠᠯᠳᠠᠭᠰᠠᠨ ᠮᠡᠳᠡᠭᠡ ᠵᠠᠩᠭᠢ ᠶᠢ ᠡᠮᠬᠢᠯᠡᠨ ᠨᠡᠶᠢᠯᠡᠭᠦᠯᠵᠦ᠂ ᠪᠣᠯᠪᠠᠰᠤᠨ ᠵᠠᠮ ᠬᠠᠷᠢᠯᠴᠠᠭᠠᠨ ᠤ ᠢᠲᠡᠭᠡᠮᠵᠢ ᠶᠢ ᠲᠡᠮᠳᠡᠭᠯᠡᠬᠦ ᠳᠠᠩᠰᠠ ᠡᠪᠬᠡᠮᠡᠯ ᠪᠠᠶᠢᠭᠤᠯᠵᠤ᠂ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠬᠦᠨᠳᠦ ᠨᠣᠴᠢᠲᠠᠶ ᠦᠢᠯᠡ ᠠᠵᠢᠯᠯᠠᠭ᠎ᠠ ᠶᠢ ᠬᠤᠪᠢ ᠬᠥᠮᠦᠨ ᠤ ᠢᠲᠡᠭᠡᠮᠵᠢ ᠶᠢᠨ ᠮᠡᠳᠡᠭᠡ ᠵᠠᠩᠭᠢ ᠶᠢᠨ ᠲᠡᠮᠳᠡᠭᠯᠡᠯ ᠎ ᠳᠤᠨᠢ ᠣᠷᠣᠭᠤᠯᠬᠤ ᠬᠡᠷᠡᠭᠲᠡᠢ᠃ ᠪᠣᠯᠪᠠᠰᠤᠨ ᠵᠠᠮ ᠬᠠᠷᠢᠯᠴᠠᠭᠠᠨ ᠤ ᠢᠲᠡᠭᠡᠮᠵᠢ ᠶᠢ ᠠᠵᠢᠯ ᠳᠤ ᠣᠷᠣᠬᠤ ᠵᠥᠪᠰᠢᠶᠡᠷᠡᠯ᠂ ᠬᠤᠪᠢ ᠬᠥᠮᠥᠨ ᠤ ᠵᠢᠭᠡᠯᠡᠯᠭᠡ᠂ ᠲᠡᠷᠭᠡ ᠬᠥᠰᠬᠡ ᠶᠢᠨ ᠳᠠᠭᠠᠳᠬᠠᠯ᠂ ᠰᠢᠯᠢᠳᠡᠭ ᠪᠠ ᠲᠡᠷᠢᠭᠦᠨ ᠤ ᠬᠢ ᠰᠣᠩᠭᠤᠬᠤ ᠵᠡᠷᠭᠡ  ᠎ ᠲᠠᠢ ᠬᠤᠯᠪᠣᠭᠳᠠᠭᠤᠯᠵᠤ᠂ ᠵᠠᠮ ᠬᠠᠷᠢᠯᠴᠠᠭᠠᠨ ᠤ ᠢᠲᠡᠭᠡᠮᠵᠢ ᠪᠠᠨ ᠠᠯᠳᠠᠭᠰᠠᠨ ᠠᠵᠢᠯᠯᠠᠭ᠎ᠠ ᠲᠠᠢ ᠬᠥᠮᠦᠨ ᠢ ᠵᠣᠬᠢᠴᠠᠩᠭᠤᠶ ᠪᠠᠷ ᠵᠠᠯᠬᠠᠭᠠᠨ ᠴᠡᠭᠡᠷᠯᠡᠭᠦᠯᠬᠦ ᠬᠡᠷᠡᠭᠲᠡᠢ ᠭᠡᠵᠡᠢ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号