ᠦᠬᠠᠶ ᠬᠤᠳᠠ ᠵᠠᠮ ᠬᠠᠷᠢᠯᠴᠠᠭᠠᠨ ᠤ ᠠᠶᠠᠯᠠᠯ ᠤᠨ ᠬᠦᠷᠢᠶᠡᠨ ᠳᠠᠬᠢ ᠢᠲᠡᠭᠡᠮᠵᠢ ᠶᠢᠨ ᠲᠡᠮᠳᠡᠭᠯᠡᠯ ᠤᠨ ᠪᠠᠶᠢᠭᠤᠯᠤᠯᠲᠠ ᠶᠢ ᠲᠦᠷᠭᠡᠳᠬᠡᠵᠦ ᠪᠤᠢ
ᠨᠡᠶᠢᠲᠡᠯᠡᠭᠰᠡᠨ ᠴᠠᠭ᠄
2017/12/7
     ᠦᠢᠷ᠎ᠠ ᠳᠤ᠂ ᠦᠬᠠᠶ ᠬᠤᠳᠠ ︽ᠦᠬᠠᠶ ᠬᠤᠲᠠ ᠶᠢᠨ ᠬᠤᠳᠠ ᠶᠢᠨ ᠵᠠᠮ ᠬᠠᠷᠢᠯᠴᠠᠭᠠᠨ ᠤ ᠪᠣᠯᠪᠠᠰᠤᠨ ᠰᠢᠯᠤᠭᠤᠨ ᠨᠡᠪᠲᠡᠷᠡᠬᠦ ᠶᠢ ᠳᠡᠭᠡᠭᠰᠢᠯᠡᠭᠦᠯᠬᠦ ᠠᠵᠢᠯᠯᠠᠭ᠎ᠠ ᠶᠢᠨ ᠲᠥᠯᠥᠪᠯᠡᠭᠡ ︵2017-2020︶ ᠶᠢᠨ ᠠᠵᠢᠯ ᠤᠨ ᠲᠥᠰᠦᠯ︾ ᠢ ᠳᠠᠷᠤᠮᠠᠯᠯᠠᠨ ᠲᠠᠷᠬᠠᠭᠠᠪᠠ᠃ ᠲᠦᠰᠦᠯ ᠳᠤ ᠴᠢᠬᠤᠯᠠᠴᠢᠯᠠᠭᠰᠠᠨ ᠨᠢ᠂ ᠵᠠᠮ ᠬᠠᠷᠢᠯᠴᠠᠭᠠᠨ ᠤ ᠠᠶᠠᠯᠠᠯ ᠤᠨ ᠬᠦᠷᠢᠶᠡᠨ ᠳᠠᠬᠢ ᠢᠲᠡᠭᠡᠮᠵᠢ ᠶᠢᠨ ᠲᠡᠮᠳᠡᠭᠯᠡᠯ ᠤᠨ ᠪᠠᠶᠢᠭᠤᠯᠤᠯᠲᠠ ᠶᠢ ᠲᠦᠷᠭᠡᠳᠬᠡᠵᠦ᠂ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠪᠠ ᠬᠡᠷᠡᠭᠯᠡᠬᠦ ᠶᠢ ᠲᠦᠯᠬᠢᠨ ᠠᠬᠢᠭᠤᠯᠵᠤ᠂ ᠢᠲᠡᠭᠡᠮᠵᠢ ᠲᠠᠢ ᠪᠠᠶᠢᠬᠤ ᠶᠢ  ᠨᠢ ᠬᠤᠯᠪᠣᠭᠠᠯᠠᠨ ᠤᠷᠮᠠᠰᠢᠭᠤᠯᠬᠤ ᠪᠠ ᠢᠲᠡᠭᠡᠮᠵᠢ ᠠᠯᠳᠠᠭᠰᠠᠳ ᠢ ᠨᠢ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠪᠠᠶᠢᠭᠤᠯᠵᠤ᠂ ᠬᠤᠪᠢ ᠬᠥᠮᠦᠨ ᠤ ᠢᠲᠡᠭᠡᠮᠵᠢ ᠶᠢᠨ ᠰᠠᠭᠤᠷᠢ ᠳ᠋ᠠᠶᠢᠲ᠋ᠠ ᠬᠥᠮᠥᠷᠭᠡ ᠪᠠᠶᠢᠭᠤᠯᠤᠨ᠂ ᠮᠠᠰᠢᠨ ᠲᠡᠷᠭᠡᠨ ᠤ ᠵᠢᠯᠣᠭᠤᠴᠢ᠂ ᠥᠮᠴᠢᠯᠡᠭᠴᠢ ᠶᠢᠨ ᠦᠨᠳᠦᠰᠦᠨ ᠮᠡᠳᠡᠭᠡ ᠵᠠᠩᠭᠢ᠂ ᠵᠠᠮ ᠬᠠᠷᠢᠯᠴᠠᠭᠠᠨ ᠤ ᠢᠲᠡᠭᠡᠮᠵᠢ ᠪᠠᠨ ᠠᠯᠳᠠᠭᠰᠠᠨ ᠮᠡᠳᠡᠭᠡ ᠵᠠᠩᠭᠢ ᠶᠢ ᠡᠮᠬᠢᠯᠡᠨ ᠨᠡᠶᠢᠯᠡᠭᠦᠯᠵᠦ᠂ ᠪᠣᠯᠪᠠᠰᠤᠨ ᠵᠠᠮ ᠬᠠᠷᠢᠯᠴᠠᠭᠠᠨ ᠤ ᠢᠲᠡᠭᠡᠮᠵᠢ ᠶᠢ ᠲᠡᠮᠳᠡᠭᠯᠡᠬᠦ ᠳᠠᠩᠰᠠ ᠡᠪᠬᠡᠮᠡᠯ ᠪᠠᠶᠢᠭᠤᠯᠵᠤ᠂ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠬᠦᠨᠳᠦ ᠨᠣᠴᠢᠲᠠᠶ ᠦᠢᠯᠡ ᠠᠵᠢᠯᠯᠠᠭ᠎ᠠ ᠶᠢ ᠬᠤᠪᠢ ᠬᠥᠮᠦᠨ ᠤ ᠢᠲᠡᠭᠡᠮᠵᠢ ᠶᠢᠨ ᠮᠡᠳᠡᠭᠡ ᠵᠠᠩᠭᠢ ᠶᠢᠨ ᠲᠡᠮᠳᠡᠭᠯᠡᠯ  ᠳᠤᠨᠢ ᠣᠷᠣᠭᠤᠯᠬᠤ ᠬᠡᠷᠡᠭᠲᠡᠢ᠃ ᠪᠣᠯᠪᠠᠰᠤᠨ ᠵᠠᠮ ᠬᠠᠷᠢᠯᠴᠠᠭᠠᠨ ᠤ ᠢᠲᠡᠭᠡᠮᠵᠢ ᠶᠢ ᠠᠵᠢᠯ ᠳᠤ ᠣᠷᠣᠬᠤ ᠵᠥᠪᠰᠢᠶᠡᠷᠡᠯ᠂ ᠬᠤᠪᠢ ᠬᠥᠮᠥᠨ ᠤ ᠵᠢᠭᠡᠯᠡᠯᠭᠡ᠂ ᠲᠡᠷᠭᠡ ᠬᠥᠰᠬᠡ ᠶᠢᠨ ᠳᠠᠭᠠᠳᠬᠠᠯ᠂ ᠰᠢᠯᠢᠳᠡᠭ ᠪᠠ ᠲᠡᠷᠢᠭᠦᠨ ᠤ ᠬᠢ ᠰᠣᠩᠭᠤᠬᠤ ᠵᠡᠷᠭᠡ   ᠲᠠᠢ ᠬᠤᠯᠪᠣᠭᠳᠠᠭᠤᠯᠵᠤ᠂ ᠵᠠᠮ ᠬᠠᠷᠢᠯᠴᠠᠭᠠᠨ ᠤ ᠢᠲᠡᠭᠡᠮᠵᠢ ᠪᠠᠨ ᠠᠯᠳᠠᠭᠰᠠᠨ ᠠᠵᠢᠯᠯᠠᠭ᠎ᠠ ᠲᠠᠢ ᠬᠥᠮᠦᠨ ᠢ ᠵᠣᠬᠢᠴᠠᠩᠭᠤᠶ ᠪᠠᠷ ᠵᠠᠯᠬᠠᠭᠠᠨ ᠴᠡᠭᠡᠷᠯᠡᠭᠦᠯᠬᠦ ᠬᠡᠷᠡᠭᠲᠡᠢ ᠭᠡᠵᠡᠢ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号