ᠬᠥᠯᠥᠨ ᠪᠤᠶᠢᠷ ᠬᠤᠲᠠ ᠪᠥᠬᠦ ᠬᠤᠲᠠ ᠶᠢᠨ ᠲᠤᠰᠬᠠᠶ ᠮᠡᠷᠭᠡᠵᠢᠯᠲᠡᠨ ᠤ ᠤᠶᠤᠨ ᠤ ᠬᠥᠮᠥᠷᠭᠡ ᠶᠢ ᠠᠩᠬ᠎ᠠ ᠠᠯᠬᠤᠮ ᠪᠠᠶᠢᠭᠤᠯᠪᠠ
ᠨᠡᠶᠢᠲᠡᠯᠡᠭᠰᠡᠨ ᠴᠠᠭ᠄
2017/2/13
     2016 ᠣᠨ ᠳᠤ ᠬᠥᠯᠥᠨ ᠪᠤᠶᠢᠷ ᠬᠤᠲᠠ ᠶᠢᠨ ᠵᠠᠰᠠᠭ ᠤᠨ ᠣᠷᠳᠣᠨ ︽ᠬᠥᠯᠥᠨ ᠪᠤᠶᠢᠷ ᠬᠤᠳᠠ ᠶᠢᠨ ᠰᠢᠨ᠎ᠡ ᠬᠡᠯᠪᠡᠷᠢ ᠶᠢᠨ ᠣᠶᠣᠨ ᠤ ᠬᠥᠮᠥᠷᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠵᠢᠭᠦᠯᠦᠯᠲᠡ ᠶᠢᠨ ᠲᠥᠰᠦᠯ ︾᠎ ᠢ ᠨᠡᠶᠢᠲᠡᠯᠡᠵᠦ᠂ ᠡᠨᠡᠬᠦ ᠲᠥᠰᠥᠯ ᠳᠤ᠂ ᠭᠤᠣᠯᠳᠠᠭᠤ ᠬᠤᠲᠠ ᠶᠢᠨ ᠠᠵᠤ ᠠᠬᠤᠶ ᠨᠡᠶᠢᠭᠡᠮ ᠤᠨ ᠰᠤᠳᠤᠯᠭᠠᠨ ᠤ ᠬᠦᠷᠢᠶᠡᠯᠡᠩ ᠤᠨ ᠡᠨᠡ ᠬᠦ ᠲᠠᠪᠴᠠᠩ ᠢ ᠭᠤᠣᠯ ᠠᠰᠢᠭᠯᠠᠵᠤ ᠲᠤᠰᠬᠠᠶ ᠮᠡᠷᠭᠡᠵᠢᠯᠲᠡᠨ ᠤ ᠣᠶᠤᠨ ᠤ ᠬᠥᠮᠥᠷᠭᠡ ᠶᠢ ᠨᠢᠭᠡᠳᠦᠯᠲᠡᠶ ᠲᠥᠯᠥᠪᠯᠡᠨ ᠵᠣᠬᠢᠶᠠᠨ ᠪᠠᠶᠢᠭᠤᠯᠤᠨ᠎ᠠ ᠭᠡᠵᠦ ᠲᠤᠳᠤᠷᠠᠬᠠᠢ ᠲᠤᠭᠲᠠᠭᠠᠵᠠᠢ᠃      ᠬᠥᠯᠥᠨ ᠪᠤᠶᠢᠷ ᠬᠤᠲᠠ ᠶᠢᠨ ᠵᠠᠰᠠᠭ ᠤᠨ ᠣᠷᠳᠣᠨ ᠤ ᠱᠠᠭᠠᠷᠳᠠᠯᠭ᠎ᠠ ᠪᠠᠷ᠂ ᠬᠤᠲᠠ ᠶᠢᠨ ᠠᠵᠤ ᠠᠬᠤᠶ ᠨᠡᠶᠢᠭᠡᠮ ᠤᠨ ᠰᠤᠳᠤᠯᠭᠠᠨ ᠤ ᠬᠦᠷᠢᠶᠡᠯᠡᠩ ᠤᠨ ᠲᠤᠰᠬᠠᠶ ᠮᠡᠷᠭᠡᠵᠢᠯᠲᠡᠨ ᠨᠢ ᠤᠶᠤᠨ ᠤ ᠬᠥᠮᠥᠷᠭᠡ ᠪᠠᠶᠢᠭᠤᠯᠬᠤ ᠲᠥᠰᠦᠯ ᠲᠣᠭᠲᠠᠭᠠᠵᠤ᠂ ᠲᠠᠪᠴᠠᠩ ᠤᠨ ᠪᠠᠶᠢᠭᠤᠯᠤᠯᠲᠠ ᠶᠢ ᠥᠷᠨᠢᠭᠦᠯᠪᠡ᠃ ᠤᠶᠤᠨ ᠤ ᠬᠥᠮᠥᠷᠭᠡ ᠶᠢᠨ ᠳᠤᠲᠤᠷᠠᠬᠢ ᠲᠤᠰᠬᠠᠶ ᠮᠡᠷᠭᠡᠵᠢᠯᠲᠡᠨ ᠤ ᠰᠤᠳᠤᠯᠭᠠᠨ ᠤ ᠬᠦᠷᠢᠶ᠎ᠡ ᠶᠢ ᠦᠨᠳᠦᠰᠦᠯᠡᠨ᠂ ᠲᠤᠰᠬᠠᠶ ᠮᠡᠷᠭᠡᠵᠢᠯᠲᠡᠨ ᠢ ᠰᠢᠨᠵᠢᠯᠡᠬᠦ ᠤᠬᠠᠭᠠᠨᠴᠢ ᠪᠠᠷ ᠲᠦᠷᠦᠯ ᠬᠤᠪᠢᠶᠠᠵᠤ᠂ ᠲᠤᠰᠬᠠᠶ ᠮᠡᠷᠭᠡᠵᠢᠯᠲᠡᠨ ᠤ ᠤᠶᠤᠨ ᠤ ᠬᠥᠮᠥᠷᠭᠡ ᠶᠢᠨ ᠰᠢᠨᠵᠢᠯᠡᠬᠦ ᠤᠬᠠᠭᠠᠨᠴᠢ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠢ ᠡᠷᠬᠢᠮᠯᠡᠪᠡ᠃ ᠥᠨᠥ᠂ ᠬᠥᠯᠥᠨ ᠪᠤᠶᠢᠷ ᠬᠤᠲᠠ ᠶᠢᠨ ᠲᠤᠰᠬᠠᠶ ᠮᠡᠷᠭᠡᠵᠢᠯᠲᠡᠨ ᠤ ᠣᠶᠤᠨ ᠤ ᠬᠥᠮᠥᠷᠭᠡ ᠠᠩᠬ᠎ᠠ ᠠᠯᠬᠤᠮ ᠪᠠᠶᠢᠭᠤᠯᠤᠭᠳᠠᠵᠤ᠂ ᠤᠯᠤᠰ ᠤᠨ ᠳᠣᠲᠣᠭᠠᠳᠤ ᠶᠢᠨ 150 ᠭᠠᠷᠤᠶ ᠲᠤᠰᠬᠠᠶ ᠮᠡᠷᠭᠡᠵᠢᠯᠲᠡᠨ ᠢ ᠬᠤᠷᠠᠮᠳᠤᠭᠤᠯᠪᠡ᠂ ᠡᠭᠦᠨ ᠳᠤ ᠲᠤᠰ ᠨᠤᠲᠤᠭ ᠤᠨ ᠲᠤᠰᠬᠠᠶ ᠮᠡᠷᠭᠡᠵᠢᠯᠲᠡᠨ 30 ᠭᠠᠷᠤᠶ ᠬᠥᠮᠦᠨ ᠪᠠᠶᠢᠨ᠎ᠠ᠂ ᠰᠤᠳᠤᠯᠭᠠᠨ ᠤ ᠬᠦᠷᠢᠶ᠎ᠡ ᠨᠢ ᠠᠵᠤ ᠠᠬᠤᠢ᠂ ᠪᠠᠶᠢᠭᠠᠯᠢ ᠎ ᠶᠢᠨ ᠰᠢᠨᠵᠢᠯᠡᠬᠦ ᠤᠬᠠᠭᠠᠨ᠂ ᠲᠠᠷᠢᠶᠠᠯᠠᠩ᠂ ᠣᠢ ᠰᠢᠭᠤᠶ᠂ ᠣᠷᠴᠢᠨ ᠲᠣᠭᠤᠷᠢᠨ ᠂ ᠴᠡᠴᠡᠷᠯᠢᠭ᠂ ᠡᠨᠧᠷᠭᠢ᠂ ᠺᠣᠮᠫᠢᠦ᠋ᠲ᠋ᠧᠷ ᠵᠡᠷᠭᠡ ᠲᠠᠢ ᠬᠤᠯᠪᠣᠭᠳᠠᠵᠤ᠂ ᠰᠤᠳᠤᠯᠭᠠᠨ ᠤ ᠤᠯᠠᠨ ᠡᠰᠢᠴᠢᠯᠡᠭᠰᠡᠨ᠂ ᠨᠠᠷᠢᠯᠢᠬᠵᠢᠭᠤᠯᠤᠭᠰᠠᠨ ᠣᠨᠴᠠᠯᠢᠭ ᠲᠠᠢ ᠪᠠᠶᠢᠵᠤ᠂ ᠬᠥᠯᠥᠨ ᠪᠤᠶᠢᠷ ᠬᠤᠳᠠ ᠶᠢᠨ ᠬᠥᠭᠵᠢᠯᠲᠡ ᠶᠢᠨ ᠪᠣᠳᠠᠲᠤ ᠪᠠᠶᠢᠳᠠᠯ ᠲᠠᠢ ᠨᠡᠶᠢᠴᠡᠪᠡ᠃      ᠲᠤᠰᠬᠠᠶ ᠮᠡᠷᠭᠡᠵᠢᠯᠲᠡᠨ ᠤ ᠤᠶᠤᠨ ᠤ ᠬᠥᠮᠥᠷᠭᠡ ᠶᠢᠨ ᠪᠠᠶᠢᠭᠤᠯᠤᠭᠳᠠᠭᠰᠠᠨ ᠨᠢ᠂ ᠬᠥᠯᠥᠨ ᠪᠤᠶᠢᠷ ᠬᠤᠲᠠ ᠶᠢᠨ ᠪᠡᠶᠡᠴᠢ ᠴᠣᠭᠴᠠ ᠶᠢᠨ ᠴᠢᠳᠠᠮᠵᠢᠲᠤ ᠲᠤᠭᠤᠷᠢᠭ ᠤᠨ ᠪᠠᠶᠢᠯᠳᠤᠬᠤ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠬᠥᠯᠥᠨ ᠪᠤᠶᠢᠷ ᠬᠤᠲᠠ ᠶᠢᠨ ︽13·5︾᠎ ᠶᠢᠨ ᠲᠥᠯᠥᠪᠵᠢᠭᠦᠯᠭᠡ ᠶᠢᠨ ︽ᠲᠣᠪᠴᠢ︾᠎ ︽ᠬᠥᠯᠥᠨ ᠪᠤᠶᠢᠷ ᠤᠨ ᠳᠤᠮᠳᠠᠳᠤ ᠣᠷᠣᠰ ᠮᠣᠩᠭᠤᠯ ᠤᠨ ᠬᠠᠮᠲᠤᠷᠠᠯᠴᠠᠭ᠎ᠠ ᠶᠢᠨ ᠬᠤᠰᠢᠭᠤᠴᠢ ᠣᠷᠣᠨ ᠤ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ︾ ︽ᠬᠥᠯᠥᠨ ᠪᠤᠶᠢᠷ ᠬᠤᠳᠠ ᠶᠢᠨ ᠰᠢᠨ᠎ᠡ ᠬᠡᠯᠪᠡᠷᠢ ᠶᠢᠨ ᠬᠤᠳᠡ ᠪᠠᠯᠭᠠᠰᠣᠵᠢᠯᠳᠡ ᠶᠢᠨ ᠬᠥᠭᠵᠢᠯᠲᠡ ᠶᠢᠨ ᠲᠥᠯᠥᠪᠵᠢᠭᠦᠯᠭᠡ︾ ᠵᠡᠷᠭᠡ ᠴᠢᠬᠤᠯᠠ ᠶᠡᠭᠡ ᠡᠭᠦᠷᠭᠡ ᠶᠢ ᠬᠡᠷᠡᠭᠵᠢᠭᠦᠯᠬᠦ ᠳᠤ ᠤᠶᠤᠨ ᠤᠬᠠᠭᠠᠨ ᠤ ᠲᠦᠰᠢᠭ ᠲᠤᠯᠭᠠᠭᠤᠷᠢ ᠬᠠᠩᠭᠠᠬᠤ ᠪᠣᠯᠣᠨ᠎ᠠ᠃ ᠲᠡᠷᠠᠭ᠎ᠠ ᠠᠯᠬᠤᠮ ᠳᠤ᠂ ᠬᠥᠯᠥᠨ ᠪᠤᠶᠢᠷ ᠬᠤᠲᠠ ᠲᠤᠰᠬᠠᠶ ᠮᠡᠷᠭᠡᠵᠢᠯᠲᠡᠨ ᠤ ᠤᠶᠤᠨ ᠤ ᠬᠥᠮᠥᠷᠭᠡ ᠶᠢ ᠤᠯᠠᠮ ᠨᠢᠭᠡ ᠠᠯᠬᠤᠮ ᠪᠦᠷᠢᠨᠰᠢᠭᠦᠯᠵᠦ᠂ ᠤᠶᠤᠨ ᠤ ᠬᠥᠮᠥᠷᠭᠡ ᠶᠢᠨ ᠰᠢᠶᠳᠪᠦᠷᠢᠲᠦ ᠪᠤᠳᠤᠯᠭ᠎ᠠ ᠳᠤ ᠵᠥᠪᠯᠡᠯᠭᠡ ᠥᠭᠬᠦ ᠲᠦᠷᠢᠮ ᠢ ᠤᠯᠠᠮ ᠲᠡᠭᠦᠯᠳᠡᠷᠵᠢᠭᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠳᠦᠭᠡᠨ ᠪᠡᠶᠡᠯᠡᠭᠦᠯᠬᠦ ᠳᠤ ᠰᠢᠨ᠎ᠡ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号