ᠡᠷᠢᠶᠡᠨ ᠬᠤᠲᠠ ᠡᠷᠬᠡ ᠶᠢᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠨᠠᠶᠢᠷᠠᠭᠤᠯᠤᠨ ᠵᠣᠬᠢᠶᠠᠬᠤ ᠠᠵᠢᠯ ᠢ ᠪᠡᠶᠡᠯᠡᠭᠦᠯᠪᠡ
ᠨᠡᠶᠢᠲᠡᠯᠡᠭᠰᠡᠨ ᠴᠠᠭ᠄
2017/2/15
      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠤᠷᠤᠨ ᠤ ᠵᠠᠰᠠᠭ ᠵᠠᠬᠢᠷᠭᠠᠨ ᠤ ᠡᠷᠬᠡ ᠳᠤ ᠬᠢᠨᠠᠯᠲᠠ ᠲᠠᠯᠪᠢᠬᠤ ᠬᠠᠮᠢᠶᠠᠷᠤᠯᠲᠠ ᠶᠢᠨ ᠠᠷᠭ᠎ᠠ︾᠎ ᠶᠢ ᠦᠨᠳᠦᠰᠦᠯᠡᠨ᠂ ᠡᠷᠢᠶᠡᠨ ᠬᠤᠲᠠ ᠶᠢᠨ ᠠᠷᠠᠳ ᠤᠨ ᠵᠠᠰᠠᠭ ᠤᠨ ᠣᠷᠳᠣᠨ ︽ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠨᠠᠶᠢᠷᠠᠭᠤᠯᠤᠨ ᠵᠣᠬᠢᠶᠠᠬᠤ ᠠᠵᠢᠯ ᠢ ᠥᠷᠨᠢᠭᠦᠯᠬᠦ ᠲᠤᠬᠠᠶ ᠮᠡᠳᠡᠭᠳᠡᠯ︾᠎ ᠢ ᠳᠠᠷᠤᠮᠠᠯᠯᠠᠨ ᠲᠠᠷᠬᠠᠭᠠᠵᠤ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠎ ᠶᠢᠨ ᠪᠠᠶᠢᠩᠭᠤ ᠶᠢᠨ ᠳᠡᠳ᠋ ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠵᠤ᠂ ᠡᠯ᠎ᠡ ᠪᠦᠷᠢᠯᠳᠦᠬᠦᠨ ᠨᠢᠭᠡᠴᠡ ᠶᠢᠨ ᠭᠤᠣᠯ ᠬᠠᠷᠢᠭᠤᠴᠠᠯᠭᠠᠲᠠᠨ ᠢᠶᠠᠷ ᠪᠦᠷᠢᠯᠳᠦᠬᠦᠨ ᠪᠣᠯᠭᠠᠭᠰᠠᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠨᠠᠶᠢᠷᠠᠭᠤᠯᠤᠨ ᠵᠣᠬᠢᠶᠠᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠪᠦᠬᠦ ᠬᠤᠲᠠ ᠶᠢᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠨᠠᠶᠢᠷᠠᠭᠤᠯᠤᠨ ᠵᠣᠬᠢᠶᠠᠬᠤ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠪᠡ᠃      ᠱᠠᠭᠠᠷᠳᠠᠯᠭ᠎ᠠ ᠶᠣᠰᠣᠭᠠᠷ᠂ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠬᠠᠤᠯᠢ ᠳᠦᠷᠢᠮ ᠤᠨ ᠠᠯᠪᠠᠨ ᠭᠡᠷ ᠎ ᠨᠢ ᠡᠯ᠎ᠡ ᠰᠠᠯᠠᠭ᠎ᠠ ᠮᠦᠴᠢᠷ ᠤᠳ ᠤᠨ ᠮᠡᠳᠡᠭᠦᠯᠦᠨ ᠬᠦᠷᠭᠡᠭᠰᠡᠨ ᠬᠠᠷᠢᠭᠤᠴᠠᠯᠭ᠎ᠠ ᠶᠢᠨ ᠵᠦᠢᠯᠡᠰ ᠢ ᠬᠢᠨᠠᠨ ᠬᠠᠷᠭᠤᠭᠤᠯᠵᠦ᠂ 2016 ᠣᠨ ᠤ 12 ᠳ᠋ᠤᠭᠠᠷ ᠰᠠᠷ᠎ᠠ ᠶᠢᠨ 30᠎ ᠤ ᠡᠳᠦᠷ ᠪᠦᠬᠦ ᠬᠤᠲᠠ ᠶᠢᠨ ᠡᠷᠬᠡ ᠶᠢᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠨᠠᠶᠢᠷᠠᠭᠤᠯᠤᠨ ᠵᠣᠬᠢᠶᠠᠬᠤ ᠠᠵᠢᠯ ᠢ ᠪᠡᠶᠡᠯᠡᠭᠦᠯᠦᠭᠰᠡᠨ ᠪᠦᠭᠡᠳ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠫᠣᠷᠲ᠋ᠧᠯ ᠰᠦᠯᠵᠢᠶ᠎ᠡ ᠪᠠᠷ ᠳᠠᠮᠵᠢᠨ ᠨᠡᠶᠢᠭᠡᠮ ᠨᠡᠶᠢᠲᠡ ᠳᠤ ᠢᠯᠡ ᠨᠡᠶᠢᠲᠡᠯᠡᠵᠦ᠂ ᠡᠷᠬᠡ ᠶᠢᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠨᠢ 34 ᠰᠠᠯᠠᠭ᠎ᠠ ᠮᠦᠴᠢᠷ ᠤᠨ ᠨᠡᠶᠢᠲᠡ 2492 ᠵᠦᠢᠯ ᠤᠨ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠲᠤ ᠬᠤᠯᠪᠣᠭᠳᠠᠪᠡ᠃ ᠡᠭᠦᠨ ᠳᠤ᠄ ᠵᠠᠰᠠᠭ ᠵᠠᠬᠢᠷᠭᠠᠨ ᠤ ᠵᠥᠪᠰᠢᠶᠡᠷᠡᠯ 143 ᠵᠦᠢᠯ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠠᠩᠬ᠎ᠠ ᠬᠢᠨᠠᠬᠤ 36 ᠵᠦᠢᠯ᠂ ᠵᠠᠰᠠᠭ ᠵᠠᠬᠢᠷᠭᠠᠨ ᠤ ᠵᠥᠪᠰᠢᠶᠡᠷᠡᠯ ᠢ ᠲᠦᠷ ᠬᠤᠶᠢᠰᠢᠯᠠᠭᠤᠯᠬᠤ 18 ᠵᠦᠶᠯ᠂ ᠵᠠᠰᠠᠭ ᠵᠠᠬᠢᠷᠭᠠᠨ ᠤ ᠰᠢᠳᠬᠡᠯ ᠤᠨ 1656 ᠵᠦᠢᠯ᠂ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ 97 ᠵᠦᠢᠯ᠂ ᠵᠠᠰᠠᠭ ᠵᠠᠬᠢᠷᠭᠠᠨ ᠤ ᠠᠯᠪᠠᠳᠠᠨ ᠬᠡᠷᠡᠭᠵᠢᠭᠦᠯᠬᠦ 25 ᠵᠦᠢᠯ᠂ ᠵᠠᠰᠠᠭ ᠵᠠᠬᠢᠷᠭᠠᠨ ᠤ ᠨᠤᠲᠠᠯᠠᠯᠲᠠ 77 ᠵᠦᠢᠯ᠂ ᠵᠠᠰᠠᠭ ᠵᠠᠬᠢᠷᠭᠠᠨ ᠤ ᠣᠯᠭᠤᠨ ᠥᠭᠬᠦ 18 ᠵᠦᠶᠯ᠂ ᠵᠠᠰᠠᠭ ᠵᠠᠬᠢᠷᠭᠠᠨ ᠤ ᠱᠠᠩᠨᠠᠯ 20 ᠵᠦᠢᠯ᠂ ᠵᠠᠰᠠᠭ ᠵᠠᠬᠢᠷᠭᠠᠨ ᠤ ᠲᠠᠲᠠᠪᠤᠷᠢ 24᠂ ᠵᠠᠰᠠᠭ ᠵᠠᠬᠢᠷᠭᠠᠨ ᠤ ᠬᠢᠨᠠᠯᠲᠠ ᠲᠠᠯᠪᠢᠵᠤ ᠬᠢᠨᠠᠨ ᠪᠠᠶᠢᠴᠠᠭᠠᠬᠤ 209 ᠵᠦᠢᠯ ᠵᠢᠴᠢ ᠪᠤᠰᠤᠳ ᠡᠷᠬᠡ ᠠᠰᠢᠭ ᠤᠨ ᠡᠷᠬᠡ 168 ᠵᠦᠢᠯ ᠪᠠᠶᠢᠨ᠎ᠠ᠃      ᠳᠠᠷᠠᠭᠠᠴᠢ ᠶᠢᠨ ᠠᠯᠬᠤᠮ ᠳᠤ ᠡᠷᠬᠡ ᠶᠢᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠬᠥᠳᠡᠯᠦᠩᠭᠦᠶ ᠬᠠᠮᠢᠶᠠᠷᠤᠯᠲᠠ ᠶᠢᠨ ᠲᠣᠭᠲᠠᠴᠠ ᠶᠣᠰᠤᠭᠠᠷ᠂ ᠡᠷᠬᠡ ᠶᠢᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠲᠣᠬᠢᠷᠠᠭᠤᠯᠬᠤ ᠪᠠ ᠰᠢᠯᠢᠳᠡᠭᠵᠢᠭᠦᠯᠬᠦ ᠠᠵᠢᠯ ᠢ ᠤᠯᠠᠮ ᠨᠢᠭᠡ ᠠᠯᠬᠤᠮ ᠲᠦᠯᠬᠢᠨ ᠠᠬᠢᠭᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号