ᠦᠬᠠᠶ ᠬᠤᠲᠠ ᠲᠠᠷᠢᠶᠠᠯᠠᠬᠤ ᠣᠷᠣᠨ ᠤ ᠬᠡᠷ ᠲᠡᠭᠡᠨ ᠦᠯᠡᠳᠡᠵᠦ ᠬᠤᠴᠣᠷᠤᠭᠰᠠᠨ ᠬᠡᠦᠬᠡᠳ ᠢ ︽ᠬᠦᠴᠦ ᠪᠠᠨ ᠨᠢᠭᠡᠳᠬᠡᠵᠦ ᠬᠠᠷᠠᠭᠠᠯᠵᠠᠨ ᠬᠠᠮᠠᠭᠠᠯᠠᠵᠤ  ᠬᠠᠨᠢ ᠪᠣᠯᠣᠯᠴᠠᠵᠤ ᠥᠰᠦᠨ ᠪᠤᠶᠢᠵᠢᠭᠤᠯᠬᠤ︾ ᠬᠠᠶᠢᠷᠠᠯᠠᠵᠤ ᠬᠠᠮᠠᠭᠠᠯᠠᠬᠤ ᠲᠤᠰᠬᠠᠶ ᠠᠵᠢᠯᠯᠠᠭ᠎ᠠ ᠶᠢ ᠥᠷᠨᠢᠭᠦᠯᠬᠦ ᠪᠠᠷ ᠪᠣᠢ
ᠨᠡᠶᠢᠲᠡᠯᠡᠭᠰᠡᠨ ᠴᠠᠭ᠄
2017/2/17
     ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠤᠷᠢᠶ᠎ᠠ᠂ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠠᠵᠢᠯ ᠤᠨ ᠵᠥᠪᠯᠡᠯ ᠵᠡᠷᠭᠡ ᠨᠠᠶᠢᠮᠠᠨ ᠰᠠᠯᠠᠭ᠎ᠠ ᠮᠥᠴᠢᠷ ᠤᠨ ᠬᠠᠮᠲᠤᠷᠠᠨ ᠳᠠᠷᠤᠮᠠᠯᠯᠠᠨ ᠲᠠᠷᠬᠠᠭᠰᠠᠨ ︽ᠪᠦᠭᠦ ᠣᠷᠣᠨ ᠤ ᠲᠠᠷᠢᠶᠠᠯᠠᠬᠤ ᠮᠠᠯᠵᠢᠬᠤ ᠣᠷᠣᠨ ᠤ ᠬᠡᠷ ᠲᠡᠭᠡᠨ ᠦᠯᠡᠳᠡᠵᠦ ᠬᠤᠴᠣᠷᠤᠭᠰᠠᠨ ᠬᠡᠦᠬᠡᠳ ᠢ ︿ᠬᠦᠴᠦ ᠪᠠᠨ ᠨᠢᠭᠡᠳᠬᠡᠵᠦ ᠬᠠᠷᠠᠭᠠᠯᠵᠠᠨ ᠬᠠᠮᠠᠭᠠᠯᠠᠵᠤ  ᠬᠠᠨᠢ ᠪᠣᠯᠣᠯᠴᠠᠵᠤ ᠥᠰᠦᠨ ᠪᠣᠶᠢᠵᠢᠭᠤᠯᠬᠤ﹀ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠲᠤᠰᠬᠠᠶ ᠠᠵᠢᠯᠯᠠᠭ᠎ᠠ ᠶᠢᠨ ᠲᠤᠬᠠᠶ ᠮᠡᠳᠡᠭᠳᠡᠯ︾᠎ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ ᠶᠢᠨ ᠲᠤᠰᠠᠳᠠ᠂ ᠡᠨᠡ ᠵᠢᠯ ᠦᠬᠠᠶ ᠬᠤᠲᠠ ᠪᠦᠬᠦ ᠬᠤᠲᠠ ᠶᠢᠨ ᠬᠡᠪᠴᠢᠶᠡᠨ ᠳᠤ ᠲᠠᠷᠢᠶᠠᠯᠠᠬᠤ ᠣᠷᠣᠨ ᠤ ᠭᠡᠷ ᠲᠡᠭᠡᠨ ᠦᠯᠡᠳᠡᠵᠦ ᠬᠤᠴᠣᠷᠤᠭᠰᠠᠨ ᠬᠡᠦᠬᠡᠳ ᠢ ︽ᠬᠦᠴᠦ ᠪᠠᠨ ᠨᠢᠭᠡᠳᠬᠡᠵᠦ ᠬᠠᠷᠠᠭᠠᠯᠵᠠᠨ ᠬᠠᠮᠠᠭᠠᠯᠠᠵᠤ  ᠬᠠᠨᠢ ᠪᠣᠯᠣᠯᠴᠠᠵᠤ ᠥᠰᠦᠨ ᠪᠣᠶᠢᠵᠢᠭᠤᠯᠬᠤ︾ ᠬᠠᠶᠢᠷᠠᠯᠠᠵᠤ ᠬᠠᠮᠠᠭᠠᠯᠠᠬᠤ ᠲᠤᠰᠬᠠᠶ ᠠᠵᠢᠯᠯᠠᠭ᠎ᠠ ᠶᠢ ᠥᠷᠨᠢᠭᠦᠯᠬᠦ ᠪᠠᠷ ᠪᠤᠢ᠃      ᠲᠤᠰ ᠤᠳᠠᠭᠠᠨ ᠤ ᠲᠤᠰᠬᠠᠶ ᠠᠵᠢᠯᠯᠠᠭ᠎ᠠ ᠨᠢ ᠲᠠᠷᠢᠶᠠᠯᠠᠬᠤ ᠣᠷᠣᠨ ᠤ ᠭᠡᠷ ᠲᠡᠭᠡᠨ ᠦᠯᠡᠳᠡᠵᠦ ᠬᠤᠴᠣᠷᠣᠭᠰᠠᠨ ᠬᠡᠦᠬᠡᠳ ᠤᠨ ᠪᠠᠶᠢᠳᠠᠯ ᠢ ᠤᠶᠢᠢᠯᠠᠭᠠᠨ ᠪᠠᠶᠢᠴᠠᠭᠠᠬᠤ ᠠᠵᠢᠯ ᠤᠨ ᠳᠤᠮᠳᠠ ᠣᠯᠵᠤ ᠮᠡᠳᠡᠭᠰᠡᠨ ᠲᠤᠪᠤᠶᠢᠢᠮ᠎ᠠ ᠠᠰᠠᠭᠤᠳᠠᠯ ᠤᠳ ᠢ ᠬᠦᠴᠦ ᠲᠠᠯᠪᠢᠨ ᠰᠢᠶᠳᠪᠦᠷᠢᠯᠡᠵᠦ᠂ ᠬᠠᠷᠠᠭᠠᠯᠵᠠᠨ ᠬᠠᠮᠠᠭᠠᠯᠠᠬᠤ ᠬᠥᠮᠦᠨ ᠦᠭᠡᠢ᠂ ᠡᠴᠢᠭᠡ ᠡᠭᠡ ᠶᠢᠨ ᠨᠢᠭᠡ ᠡᠲᠡᠭᠡᠳ ᠨᠢ ᠭᠠᠳᠠᠭᠰᠢ ᠭᠠᠷᠴᠤ ᠨᠥᠭᠦᠭᠡ ᠨᠢᠭᠡ ᠨᠢ ᠬᠠᠷᠠᠭᠠᠯᠵᠠᠨ ᠬᠠᠮᠠᠭᠠᠯᠠᠬᠤ ᠴᠢᠳᠠᠪᠤᠷᠢ ᠦᠭᠡᠢ᠂ ᠰᠤᠷᠤᠯᠭ᠎ᠠ ᠠᠯᠳᠠᠭᠰᠠᠨ ᠰᠤᠷᠤᠯᠭ᠎ᠠ ᠪᠠᠨ ᠳᠣᠷᠭᠤᠨ ᠵᠣᠭᠰᠣᠭᠠᠭᠰᠠᠨ᠂ ᠡᠷᠦᠬᠡ ᠠᠮᠠ ᠶᠢᠨ ᠳᠠᠩᠰᠠ ᠦᠭᠡᠢ ᠬᠥᠳᠡᠭᠡ ᠲᠣᠰᠬᠤᠨ ᠤ ᠭᠡᠷ ᠲᠡᠭᠡᠨ ᠦᠯᠡᠳᠡᠵᠦ ᠬᠤᠴᠣᠷᠤᠭᠰᠠᠨ ᠬᠡᠦᠬᠡᠳ ᠢ ᠭᠠᠷ ᠳᠦᠷᠦᠨ ᠬᠠᠪᠰᠤᠷᠤᠨ ᠲᠡᠳᠬᠦᠬᠦ ᠶᠢ ᠭᠤᠣᠯᠴᠢᠯᠠᠨ ᠴᠢᠩᠭᠠᠳᠬᠠᠨ᠎ᠠ︔ 2017 ᠣᠨ ᠤ ᠡᠴᠦᠰ ᠪᠣᠯᠬᠤ ᠳᠤ᠂ ᠲᠠᠷᠢᠶᠠᠯᠠᠬᠤ ᠣᠷᠣᠨ ᠤ ᠭᠡᠷ ᠲᠡᠭᠡᠨ ᠦᠯᠡᠳᠡᠵᠦ ᠬᠤᠴᠣᠷᠤᠭᠰᠠᠨ ᠪᠤᠢ ᠪᠦᠬᠦᠢ ᠬᠡᠦᠬᠡᠳ ᠢ ᠪᠦᠲᠦᠮᠵᠢᠲᠡᠢ ᠬᠠᠷᠠᠭᠠᠯᠵᠠᠨ ᠬᠠᠮᠠᠭᠠᠯᠠᠬᠤ ᠬᠦᠷᠢᠶ᠎ᠡ ᠬᠡᠪᠴᠢᠶ᠎ᠡ ᠳᠤ ᠣᠷᠣᠭᠤᠯᠵᠤ᠂ ᠬᠥᠳᠡᠭᠡ ᠲᠣᠰᠬᠤᠨ ᠤ ᠭᠡᠷ ᠲᠡᠭᠡᠨ ᠦᠯᠡᠳᠡᠵᠦ ᠬᠤᠴᠣᠷᠤᠭᠰᠠᠨ ᠬᠡᠦᠬᠡᠳ ᠢ ᠬᠠᠷᠠᠭᠠᠯᠵᠠᠨ ᠬᠠᠮᠠᠭᠠᠯᠠᠬᠤ ᠬᠥᠮᠦᠨ ᠦᠭᠡᠶ ᠪᠠᠶᠢᠬᠤ ᠦᠵᠡᠭᠳᠡᠯ ᠢ ᠡᠷᠡᠰ ᠠᠷᠢᠯᠭᠠᠵᠤ᠂ ᠬᠠᠷᠠᠭᠠᠯᠠᠨ ᠬᠠᠮᠠᠭᠠᠯᠠᠭᠴᠢ ᠨᠢ ᠲᠠᠷᠢᠶᠠᠯᠠᠬᠤ ᠣᠷᠣᠨ ᠤ ᠭᠡᠷ ᠲᠡᠭᠡᠨ ᠦᠯᠡᠳᠡᠵᠦ ᠬᠤᠴᠣᠷᠤᠭᠰᠠᠨ ᠬᠡᠦᠬᠡᠳ ᠤᠨ ᠡᠷᠬᠡ ᠠᠰᠢᠭ ᠢ ᠬᠤᠬᠢᠷᠠᠭᠤᠯᠬᠤ ᠦᠢᠯᠡ ᠠᠵᠢᠯᠯᠠᠭ᠎ᠠ ᠶᠢ ᠪᠦᠲᠦᠮᠵᠢᠲᠡᠶ ᠪᠠᠷ ᠬᠤᠷᠢᠭᠯᠠᠬᠤ ᠪᠠᠷ ᠬᠦᠴᠦᠯᠡᠨ ᠴᠢᠷᠮᠠᠶᠢᠨ᠎ᠠ᠃      ᠲᠤᠰ ᠤᠳᠠᠭᠠᠨ ᠤ ᠲᠤᠰᠬᠠᠶ ᠠᠵᠢᠯᠯᠠᠭ᠎ᠠ ᠠᠴᠠ ᠱᠠᠭᠠᠷᠳᠠᠭᠰᠠᠨ ᠨᠢ᠂ ᠡᠯ᠎ᠡ ᠲᠣᠭᠤᠷᠢᠭ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠦᠨᠡᠨᠬᠦ ᠬᠡᠦᠬᠡᠳ ᠢ ᠡᠩ ᠲᠡᠷᠢᠭᠦᠨ ᠳᠤ ᠪᠠᠶᠢᠯᠭᠠᠬᠤ᠂ ᠲᠦᠷᠤᠯ ᠬᠤᠪᠢᠶᠠᠨ ᠠᠷᠭ᠎ᠠ ᠬᠡᠷᠡᠭᠵᠢᠭᠦᠯᠬᠦ᠂ ᠬᠥᠳᠡᠯᠦᠩᠭᠦᠶ ᠪᠠᠷ ᠬᠠᠮᠢᠶᠠᠷᠬᠤ ᠵᠠᠷᠴᠢᠮ ᠶᠣᠰᠣᠭᠠᠷ᠂ ᠭᠡᠷ ᠪᠦᠯᠢ ᠬᠠᠷᠠᠭᠠᠯᠵᠠᠨ ᠬᠠᠮᠠᠭᠠᠯᠠᠬᠤ᠂ ᠠᠯᠪᠠᠳᠠᠯᠭ᠎ᠠ ᠪᠠᠷ ᠮᠡᠳᠡᠭᠦᠯᠬᠦ᠂ ᠲᠦᠷ ᠴᠠᠭ ᠬᠠᠷᠠᠭᠠᠯᠵᠠᠨ ᠬᠠᠮᠠᠭᠠᠯᠠᠬᠤ᠂ ᠰᠤᠷᠤᠯᠭ᠎ᠠ ᠪᠠᠨ ᠲᠤᠷᠭᠤᠨ ᠵᠣᠭᠰᠣᠭᠠᠬᠤ ᠶᠢ ᠬᠢᠵᠠᠭᠠᠷᠯᠠᠨ ᠰᠤᠷᠤᠯᠭ᠎ᠠ ᠶᠢ ᠪᠠᠲᠤᠯᠠᠬᠤ᠂ ᠡᠷᠥᠭᠡ ᠠᠮᠠ ᠶᠢ ᠨᠢ ᠳᠠᠩᠰᠠᠯᠠᠬᠤ ᠵᠡᠷᠭᠡ ᠲᠠᠪᠤᠨ ᠶᠡᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠲᠦᠯᠬᠢᠨ ᠠᠬᠢᠭᠤᠯᠬᠤ ᠶᠢᠨ ᠬᠠᠮᠲᠤ ᠬᠡᠦᠬᠡᠳ ᠢ ᠭᠤᠯᠣᠵᠤ ᠣᠷᠬᠢᠬᠤ ᠪᠠ ᠬᠤᠣᠷᠯᠠᠬᠤ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠴᠦ᠂ ᠲᠠᠷᠢᠶᠠᠯᠠᠬᠤ ᠣᠷᠣᠨ ᠤ ᠭᠡᠷ ᠲᠡᠭᠡᠨ ᠦᠯᠡᠳᠡᠵᠦ ᠬᠤᠴᠣᠷᠤᠭᠰᠠᠨ ᠬᠡᠦᠬᠡᠳ ᠢ ᠬᠠᠶᠢᠷᠠᠯᠠᠵᠤ ᠬᠠᠮᠠᠭᠠᠯᠠᠬᠤ ᠠᠵᠢᠯ ᠤᠨ ᠰᠢᠰᠲ᠋ᠧᠮᠵᠢ ᠶᠢ ᠤᠯᠠᠮ ᠪᠦᠷᠢᠨᠰᠢᠭᠦᠯᠵᠦ᠂ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠲᠠᠷᠢᠶᠠᠯᠠᠬᠤ ᠣᠷᠣᠨ ᠤ ᠭᠡᠷ ᠲᠡᠭᠡᠨ ᠦᠯᠡᠳᠡᠵᠦ ᠬᠤᠴᠣᠷᠤᠭᠰᠠᠨ ᠬᠡᠦᠬᠡᠳ ᠤᠨ ᠡᠷᠡᠭᠦᠯ ᠢᠶᠠᠷ ᠦᠰᠦᠨ ᠪᠣᠶᠢᠵᠢᠭᠤᠯᠬᠤ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠦᠨᠡᠨᠬᠦ ᠪᠣᠢ ᠪᠣᠯᠭᠠᠵᠤ᠂ ᠲᠠᠷᠢᠶᠠᠯᠠᠬᠤ ᠣᠷᠣᠨ ᠤ ᠭᠡᠷ ᠲᠡᠭᠡᠨ ᠦᠯᠡᠳᠡᠵᠦ ᠬᠤᠴᠣᠷᠤᠭᠰᠠᠨ ᠬᠡᠦᠬᠡᠳ ᠤᠨ ᠪᠡᠶ᠎ᠡ ᠮᠠᠬᠠᠪᠤᠳ ᠤᠨ ᠠᠮᠤᠷ ᠲᠦᠪᠰᠢᠨ ᠤ ᠬᠢᠵᠠᠭᠠᠷ ᠱᠤᠭᠤᠮ ᠢ ᠪᠠᠷᠢᠮᠲᠠᠯᠠᠬᠤ ᠬᠡᠷᠡᠭᠲᠡᠢ ᠭᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号