2 ᠳ᠋ᠤᠭᠠᠷ ᠰᠠᠷ᠎ᠠ ᠶᠢᠨ 19 ᠤ ᠡᠳᠦᠷ ᠤᠨ ᠦᠳᠡ ᠶᠢᠨ ᠡᠮᠦᠨ᠎ᠡ᠂ ᠪᠥᠬᠦ ᠣᠷᠣᠨ ᠤ ᠬᠠᠤᠯᠢ ᠶᠣᠰᠣᠭᠠᠷ | ᠵᠠᠰᠠᠭ ᠶᠠᠪᠤᠭᠤᠯᠬᠤ ᠲᠤᠬᠠᠶ ᠲᠧᠯᠸᠢᠰ ᠳ᠋ᠢᠶᠠᠩᠬᠤᠸᠠ ᠬᠤᠷᠠᠯ ᠬᠥᠬᠡᠬᠤᠲᠠ ᠳᠤ ᠬᠤᠷᠠᠯᠳᠤᠪᠠ᠃ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ | ᠰᠢᠶᠤᠤ ᠯᠢᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ︽ᠲᠦᠷᠪᠡᠨ ᠤᠬᠠᠮᠰᠠᠷ︾ ᠢ ᠦᠨᠡᠨ ᠬᠦ ᠴᠢᠩᠭᠠᠳᠬᠠᠵᠤ | ᠂ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠪᠠᠶᠢᠷᠢ ᠰᠠᠭᠤᠷᠢ ᠶᠢ ᠣᠨᠣᠪᠴᠢᠲᠠᠶ ᠡᠵᠡᠮᠰᠢᠵᠦ᠂ ᠬᠠᠤᠯᠢ ᠪᠠᠷ | ᠵᠠᠰᠠᠬᠤ ᠢᠲᠡᠭᠡᠯ ᠪᠢᠰᠢᠷᠡᠯ ᠪᠣᠯᠤᠨ ᠬᠠᠤᠯᠢ ᠪᠠᠷ ᠵᠠᠰᠠᠬᠤ ᠰᠡᠳᠬᠢᠬᠦᠢ ᠶᠢ ᠪᠤᠢ ᠪᠣᠯᠭᠠᠵᠤ᠂ ᠬᠠᠤᠯᠢ ᠶᠣᠰᠣᠭᠠᠷ ᠵᠠᠰᠠᠭ | ᠶᠠᠪᠤᠭᠤᠯᠬᠤ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | 2016 ᠣᠨ ᠳᠤ᠂ ᠪᠥᠬᠦ ᠣᠷᠣᠨ ᠬᠠᠤᠯᠢ ᠶᠣᠰᠣᠭᠠᠷ ᠵᠠᠰᠠᠭ ᠶᠠᠪᠤᠭᠤᠯᠬᠤ ᠲᠠᠯ᠎ᠠ ᠪᠠᠷ ᠡᠳᠡᠭᠡᠷ ᠶᠠᠪᠤᠳᠠᠯ ᠢ | ᠬᠢᠭᠰᠡᠨ ᠪᠠᠶᠢᠨ᠎ᠠ — — | ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ︽ᠬᠠᠤᠯᠢ ᠪᠠᠷ ᠵᠠᠰᠠᠬᠤ ᠵᠠᠰᠠᠭ ᠤᠨ | ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠲᠣᠪᠴᠢ ︵2015 — 2020 ᠣᠨ︶︾ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠪᠠᠷ ᠲᠣᠬᠢᠶᠠᠯ ᠪᠣᠯᠭᠠᠨ᠂ ︽︿ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠶᠢᠨ ᠬᠡᠷᠡᠭᠵᠢᠭᠦᠯᠬᠦ ᠲᠣᠪᠴᠢ ︵2015 — 2020 ᠣᠨ︶ ﹀ ᠶᠢ ᠨᠠᠶᠢᠳᠠᠪᠤᠷᠢᠵᠢᠭᠤᠯᠬᠤ ᠲᠤᠬᠠᠢ | ᠬᠡᠷᠡᠭᠵᠢᠭᠦᠯᠬᠦ ᠲᠥᠰᠦᠯ︾ ᠢ ᠲᠤᠭᠲᠠᠭᠠᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠡᠬᠡᠬᠡᠨ | ᠲᠠᠪᠰᠢᠯᠳᠠ ᠲᠠᠢ ᠪᠣᠯᠵᠠᠶ᠃ | | | | | | ᠬᠠᠤᠯᠢ ᠶᠣᠰᠣᠭᠠᠷ ᠵᠠᠰᠠᠭ ᠶᠠᠪᠤᠭᠤᠯᠬᠤ ᠲᠦᠷᠢᠮ ᠤᠨ ᠪᠠᠶᠢᠭᠤᠯᠤᠯᠲᠠ — — | ᠭᠤᠣᠯᠳᠠᠯᠭ᠎ᠠ ᠲᠠᠢ ᠬᠦᠷᠢᠶᠡᠨ ᠳᠠᠬᠢ ᠬᠠᠤᠯᠢ ᠲᠤᠭᠲᠠᠭᠠᠬᠤ ᠶᠢ ᠳᠤᠪᠤᠶᠢᠯᠭᠠᠨ᠂ ᠠᠷᠠᠳᠴᠢᠯᠠᠯ ᠢᠶᠠᠷ ᠬᠠᠤᠯᠢ | ᠲᠣᠭᠲᠠᠭᠠᠬᠤ ᠶᠢ ᠪᠠᠷᠢᠮᠲᠠᠯᠠᠵᠤ᠂ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠵᠠᠰᠠᠭ ᠤᠨ ᠣᠷᠳᠣᠨ ᠤ | ᠳᠦᠷᠢᠮ ᠲᠤᠭᠲᠠᠭᠠᠯ ᠤᠨ ᠲᠦᠰᠦᠯ ᠪᠦᠷᠢ ᠳᠤ ᠪᠦᠷ ᠵᠠᠭᠤᠴᠢᠯᠠᠭᠤᠷ ᠢᠶᠠᠷ ᠳᠠᠮᠵᠢᠨ ᠨᠡᠶᠢᠭᠡᠮ ᠤᠨ ᠡᠯ᠎ᠡ ᠡᠲᠡᠭᠡᠳ ᠤᠨ | ᠰᠠᠨᠠᠯ ᠢ ᠥᠷᠭᠡᠨ ᠢᠶᠠᠷ ᠬᠤᠷᠢᠶᠠᠵᠤ᠂ ᠬᠢᠨᠠᠨ ᠪᠠᠶᠢᠴᠠᠭᠠᠬᠤ᠂ ᠵᠠᠰᠠᠪᠤᠷᠢ ᠣᠷᠣᠭᠤᠯᠬᠤ ᠶᠠᠪᠤᠴᠠ ᠳᠤ ᠪᠦᠷ | ᠭᠡᠷᠡᠴᠢᠯᠡᠭᠡ ᠬᠢᠯᠭᠡᠬᠦ ᠬᠤᠷᠠᠯ᠂ ᠨᠤᠲᠠᠯᠠᠯᠲᠠ ᠶᠢᠨ ᠬᠤᠷᠠᠯ ᠬᠤᠷᠠᠯᠳᠤᠭᠤᠯᠵᠤ᠂ ᠵᠠᠰᠠᠭ ᠤᠨ ᠣᠷᠳᠣᠨ ᠤ ᠬᠠᠤᠯᠢ | ᠲᠣᠭᠲᠠᠭᠠᠬᠤ ᠠᠵᠢᠯ ᠢ ᠨᠡᠩ ᠰᠢᠨᠵᠢᠯᠡᠬᠦ ᠤᠬᠠᠭᠠᠨᠴᠢ ᠴᠢᠨᠠᠷᠲᠠᠶ ᠪᠤᠯᠭᠠᠵᠤ᠂ 12 ᠠᠶᠢᠮᠠᠭ ᠬᠤᠲᠠ ᠳᠤ ᠪᠦᠷ | ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ︽ᠭᠤᠷᠪᠠ ᠶᠢ ᠨᠢᠭᠡᠳᠦᠭᠦᠯᠬᠦ︾ ᠳᠦᠷᠢᠮ ᠢ ᠪᠠᠶᠢᠭᠤᠯᠵᠡᠢ᠃ | ᠨᠢᠭᠡ ᠵᠢᠯ ᠤᠨ ᠲᠤᠷᠰᠢ᠂ ᠪᠥᠬᠦ ᠣᠷᠣᠨ ᠡᠯ᠎ᠡ ᠵᠦᠢᠯ ᠤᠨ ᠪᠢᠴᠢᠭ ᠮᠠᠲ᠋ᠧᠷᠢᠶᠠᠯ ᠳᠤ ᠬᠠᠤᠯᠢ ᠶᠤᠰᠤᠨ ᠤ | ᠬᠢᠨᠠᠨ ᠪᠠᠶᠢᠴᠠᠭᠠᠯᠲᠠ ᠨᠡᠶᠢᠲᠡ 4795 ᠤᠳᠠᠭ᠎ᠠ ᠬᠢᠵᠦ᠂ ᠠᠳᠠᠯᠢ ᠬᠤᠭᠤᠴᠠᠭᠠᠨ ᠤ ᠬᠢ ᠠᠴᠠ 71.2% | ᠨᠡᠮᠡᠭᠳᠡᠵᠦ᠂ ᠵᠠᠯᠠᠷᠠᠭᠤᠯᠬᠤ ᠰᠠᠨᠠᠯ 4496 ᠵᠦᠢᠯ ᠳᠤᠷᠠᠳᠪᠠ᠃ | | | | | | ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ — — | ᠨᠢᠭᠡ ᠵᠢᠯ ᠤᠨ ᠲᠤᠷᠰᠢ᠂ ᠥᠪᠡᠷᠲᠡᠭᠡᠨ ᠵᠠᠰᠠᠬᠤ ᠣᠷᠣᠨ 196 ᠵᠦᠢᠯ ᠤᠨ ᠵᠠᠰᠠᠭ ᠵᠠᠬᠢᠷᠭᠠᠨ ᠤ ᠡᠷᠬᠡ ᠶᠢ | ᠳᠤᠷᠤᠭᠰᠢ ᠪᠠᠭᠤᠯᠭᠠᠭᠰᠠᠨ ᠤ ᠬᠠᠮᠲᠤ ᠨᠡᠶᠢᠭᠡᠮ ᠨᠡᠶᠢᠲᠡ ᠳᠤ ᠦᠯᠡᠳᠡᠭᠡᠭᠰᠡᠨ 302 ᠵᠦᠢᠯ ᠤᠨ ᠵᠠᠰᠠᠭ ᠵᠠᠬᠢᠷᠭᠠᠨ ᠤ | ᠬᠢᠨᠠᠨ ᠵᠥᠪᠰᠢᠶᠡᠷᠡᠬᠦ ᠵᠦᠢᠯᠡᠰ ᠢ ᠨᠡᠶᠢᠲᠡᠯᠡᠪᠡ᠃ ︽ᠬᠤᠶᠠᠷ ᠢ ᠲᠠᠰᠢᠷᠠᠮ ᠢᠶᠠᠷ ᠬᠢᠬᠦ᠂ ᠨᠢᠭᠡ ᠶᠢ ᠢᠯᠡ ᠪᠣᠯᠭᠠᠬᠤ︾ | ᠬᠢᠨᠠᠯᠲᠠ ᠬᠠᠮᠢᠶᠠᠷᠤᠯᠲᠠ ᠶᠢᠨ ᠵᠠᠭᠪᠤᠷ ᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠤᠰᠢᠭᠤ ᠰᠢᠶᠠᠨ ᠤ ᠱᠠᠲᠤᠨ ᠠᠴᠠ | ᠳᠡᠭᠡᠭᠰᠢᠬᠢ ᠵᠠᠰᠠᠭ ᠤᠨ ᠣᠷᠳᠣᠨ ᠵᠢᠴᠢ ᠲᠡᠭᠦᠨ ᠤ ᠰᠠᠯᠠᠭ᠎ᠠ ᠮᠦᠴᠢᠷ ᠤᠳ ᠤᠨ ᠪᠦᠬᠦᠨ ᠳᠤᠨᠢ ︽ᠨᠢᠭᠡ ᠬᠠᠭᠤᠳᠠᠰᠤ | ᠬᠤᠶᠠᠷ ᠬᠥᠮᠥᠷᠭᠡ ᠨᠢᠭᠡ ᠨᠠᠷᠢᠨ ᠳᠦᠷᠢᠮ︾ ᠤᠨ ᠠᠵᠢᠯ ᠤᠨ ᠲᠣᠭᠲᠠᠴᠠ ᠶᠢ ᠪᠠᠶᠢᠭᠤᠯᠪᠠ᠃ | | | | | | ᠵᠠᠰᠠᠭ ᠤᠨ ᠶᠠᠪᠤᠳᠠᠯ ᠢ ᠢᠯᠡ ᠪᠤᠯᠭᠠᠪᠠ — — | ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠲᠦᠯᠬᠢᠨ ᠠᠬᠢᠭᠤᠯᠬᠤ ᠲᠤᠬᠠᠢ ᠥᠪᠡᠷᠲᠡᠭᠡᠨ ᠵᠠᠰᠠᠬᠤ | ᠣᠷᠣᠨ ᠤ ᠬᠠᠮᠢᠶ᠎ᠠ ᠪᠥᠬᠦᠢ ᠲᠥᠬᠦᠷ ᠬᠡᠷᠡᠭᠵᠢᠭᠦᠯᠬᠦ ᠰᠠᠨᠠᠯ ᠢ ᠲᠤᠭᠲᠠᠭᠠᠪᠠ᠃ ︽ᠢᠨᠲ᠋ᠧᠷ ᠰᠦᠯᠵᠢᠶ᠎ᠡ + | ᠵᠠᠰᠠᠭ ᠤᠨ ᠶᠠᠪᠤᠳᠠᠯ ᠤᠨ ᠦᠶᠯᠡᠴᠢᠯᠡᠭᠡ︾ ᠶᠢ ᠲᠦᠯᠬᠢᠨ ᠠᠬᠢᠭᠤᠯᠵᠤ᠂ ᠪᠦᠬᠦ ᠣᠷᠣᠨ ᠤ 1955 ᠵᠠᠰᠠᠭ ᠤᠨ | ᠣᠷᠳᠣᠨ ᠤ ᠰᠦᠯᠵᠢᠶ᠎ᠡ ᠨᠢ ︽ᠮᠡᠳᠡᠭᠡ ᠵᠠᠩᠭᠢ ᠶᠢ ᠢᠯᠡ ᠪᠣᠯᠭᠠᠬᠤ᠂ ᠠᠵᠢᠯ ᠶᠠᠪᠤᠳᠠᠯ ᠭᠦᠢᠴᠡᠳᠬᠡᠬᠦ ᠳᠤ | ᠦᠢᠯᠡᠴᠢᠯᠡᠬᠦ᠂ ᠵᠠᠰᠠᠭ ᠤᠨ ᠣᠷᠳᠣᠨ ᠠᠷᠠᠳ ᠢᠷᠭᠡᠳ ᠬᠠᠷᠢᠯᠴᠠᠨ ᠬᠦᠲᠡᠯᠦᠯᠴᠡᠬᠦ︾ ᠴᠢᠳᠠᠮᠵᠢ ᠶᠢᠨ ᠣᠷᠣᠨ | ᠪᠠᠶᠢᠷᠢ ᠶᠢᠨ ᠲᠤᠭᠤᠷᠢᠨ ᠳᠤ᠂ ᠮᠡᠳᠡᠭᠡ ᠵᠠᠩᠭᠢ ᠨᠡᠶᠢᠲᠡᠯᠡᠬᠦ ᠪᠠ ᠵᠠᠰᠠᠭ ᠤᠨ ᠣᠷᠳᠣᠨ ᠤ ᠦᠢᠯᠡᠴᠢᠯᠡᠬᠦ ᠲᠠᠪᠴᠠᠩ ᠤᠨ | ᠦᠢᠯᠡᠳᠦᠯ ᠢ ᠪᠠᠳᠠᠷᠠᠭᠤᠯᠪᠠ᠃ ᠤᠳᠤᠬᠠᠨ ᠳᠤ᠂ ᠪᠦᠬᠦ ᠣᠷᠣᠨ ᠳᠤ ᠨᠢᠭᠡᠨᠲᠡ ᠵᠠᠰᠠᠭ ᠤᠨ ᠶᠠᠪᠤᠳᠠᠯ ᠤᠨ | ᠲᠦᠷᠦᠯ ᠤᠨ ᠪᠢᠴᠢᠯ ᠪᠯᠤᠭ 5 ᠲᠦᠮᠡ ᠭᠠᠷᠤᠶ᠂ ᠵᠠᠰᠠᠭ ᠤᠨ ᠶᠠᠪᠤᠳᠠᠯ ᠤᠨ ᠸᠢᠴᠠᠲ 3000 ᠭᠠᠷᠤᠶ ᠪᠠᠶᠢᠨ᠎ᠠ᠃ | | | | | | | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ — — | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ | ᠨᠢᠭᠡ ᠨᠠᠭᠤᠷ ᠨᠢᠭᠡ ᠠᠭᠤᠯᠠ᠂ ᠨᠢᠭᠡ ᠨᠤᠲᠤᠭ ᠤᠷᠤᠨ ᠨᠢᠭᠡ ᠠᠭᠤᠷᠬᠠᠶ ᠶᠢᠨ ᠣᠷᠣᠨ︾ ᠢ ᠭᠠᠵᠠᠷ ᠣᠷᠣᠨ | ᠠᠯᠤᠰᠯᠠᠭᠰᠠᠨ ᠰᠠᠯᠠᠭ᠎ᠠ ᠮᠦᠴᠢᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠤᠷᠰᠢᠯᠲᠠ ᠶᠢᠨ ᠨᠢᠭᠡᠴᠡ ᠪᠠᠷ | ᠲᠤᠭᠲᠠᠭᠠᠵᠤ᠂ ᠬᠤᠳᠠ ᠶᠢᠨ ᠬᠠᠮᠢᠶᠠᠷᠤᠯᠲᠠ ᠶᠢᠨ ᠬᠦᠷᠢᠶ᠎ᠡ᠂ ᠰᠣᠶᠣᠯ ᠤᠨ ᠵᠠᠬ᠎ᠠ ᠳᠡᠯᠭᠡᠭᠦᠷ ᠤᠨ ᠬᠦᠷᠢᠶ᠎ᠡ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠢᠷᠢ | ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ | | | | | | ᠤᠯᠠᠨ ᠡᠰᠢᠲᠦ ᠵᠥᠷᠢᠴᠡᠯ ᠢ ᠠᠷᠢᠯᠭᠠᠬᠤ ᠲᠣᠭᠲᠠᠴᠠ — — | ᠤᠯᠠᠨ ᠡᠰᠢᠲᠦ ᠵᠥᠷᠢᠴᠡᠯ ᠢ ᠠᠷᠢᠯᠭᠠᠬᠤ ᠲᠣᠭᠲᠠᠴᠠ ᠤᠯᠠᠮ ᠪᠦᠷᠢᠨᠰᠢᠪᠡ᠃ ᠵᠠᠰᠠᠭ ᠵᠠᠬᠢᠷᠭᠠᠨ ᠤ | ᠮᠠᠷᠭᠤᠯᠳᠤᠭᠠᠨ ᠢ ᠵᠠᠰᠠᠭ ᠵᠠᠬᠢᠷᠭᠠᠨ ᠤ ᠳᠠᠬᠢᠨ ᠵᠦᠪᠯᠡᠬᠦ ᠪᠠᠷ ᠠᠷᠢᠯᠭᠠᠬᠤ ᠭᠤᠣᠯ ᠠᠷᠭ᠎ᠠ ᠵᠠᠮ ᠤᠨ ᠦᠢᠯᠡᠳᠦᠯ ᠢ | ᠪᠠᠳᠠᠷᠠᠭᠤᠯᠵᠤ᠂ 2016 ᠣᠨ ᠳᠤ᠂ ᠪᠥᠬᠦ ᠣᠷᠣᠨ ᠨᠡᠶᠢᠲᠡ ᠵᠠᠰᠠᠭ ᠵᠠᠬᠢᠷᠭᠠᠨ ᠤ ᠳᠠᠬᠢᠨ ᠵᠥᠪᠯᠡᠬᠦ ᠬᠡᠷᠡᠭ ᠢ | 2024 ᠰᠢᠢᠳᠪᠦᠷᠢᠯᠡᠵᠦ᠂ ᠶᠡᠷᠦᠩᠬᠡᠶᠢᠯᠡᠭᠰᠡᠨ ᠵᠠᠯᠠᠷᠠᠭᠤᠯᠭ᠎ᠠ ᠶᠢᠨ ᠨᠤᠷᠮ᠎ᠠ 28.16% ᠳᠤ ᠬᠦᠷᠪᠡ᠃ | |