ᠨᠡᠶᠢᠭᠡᠮ ᠠᠴᠠ ︽ᠥᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠢ ᠶᠢᠨ ᠠᠮᠵᠢᠯᠳᠠ ᠪᠦᠳᠦᠮᠵᠢ ᠶᠢᠨ ᠦᠵᠡᠬᠦᠯᠦᠯᠭᠡ︾᠎ ᠶᠢᠨ ᠬᠠᠮᠢᠶᠠᠲᠠᠢ ᠭᠡᠷᠡᠯ ᠵᠢᠷᠤᠭ᠂ ᠲᠡᠦᠭᠡ ᠶᠢᠨ ᠮᠠᠲ᠋ᠧᠷᠢᠶᠠᠯ᠂ ᠬᠠᠭᠤᠴᠢᠨ ᠡᠳ᠋ᠯᠡᠯ ᠭᠡᠷᠡᠭᠰᠡᠯ ᠡᠯᠰᠡᠨ ᠴᠤᠬᠯᠠᠭᠤᠯᠬᠤ ᠠᠯᠪᠡᠨ ᠮᠡᠳᠡᠭᠡ
ᠨᠡᠶᠢᠲᠡᠯᠡᠭᠰᠡᠨ ᠴᠠᠭ᠄
2017/2/20
     ︽ᠥᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢᠨ ᠠᠮᠵᠢᠯᠳᠠ ᠪᠦᠳᠦᠮᠵᠢ ᠶᠢᠨ ᠦᠵᠡᠬᠦᠯᠦᠯᠭᠡ︾᠎ ᠶᠢ ᠡᠨᠡ ᠵᠢᠯ ᠤᠨ 8 ᠳ᠋ᠤᠭᠠᠷ ᠰᠠᠷ᠎ᠠ ᠳᠤ ᠡᠷᠬᠢᠯᠡᠨ ᠶᠠᠪᠤᠭᠳᠠᠭᠤᠯᠤᠨ᠎ᠠ᠂ ᠦᠪᠡᠷᠲᠡᠭᠡᠨ ᠵᠠᠰᠠᠬᠤ ᠤᠷᠤᠨ ᠤ ᠬᠦᠭᠵᠢᠯᠳᠠ ᠶᠢᠨ ᠠᠬᠢᠴᠠ ᠶᠢ ᠭᠡᠷᠡᠴᠢᠯᠡᠬᠦ ᠶᠢᠨ ᠲᠦᠯᠦᠭᠡ᠂ ᠤᠳᠤ ᠨᠡᠶᠢᠭᠡᠮ ᠠᠴᠠ ᠭᠡᠷᠡᠯ ᠵᠢᠷᠤᠭ᠂ ᠲᠡᠦᠭᠡ ᠶᠢᠨ ᠮᠠᠲ᠋ᠧᠷᠢᠶᠠᠯ᠂ ᠬᠠᠭᠤᠴᠢᠨ ᠡᠳ᠋ᠯᠡᠯ ᠭᠡᠷᠡᠭᠰᠡᠯ ᠢ ᠢᠯᠡ ᠪᠠᠷ ᠡᠯᠰᠡᠨ ᠴᠤᠬᠯᠠᠭᠤᠯᠬᠤ ᠪᠠᠷ ᠪᠤᠢ᠃      ᠨᠢᠭᠡ᠂ ᠡᠯᠰᠡᠨ ᠴᠤᠬᠯᠠᠭᠤᠯᠬᠤ ᠠᠭᠤᠯᠭ᠎ᠠ      1.ᠦᠪᠡᠷᠲᠡᠭᠡᠨ ᠵᠠᠰᠠᠬᠤ ᠤᠷᠤᠨ ᠤ 70 ᠵᠢᠯ ᠤᠨ ᠲᠤᠷᠰᠢᠬᠢ ᠡᠯ᠎ᠠ ᠠᠵᠢᠯ ᠲᠦᠷᠦᠯ ᠤᠨ ᠬᠦᠭᠵᠢᠯᠳᠠ ᠶᠢᠨ ᠠᠮᠵᠢᠯᠳᠠ ᠪᠦᠳᠦᠮᠵᠢ ᠶᠢ ᠲᠤᠰᠬᠠᠵᠦ ᠴᠢᠳᠠᠬᠤ ᠭᠡᠷᠡᠯ ᠵᠢᠷᠤᠭ᠃      2.ᠬᠤᠳᠠ ᠪᠠ ᠮᠠᠯᠵᠢᠬᠤ ᠲᠠᠷᠢᠶᠠᠯᠠᠬᠤ ᠤᠷᠤᠨ ᠤ ᠰᠠᠭᠤᠷᠢ ᠲᠦᠬᠦᠭᠡᠷᠤᠮᠵᠢ ᠶᠢᠨ ᠪᠦᠳᠦᠭᠡᠨ ᠪᠠᠶᠢᠭᠤᠯᠤᠯᠳᠠ᠂ ᠪᠠᠶᠢᠭᠠᠯᠢ ᠶᠢᠨ ᠦᠩᠭᠡ ᠦᠵᠡᠮᠵᠢ᠂ ᠤᠶᠤᠨ ᠰᠠᠨᠠᠭᠠᠨ ᠤ ᠬᠡᠪ ᠨᠠᠮᠪᠠ ᠵᠢᠴᠢ ᠤᠯᠠᠨ ᠲᠦᠮᠡᠨ ᠤ ᠠᠮᠢᠳᠤᠷᠠᠯ ᠤᠨ ᠰᠢᠨ᠎ᠠ ᠬᠠᠭᠤᠴᠢᠨ ᠪᠠᠶᠢᠳᠠᠯ ᠢ ᠠᠳᠠᠯᠢᠳᠬᠠᠭᠰᠠᠨ ᠭᠡᠷᠡᠯ ᠵᠢᠷᠤᠭ᠃      3.ᠦᠪᠡᠷᠲᠡᠭᠡᠨ ᠵᠠᠰᠠᠬᠤ ᠤᠷᠤᠨ ᠤ ᠬᠦᠭᠵᠢᠯᠳᠠ ᠶᠢᠨ ᠠᠬᠢᠴᠠ ᠳᠤᠮᠳᠠᠬᠢ ᠲᠡᠦᠭᠡ ᠶᠢᠨ ᠮᠠᠲ᠋ᠧᠷᠢᠶᠠᠯ᠂ ᠰᠤᠷᠪᠤᠯᠵᠢ ᠪᠢᠴᠢᠭ᠂ ᠪᠢᠴᠢᠭ ᠮᠠᠲ᠋ᠧᠷᠢᠶᠠᠯ ᠵᠡᠷᠭᠡ ᠵᠢᠴᠢ ᠡᠯ᠎ᠠ ᠲᠦᠷᠦᠯ ᠤᠨ ᠪᠠᠷᠢᠮᠳᠠ ᠭᠡᠷᠡᠴᠢᠯᠡᠭᠡ᠂ ᠲᠡᠦᠭᠡ ᠶᠢᠨ ᠦᠩᠭᠡ ᠪᠤᠳᠤᠭ ᠪᠦᠬᠦᠢ ᠬᠤᠯᠪᠤᠭᠳᠠᠯ ᠪᠦᠬᠦᠢ ᠭᠡᠷᠡᠴᠢ ᠦᠨᠡᠮᠯᠡᠯ᠂ ᠵᠢᠱᠢᠶᠡᠯᠡᠪᠡᠯ᠂ ᠤᠷᠤᠭ ᠤᠨ ᠪᠠᠳᠤᠯᠠᠪᠤᠷᠢ᠂ ᠭᠠᠵᠠᠷ ᠰᠢᠷᠤᠢ ᠶᠢᠨ ᠭᠡᠷᠡᠴᠢᠯᠡᠭᠡ᠂ ᠭᠡᠷ ᠪᠠᠶᠢᠰᠢᠩ ᠠᠷᠠᠯᠵᠢᠶᠠᠯᠠᠭᠰᠠᠨ ᠭᠡᠷ᠎ᠠ᠂ ᠭᠡᠷ ᠤᠨ ᠴᠠᠳᠢᠭ᠂ ᠡᠵᠡᠩᠨᠡᠯᠳᠠ ᠶᠢᠨ ᠦᠨᠡᠮᠯᠡᠯ ᠵᠡᠷᠭᠡ᠃      4.ᠤᠯᠠᠨ ᠲᠦᠮᠡᠨ ᠤ ᠠᠮᠢᠳᠤᠷᠠᠯ ᠤᠨ ᠪᠠᠶᠢᠳᠠᠯ ᠢ ᠲᠤᠰᠬᠠᠭᠰᠠᠨ ᠬᠠᠭᠤᠴᠢᠨ ᠡᠳ᠋ᠯᠡᠯ ᠭᠡᠷᠡᠭᠰᠡᠯ᠂ ᠵᠢᠱᠢᠶᠡᠯᠡᠪᠡᠯ᠂ ᠡᠳᠦᠷ ᠳᠤᠳᠤᠮ ᠤᠨ ᠭᠡᠷᠡᠭᠯᠡᠭᠡᠨ ᠤ ᠡᠳ᠋᠂ ᠭᠡᠷ ᠤᠨ ᠡᠳ᠋ᠯᠡᠯ᠂ ᠦᠢᠯᠡᠳᠪᠤᠷᠢᠯᠡᠯ ᠤᠨ ᠪᠠᠭᠠᠵᠢ ᠭᠡᠷᠡᠭᠰᠡᠯ᠂ ᠡᠳᠦᠷ ᠳᠤᠳᠤᠮ ᠤᠨ ᠠᠷᠰᠠᠷ ᠵᠦᠢᠯᠡᠰ ᠵᠢᠴᠢ ᠦᠨᠳᠦᠰᠦᠳᠡᠨ ᠤ ᠰᠤᠶᠤᠯ ᠵᠠᠩ ᠦᠢᠯᠡ ᠶᠢ ᠲᠤᠰᠬᠠᠵᠦ ᠴᠢᠳᠠᠬᠤ ᠡᠳ᠋ ᠪᠤᠳᠠᠰ ᠵᠡᠷᠭᠡ᠃      ᠬᠤᠶᠠᠷ᠂ ᠡᠯᠰᠡᠨ ᠴᠤᠬᠯᠠᠭᠤᠯᠬᠤ ᠱᠠᠭᠠᠷᠳᠠᠯᠭ᠎ᠠ      1. ᠭᠡᠷᠡᠯ ᠵᠢᠷᠤᠭ ᠤᠨ ᠪᠦᠳᠦᠭᠡᠯ ᠨᠢ ᠭᠡᠷᠡᠯ ᠵᠢᠷᠤᠭ ᠤᠨ ᠠᠭᠤᠯᠭ᠎ᠠ ᠶᠢ ᠵᠠᠰᠠᠵᠦ ᠪᠤᠯᠬᠤ ᠦᠭᠡᠢ᠂ ᠵᠦᠪᠭᠡᠨ ᠭᠡᠷᠡᠯᠳᠦᠴᠠ ᠶᠢᠨ ᠭᠡᠮᠵᠢᠶ᠎ᠠ ᠵᠢᠴᠢ ᠳᠤᠳᠤᠴᠠ ᠶᠢ ᠲᠤᠬᠢᠷᠠᠭᠤᠯᠵᠦ ᠪᠤᠯᠤᠨ᠎ᠠ᠂ ᠪᠦᠳᠦᠭᠡᠯ ᠪᠦᠷᠢ ᠨᠢ 5MB᠎ ᠠᠴᠠ ᠶᠡᠭᠡ ᠪᠠᠶᠢᠬᠤ ᠭᠡᠷᠡᠭᠲᠡᠢ᠃      2. ᠭᠡᠷᠡᠯ ᠵᠢᠷᠤᠭ ᠤᠨ ᠵᠤᠬᠢᠶᠠᠭᠴᠢ ᠨᠢ ᠡᠷᠭᠡᠪᠰᠢ ᠲᠤᠰᠢᠶᠠᠭᠰᠠᠨ ᠪᠦᠳᠦᠭᠡᠯ ᠤᠨ ᠢᠶᠠᠨ ᠴᠤᠷ ᠤᠨ ᠭᠠᠭᠴᠠ ᠭᠡᠪᠯᠡᠯ ᠤᠨ ᠡᠷᠭᠡ ᠶᠢᠨ ᠦᠮᠴᠢᠯᠡᠭᠴᠢ ᠪᠠᠶᠢᠬᠤ ᠭᠡᠷᠡᠭᠲᠡᠢ᠃      3. ᠲᠡᠦᠭᠡ ᠶᠢᠨ ᠮᠠᠲ᠋ᠧᠷᠢᠶᠠᠯ ᠨᠢ ᠦᠨᠡᠨ ᠪᠤᠳᠠᠳᠠᠢ ᠪᠠᠶᠢᠬᠤ ᠭᠡᠷᠡᠭᠲᠡᠢ ᠪᠦᠭᠡᠳ ᠢᠷᠠᠯᠳᠠ ᠶᠢ ᠳᠤᠳᠤᠷᠬᠠᠶᠢᠯᠠᠭᠰᠠᠨ ᠪᠠᠶᠢᠬᠤ ᠭᠡᠷᠡᠭᠲᠡᠢ︔ ᠬᠠᠭᠤᠴᠢᠨ ᠡᠳ᠋ᠯᠡᠯ ᠭᠡᠷᠡᠭᠰᠡᠯ ᠨᠢ ᠤᠯᠠᠮᠵᠢᠯᠠᠨ ᠳᠠᠮᠵᠢᠭᠳᠠᠭᠰᠠᠨ ᠡᠮᠬᠢ ᠳᠠᠷᠠᠭ᠎ᠠ ᠲᠠᠢ ᠪᠠᠶᠢᠵᠦ᠂ ᠦᠯᠢᠭᠡᠷ ᠲᠠᠢ ᠪᠠᠶᠢᠬᠤ ᠶᠢᠨ ᠬᠠᠮᠳᠦ ᠪᠠᠰᠠ ᠵᠤᠬᠢᠬᠤ ᠭᠡᠮᠵᠢᠶᠠᠨ ᠤ ᠲᠦᠯᠦᠭᠡᠯᠡᠬᠦ ᠴᠢᠨᠠᠷ ᠲᠠᠢ ᠪᠠᠶᠢᠬᠤ ᠭᠡᠷᠡᠭᠲᠡᠢ᠃      ᠭᠤᠷᠪᠠ᠂ ᠡᠯᠰᠡᠨ ᠴᠤᠬᠯᠠᠭᠤᠯᠬᠤ ᠠᠷᠭ᠎ᠠ ᠭᠡᠯᠪᠡᠷᠢ      1. ᠥᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢᠨ ᠠᠮᠵᠢᠯᠳᠠ ᠪᠦᠳᠦᠮᠵᠢ ᠶᠢᠨ ᠦᠵᠡᠬᠦᠯᠦᠯᠭᠡ ᠨᠢ ᠨᠡᠶᠢᠳᠡ ᠶᠢᠨ ᠠᠰᠠᠷᠠᠮᠵᠢ ᠶᠢᠨ ᠴᠢᠨᠠᠷᠳᠠᠢ ᠦᠵᠡᠬᠦᠯᠦᠯᠭᠡ ᠪᠤᠯᠤᠨ᠎ᠠ᠂ ᠲᠤᠰ ᠤᠳᠠᠭᠠᠨ ᠤ ᠡᠯᠰᠡᠨ ᠴᠤᠬᠯᠠᠭᠤᠯᠬᠤ ᠠᠷᠭ᠎ᠠ ᠭᠡᠯᠪᠡᠷᠢ ᠨᠢ ᠭᠤᠤᠯᠳᠠᠭᠤ ᠬᠠᠨᠳᠢᠪᠯᠠᠬᠤ ᠪᠠ ᠵᠢᠭᠡᠯᠡᠨ ᠦᠵᠡᠬᠦᠯᠬᠦ ᠭᠡᠯᠪᠡᠷᠢ ᠪᠠᠶᠢᠵᠦ᠂ ᠪᠠᠶᠢᠳᠠᠯ ᠢ ᠦᠵᠡᠨ ᠵᠤᠬᠢᠬᠤ ᠭᠡᠮᠵᠢᠶ᠎ᠠ ᠪᠠᠷ ᠱᠠᠩᠨᠠᠨ ᠬᠦᠬᠢᠬᠦᠯᠦᠨ᠎ᠠ᠃      2.ᠭᠡᠷᠡᠯ ᠵᠢᠷᠤᠭ ᠨᠢ ᠵᠢᠷᠤᠭ ᠤᠨ ᠲᠠᠶᠢᠯᠪᠤᠷᠢ᠂ ᠰᠡᠬᠦᠳᠡᠷᠯᠡᠭᠰᠡᠨ ᠴᠠᠭ᠂ ᠭᠠᠵᠠᠷ᠂ ᠵᠤᠬᠢᠶᠠᠭᠴᠢ᠂ ᠬᠠᠷᠢᠯᠴᠠᠬᠤ ᠤᠳᠠᠰᠤ ᠪᠠᠨ ᠳᠠᠭᠠᠯᠳᠤᠭᠤᠯᠤᠨ ᠦᠭᠬᠦ ᠭᠡᠷᠡᠭᠲᠡᠢ︔ ᠲᠡᠦᠭᠡ ᠶᠢᠨ ᠮᠠᠲ᠋ᠧᠷᠢᠶᠠᠯ᠂ ᠬᠠᠭᠤᠴᠢᠨ ᠡᠳ᠋ᠯᠡᠯ ᠭᠡᠷᠡᠭᠰᠡᠯ ᠨᠢ ᠭᠡᠷᠡᠯ ᠵᠢᠷᠤᠭ᠂ ᠬᠤᠯᠪᠤᠭᠳᠠᠯ ᠪᠦᠬᠦᠢ ᠲᠠᠶᠢᠯᠪᠤᠷᠢ ᠵᠢᠴᠢ ᠬᠠᠷᠢᠯᠴᠠᠬᠤ ᠤᠳᠠᠰᠤ ᠪᠠᠨ ᠳᠠᠭᠠᠯᠳᠤᠭᠤᠯᠤᠨ ᠥᠭᠬᠦ ᠭᠡᠷᠡᠭᠲᠡᠢ᠃      3. ᠬᠢᠨᠠᠨ ᠳᠤᠭᠳᠠᠭᠠᠭᠠᠳ ᠭᠡᠷᠡᠭᠯᠡᠬᠦ ᠪᠠᠷ ᠪᠤᠯᠪᠠᠯ᠂ ᠤᠳᠠᠰᠤ ᠪᠠᠷ ᠮᠡᠳᠡᠭᠳᠡᠬᠦ ᠶᠢᠨ ᠬᠠᠮᠳᠦ ᠬᠠᠨᠳᠢᠪᠯᠠᠭᠰᠠᠨ ᠭᠡᠷᠡᠴᠢ ᠪᠢᠴᠢᠭ᠂ ᠵᠢᠭᠡᠯᠡᠨ ᠦᠵᠡᠬᠦᠯᠬᠦ ᠵᠦᠪᠳᠡᠯᠴᠡᠭᠡᠷ ᠵᠡᠷᠭᠡ ᠬᠤᠯᠪᠤᠭᠳᠠᠯ ᠪᠦᠬᠦᠢ ᠭᠠᠷ ᠬᠦᠢᠴᠡᠳᠭᠡᠯ ᠬᠢᠨ᠎ᠠ᠃      4. ᠲᠡᠪᠰᠢᠬᠦᠯᠦᠨ ᠬᠦᠷᠭᠡᠬᠦ ᠴᠠᠭ ᠨᠢ 4 ᠳ᠋ᠦ᠋ᠭᠡᠷ ᠰᠠᠷ᠎ᠠ ᠶᠢᠨ 30᠎ ᠤ ᠡᠳᠦᠷ ᠪᠤᠯᠳᠠᠯ᠎ᠠ᠃      5. ᠳᠡᠪᠰᠢᠬᠦᠯᠦᠨ ᠬᠦᠷᠭᠡᠬᠦ ᠢᠮᠧᠯ᠄ zlyj2016@126.com᠂ ᠬᠠᠷᠢᠯᠴᠠᠬᠤ ᠬᠦᠮᠦᠨ᠄ ᠵᠤᠤ ᠵᠢᠩ ᠪᠦᠸᠧ᠂ ᠱᠢ ᠬᠤᠢ᠂ ᠬᠠᠷᠢᠯᠴᠠᠬᠤ ᠤᠳᠠᠰᠤ᠄ 0471 — 4910109 4914510᠃                                                     ᠥᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ                           ᠪᠠᠶᠢᠭᠤᠯᠤᠭᠳᠠᠭᠰᠠᠨ 70 ᠵᠢᠯ ᠤᠨ ᠤᠢ ᠶᠢᠨ ᠠᠮᠵᠢᠯᠳᠠ ᠪᠦᠳᠦᠮᠵᠢ ᠶᠢᠨ                           ᠦᠵᠡᠬᠦᠯᠦᠯᠭᠡ ᠶᠢᠨ ᠤᠳᠤᠷᠢᠳᠬᠤ ᠲᠤᠭᠤᠶᠢᠯᠠᠩ ᠤᠨ ᠠᠯᠪᠡᠨ ᠭᠡᠷ                                         2017 ᠣᠨ ᠤ 2 ᠳ᠋ᠤᠭᠠᠷ ᠰᠠᠷ᠎ᠠ ᠶᠢᠨ 8᠎ ᠤ ᠡᠳᠦᠷ
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号