| | 2 ᠳ᠋ᠤᠭᠠᠷ ᠰᠠᠷ᠎ᠠ ᠶᠢᠨ 20 ᠤ ᠡᠳᠤᠷ᠂ ᠦᠪᠦᠷ ᠮᠤᠩᠭᠤᠯ ᠤᠨ ᠶᠡᠭᠡ ᠬᠢᠩᠭᠠᠨ ᠳᠠᠪᠠᠭ᠎ᠠ ᠶᠢᠨ | ᠭᠤᠤᠯᠳᠠᠯᠭ᠎ᠠ ᠲᠠᠢ ᠤᠯᠤᠰ ᠤᠨ ᠦᠮᠴᠢᠯᠡᠯ ᠤᠨ ᠤᠢ ᠰᠢᠭᠤᠢ ᠶᠢᠨ ᠬᠠᠮᠢᠶᠠᠷᠤᠯᠳᠠ ᠶᠢᠨ ᠲᠤᠪᠴᠢᠶ᠎ᠠ ᠵᠢᠩᠬᠢᠨᠢ ᠪᠠᠷ | ᠢᠯᠡᠷᠬᠡᠶᠢᠯᠡᠯ ᠰᠡᠭᠦᠵᠦ ᠪᠠᠶᠢᠭᠤᠯᠤᠭᠳᠠᠪᠠ᠃ ᠡᠨᠡ ᠨᠢ ᠪᠦᠬᠦ ᠤᠯᠤᠰ ᠤᠨ ᠠᠩᠬᠠᠳᠠᠭᠴᠢ ᠤᠯᠤᠰ ᠤᠨ ᠦᠮᠴᠢᠯᠡᠯ ᠤᠨ | ᠤᠢ ᠰᠢᠭᠤᠢ ᠶᠢᠨ ᠬᠠᠮᠢᠶᠠᠷᠤᠯᠳᠠ ᠶᠢᠨ ᠪᠠᠶᠢᠭᠤᠯᠤᠮᠵᠢ ᠪᠣᠯᠵᠣ᠂ ᠪᠦᠬᠦ ᠤᠷᠤᠨ ᠤ ᠭᠤᠤᠯᠳᠠᠯᠭ᠎ᠠ ᠲᠠᠢ ᠤᠯᠤᠰ ᠤᠨ | ᠦᠮᠴᠢᠯᠡᠯ ᠤᠨ ᠰᠢᠭᠤᠶᠢᠲᠤ ᠤᠷᠤᠨ ᠤ ᠦᠭᠡᠷᠡᠴᠢᠯᠡᠯᠳᠡ ᠱᠠᠳᠤᠴᠢ ᠴᠢᠨᠠᠷᠳᠠᠢ ᠠᠮᠵᠢᠯᠳᠠ ᠤᠯᠤᠭᠰᠠᠨ ᠢ ᠬᠠᠷᠠᠭᠤᠯᠵᠤ | ᠪᠤᠢ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ | ᠳᠡᠷᠢᠭᠦᠯᠡᠭᠴᠢ ᠪᠦ᠋ ᠰᠢᠶᠤᠤ ᠯᠢᠨ᠂ ᠤᠯᠤᠰ ᠤᠨ ᠤᠢ ᠰᠢᠭᠤᠢ ᠶᠢᠨ ᠲᠤᠪᠴᠢᠶ᠎ᠠ ᠶᠢᠨ ᠳᠠᠷᠤᠭ᠎ᠠ ᠵᠠᠩ ᠵᠢᠶᠠᠨ ᠯᠦᠩ | ᠪᠠᠶᠢᠭᠤᠯᠤᠭᠳᠠᠬᠤ ᠶᠡᠭᠡ ᠬᠤᠷᠠᠯ ᠳᠡᠭᠡᠷ᠎ᠠ ᠪᠠᠶᠠᠷ ᠤᠨ ᠦᠭᠡ ᠬᠡᠯᠡᠬᠦ ᠶᠢᠨ ᠬᠠᠮᠲᠦ ᠢᠯᠡᠷᠬᠡᠶᠢᠯᠡᠯ ᠰᠡᠬᠦᠪᠡ᠃ | ᠦᠪᠡᠷᠳᠡᠭᠡᠨ ᠵᠠᠰᠠᠬᠤ ᠤᠷᠤᠨ ᠤ ᠤᠳᠤᠷᠢᠳᠤᠯᠭ᠎ᠠ ᠸᠠᠩ ᠢᠦᠢ ᠮᠢᠩ ᠪᠠᠶᠢᠭᠤᠯᠤᠭᠳᠠᠬᠤ ᠶᠡᠭᠡ ᠬᠤᠷᠠᠯ ᠢ ᠡᠷᠬᠢᠯᠡᠪᠡ᠃ | ᠪᠦ᠋ ᠰᠢᠶᠤᠤ ᠯᠢᠨ ᠪᠠᠶᠠᠷ ᠤᠨ ᠦᠭᠡ ᠳᠡᠭᠡᠨ ᠵᠢᠭᠠᠵᠣ ᠭᠠᠷᠭᠠᠭᠰᠠᠨ ᠨᠢ᠂ ᠦᠪᠦᠷ ᠮᠤᠩᠭᠤᠯ ᠪᠤᠯ ᠮᠠᠨ ᠤ | ᠤᠯᠤᠰ ᠤᠨ ᠤᠮᠠᠷᠠᠳᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠪᠣᠯᠣᠨ᠎ᠠ᠂ ᠡᠳᠡᠭᠡᠷ | ᠵᠢᠯ ᠤᠳ ᠲᠤ ᠤᠯᠤᠰ ᠤᠨ ᠤᠢ ᠰᠢᠭᠤᠢ ᠶᠢᠨ ᠲᠤᠪᠴᠢᠶ᠎ᠠ ᠶᠢᠨ ᠬᠠᠯᠠᠮᠵᠢᠯᠠᠯ ᠵᠢᠯᠤᠭᠤᠳᠤᠯᠭ᠎ᠠ ᠪᠣᠯᠣᠨ ᠬᠦᠴᠦᠳᠡᠢ | ᠳᠡᠮᠵᠢᠯᠭᠡ ᠲᠤᠤᠷ᠎ᠠ᠂ ᠦᠪᠦᠷ ᠮᠤᠩᠭᠤᠯ ᠨᠢᠭᠡ ᠳᠠᠯ᠎ᠠ ᠪᠠᠷ ᠢᠶᠠᠨ ᠠᠮᠢ ᠠᠬᠤᠢ ᠶᠢ ᠵᠠᠰᠠᠨ ᠰᠡᠷᠭᠦᠭᠡᠬᠦ ᠴᠢᠬᠤᠯᠠ | ᠢᠨᠵᠧᠨᠧᠷᠢᠩ ᠢ ᠠᠳᠬᠤᠵᠤ᠂ ᠨᠦᠭᠦᠭᠡ ᠳᠠᠯ᠎ᠠ ᠪᠠᠷ ᠠᠮᠢ ᠠᠬᠤᠢ ᠶᠢᠨ ᠪᠤᠯᠪᠠᠰᠤᠨ ᠤ ᠲᠦᠷᠢᠮ ᠤᠨ | ᠪᠠᠶᠢᠭᠤᠯᠤᠯᠲᠠ ᠶᠢ ᠠᠳᠬᠤᠵᠣ᠂ ᠪᠤᠬᠢᠷᠳᠣᠯ ᠦᠭᠡᠢ ᠬᠦᠭᠵᠢᠯᠳᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠣ᠂ | ᠠᠮᠢ ᠠᠬᠤᠢ ᠶᠢᠨ ᠤᠷᠴᠢᠨ ᠲᠤᠭᠤᠷᠢᠨ ᠢ ᠦᠷᠬᠦᠯᠵᠢᠯᠡᠨ ᠰᠠᠶᠢᠵᠢᠷᠠᠭᠤᠯᠬᠤ ᠶᠢ ᠠᠬᠢᠭᠤᠯᠪᠠ᠃ ᠦᠪᠦᠷ | ᠮᠤᠩᠭᠤᠯ ᠤᠨ ᠶᠡᠭᠡ ᠬᠢᠩᠭᠠᠨ ᠳᠠᠪᠠᠭ᠎ᠠ ᠶᠢᠨ ᠤᠯᠤᠰ ᠤᠨ ᠦᠮᠴᠢᠯᠡᠯ ᠤᠨ ᠰᠢᠭᠤᠶᠢᠲᠤ ᠤᠷᠤᠨ ᠪᠤᠯ ᠦᠪᠡᠷᠳᠡᠭᠡᠨ | ᠵᠠᠰᠠᠬᠤ ᠤᠷᠤᠨ ᠤ ᠠᠮᠢ ᠠᠬᠤᠢ ᠶᠢᠨ ᠬᠠᠮᠠᠭᠠᠯᠠᠯᠳᠠ ᠪᠣᠯᠣᠨ ᠪᠦᠳᠦᠭᠡᠨ ᠪᠠᠶᠢᠭᠤᠯᠤᠯᠲᠠ ᠶᠢᠨ ᠭᠤᠣᠯ ᠳᠠᠶᠢᠨ ᠤ | ᠳᠠᠯᠠᠪᠤᠷ ᠤᠨ ᠨᠢᠭᠡ ᠪᠣᠯᠣᠨ᠎ᠠ᠂ ᠬᠡᠳᠦᠨ ᠠᠷᠪᠠᠨ ᠵᠢᠯ ᠤᠨ ᠲᠤᠷᠰᠢ᠂ ᠦᠶ᠎ᠡ ᠦᠶ᠎ᠡ ᠶᠢᠨ ᠰᠢᠭᠤᠶᠢᠲᠤ ᠤᠷᠤᠨ ᠤ | ᠺᠠᠳ᠋ᠷ ᠠᠵᠢᠯᠳᠠᠳ ᠳᠡᠭᠡᠳᠦ ᠬᠡᠮᠵᠢᠶᠡᠨ ᠤ ᠬᠠᠷᠢᠭᠤᠴᠠᠯᠭᠠᠳᠤ ᠰᠡᠳᠬᠢᠯᠭᠡ ᠪᠣᠯᠣᠨ ᠳᠡᠦᠬᠡᠨ ᠡᠭᠦᠷᠭᠡᠳᠦ ᠰᠡᠳᠬᠢᠯᠭᠡ ᠪᠠᠷ | ᠂ ᠲᠡᠰᠪᠦᠷᠢ ᠬᠠᠳᠠᠭᠤᠵᠢᠯᠳᠠᠢ ᠳᠡᠮᠡᠴᠡᠵᠦ᠂ ᠴᠦᠬᠦᠷᠡᠯ ᠦᠭᠡᠢ ᠴᠢᠷᠮᠠᠶᠢᠵᠤ᠂ ᠬᠠᠷᠠᠮ ᠦᠭᠡᠢ ᠵᠣᠷᠢᠭᠤᠯᠵᠣ᠂ ᠤᠯᠤᠰ | ᠪᠣᠯᠣᠨ ᠦᠪᠡᠷᠳᠡᠭᠡᠨ ᠵᠠᠰᠠᠬᠤ ᠤᠷᠤᠨ ᠤ ᠠᠵᠤ ᠠᠬᠤᠢ ᠶᠢᠨ ᠭᠦᠭᠵᠢᠯᠳᠡ᠂ ᠠᠮᠢ ᠠᠬᠤᠢ ᠶᠢᠨ ᠠᠮᠤᠷ ᠲᠦᠪᠰᠢᠨ ᠢ | ᠪᠠᠳᠣᠯᠠᠬᠤ ᠳᠤ ᠴᠢᠬᠤᠯᠠ ᠬᠤᠪᠢ ᠨᠡᠮᠡᠷᠢ ᠦᠵᠡᠭᠦᠯᠪᠡ᠃ ᠦᠪᠦᠷ ᠮᠤᠩᠭᠤᠯ ᠤᠨ ᠶᠡᠭᠡ ᠬᠢᠩᠭᠠᠨ ᠳᠠᠪᠠᠭ᠎ᠠ ᠶᠢᠨ | ᠭᠤᠤᠯᠳᠠᠯᠭ᠎ᠠ ᠲᠠᠢ ᠤᠯᠤᠰ ᠤᠨ ᠦᠮᠴᠢᠯᠡᠯ ᠤᠨ ᠤᠢ ᠰᠢᠭᠤᠢ ᠶᠢᠨ ᠬᠠᠮᠢᠶᠠᠷᠤᠯᠳᠠ ᠶᠢᠨ ᠲᠤᠪᠴᠢᠶ᠎ᠠ | ᠪᠠᠶᠢᠭᠤᠯᠤᠭᠳᠠᠭᠰᠠᠨ ᠨᠢ ᠮᠠᠨ ᠤ ᠤᠷᠤᠨ ᠤ ᠤᠯᠤᠰ ᠤᠨ ᠦᠮᠴᠢᠯᠡᠯ ᠤᠨ ᠰᠢᠭᠤᠶᠢᠲᠤ ᠤᠷᠤᠨ ᠤ ᠦᠭᠡᠷᠡᠴᠢᠯᠡᠯᠳᠡ | ᠰᠢᠨ᠎ᠡ ᠱᠠᠳᠤᠨ ᠳᠤ ᠤᠷᠤᠭᠰᠠᠨ ᠢ ᠬᠠᠷᠠᠭᠤᠯᠵᠤ ᠪᠤᠢ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠠᠴᠠ᠂ | ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠶᠢ ᠪᠦᠬᠦ ᠳᠠᠯ᠎ᠠ ᠪᠠᠷ | ᠳᠣᠣᠱᠯᠠᠭᠤᠯᠣᠨ ᠨᠠᠶᠢᠳᠠᠪᠤᠷᠢᠵᠢᠭᠤᠯᠵᠤ᠂ ︽ᠤᠷᠢᠳᠠᠪᠠᠷ ᠬᠢᠵᠦ ᠦᠯᠢᠭᠡᠷ ᠳᠠᠭᠤᠷᠢᠶᠠᠯ ᠪᠤᠯᠬᠤ︾ ᠱᠠᠭᠠᠷᠳᠠᠯᠭ᠎ᠠ | ᠶᠤᠰᠤᠭᠠᠷ᠂ ᠦᠭᠡᠷᠡᠴᠢᠯᠡᠯᠳᠡ ᠶᠢ ᠳᠠᠰᠣᠷᠠᠯᠳᠠ ᠦᠭᠡᠢ ᠭᠦᠨᠵᠡᠭᠡᠶᠢᠷᠡᠭᠦᠯᠦᠨ ᠠᠬᠢᠭᠤᠯᠣᠨ᠎ᠠ᠃ ᠤᠢ ᠰᠢᠭᠤᠢ ᠶᠢᠨ | ᠡᠭᠢ ᠪᠠᠶᠠᠯᠢᠭ ᠢ ᠰᠠᠶᠢᠲᠤᠷ ᠬᠠᠮᠠᠭᠠᠯᠠᠬᠤ ᠪᠠ ᠪᠤᠶᠢᠵᠢᠭᠤᠯᠬᠤ ᠶᠢ ᠳᠡᠷᠢᠭᠦᠨ ᠪᠠᠶᠢᠷᠢᠨ ᠳᠤ ᠳᠠᠯᠪᠢᠵᠤ᠂ ᠤᠢ | ᠰᠢᠭᠤᠢ ᠶᠢᠨ ᠡᠭᠢ ᠪᠠᠶᠠᠯᠢᠭ ᠤᠨ ᠶᠡᠷᠦᠩᠬᠡᠢ ᠬᠡᠮᠵᠢᠶ᠎ᠡ ᠨᠢ ᠦᠷᠬᠦᠯᠵᠢᠯᠡᠨ ᠨᠡᠮᠡᠭᠳᠡᠬᠦ᠂ ᠴᠢᠨᠠᠷ ᠴᠢᠨᠰᠠᠭ᠎ᠠ ᠨᠢ | ᠦᠷᠬᠦᠯᠵᠢᠯᠡᠨ ᠳᠡᠭᠡᠭᠰᠢᠯᠡᠬᠦ᠂ ᠠᠮᠢ ᠠᠬᠤᠢ ᠶᠢᠨ ᠴᠢᠳᠠᠮᠵᠢ ᠨᠢ ᠦᠷᠬᠦᠯᠵᠢᠯᠡᠨ ᠴᠢᠩᠭᠠᠷᠠᠬᠤ ᠶᠢ ᠦᠨᠡᠨᠬᠦ ᠪᠠᠳᠣᠯᠠᠨ᠎ᠠ᠃ | ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠᠷ ᠦᠨᠳᠦᠰᠦᠨ ᠣᠷᠢᠳᠠᠯ ᠪᠣᠯᠭᠠᠵᠣ᠂ ᠰᠢᠭᠤᠶᠢᠲᠤ ᠤᠷᠤᠨ ᠤ | ᠠᠵᠢᠯᠳᠠᠨ ᠠᠵᠢᠯᠴᠢᠨ ᠢ ᠳᠣᠬᠢᠳᠠᠢ ᠲᠦᠪᠬᠢᠨᠡᠭᠦᠯᠵᠤ᠂ ᠠᠵᠢᠯ ᠤᠨ ᠪᠠᠶᠢᠷᠢ ᠰᠢᠯᠵᠢᠭᠰᠡᠳ ᠤᠨ ᠠᠮᠢᠳᠤᠷᠠᠯ ᠢ ᠨᠢ | ᠪᠠᠳᠣᠯᠠᠭ᠎ᠠ ᠲᠠᠢ ᠪᠠᠶᠢᠯᠭᠠᠵᠤ᠂ ᠠᠮᠢᠳᠤᠷᠠᠯ ᠤᠨ ᠲᠦᠪᠰᠢᠨ ᠢ ᠨᠢ ᠪᠠᠭᠤᠷᠠᠭᠤᠯᠬᠤ ᠦᠭᠡᠢ ᠮᠦᠷᠳᠡᠭᠡᠨ ᠠᠭᠠᠵᠢᠮ ᠢᠶᠠᠷ | ᠳᠡᠭᠡᠭᠰᠢᠯᠡᠭᠦᠯᠦᠨ᠎ᠡ᠃ ᠵᠠᠰᠠᠭ ᠠᠵᠤ ᠦᠢᠯᠡᠰ ᠤᠨ ᠨᠢᠭᠡᠴᠡ ᠠᠵᠤ ᠠᠬᠤᠶᠢᠯᠠᠯ ᠢ ᠰᠠᠯᠭᠠᠬᠤ ᠶᠢ ᠪᠠᠷᠢᠮᠳᠠᠯᠠᠨ᠂ | ᠳᠤᠰᠢᠶᠠᠯ ᠬᠠᠷᠢᠭᠤᠴᠠᠯᠭ᠎ᠠ ᠳᠤᠳᠤᠷᠬᠠᠢ᠂ ᠬᠢᠯᠪᠠᠷ ᠳᠦᠭᠦᠮ ᠦᠨᠳᠦᠷ ᠪᠦᠳᠦᠮᠵᠢᠳᠡᠢ ᠰᠢᠭᠤᠶᠢᠲᠤ ᠤᠷᠤᠨ ᠤ | ᠬᠠᠮᠢᠶᠠᠷᠤᠯᠳᠠ ᠶᠢᠨ ᠰᠢᠨ᠎ᠡ ᠪᠠᠶᠢᠭᠤᠯᠤᠮᠵᠢ ᠶᠢ ᠪᠠᠶᠢᠭᠤᠯᠤᠨ᠎ᠠ ᠭᠡᠵᠡᠢ᠃ | ᠪᠦ᠋ ᠰᠢᠶᠤᠤ ᠯᠢᠨ ᠴᠢᠬᠤᠯᠠᠴᠢᠯᠠᠭᠰᠠᠨ ᠨᠢ᠂ ᠦᠪᠡᠷᠳᠡᠭᠡᠨ ᠵᠠᠰᠠᠬᠤ ᠤᠷᠤᠨ ᠳᠡᠮᠵᠢᠬᠦ ᠡᠷᠴᠢᠮ ᠢᠶᠠᠨ | ᠴᠢᠨᠠᠭᠰᠢᠳᠠ ᠴᠢᠩᠭᠠᠷᠠᠭᠤᠯᠵᠣ᠂ ᠰᠢᠭᠤᠶᠢᠲᠤ ᠤᠷᠤᠨ ᠢ ᠬᠠᠪᠰᠣᠷᠣᠨ ᠦᠢᠯᠡᠳᠪᠦᠷᠢᠯᠡᠯ ᠠᠮᠢᠳᠤᠷᠠᠯ ᠤᠨ | ᠨᠦᠭᠦᠴᠡᠯ ᠢ ᠨᠢ ᠰᠠᠶᠢᠵᠢᠷᠠᠭᠤᠯᠤᠨ᠎ᠠ᠃ ᠶᠡᠭᠡ ᠬᠢᠩᠭᠠᠨ ᠳᠠᠪᠠᠭ᠎ᠠ ᠶᠢᠨ ᠭᠤᠤᠯᠳᠠᠯᠭ᠎ᠠ ᠲᠠᠢ ᠤᠯᠤᠰ ᠤᠨ | ᠦᠮᠴᠢᠯᠡᠯ ᠤᠨ ᠤᠢ ᠰᠢᠭᠤᠢ ᠶᠢᠨ ᠬᠠᠮᠢᠶᠠᠷᠤᠯᠳᠠ ᠶᠢᠨ ᠲᠤᠪᠴᠢᠶ᠎ᠠ ᠦᠭᠡᠷᠡᠴᠢᠯᠡᠯᠳᠡ ᠶᠢ ᠭᠦᠨᠵᠡᠭᠡᠶᠢᠷᠡᠭᠦᠯᠬᠦ ᠭᠤᠤᠯ | ᠴᠤᠭᠴᠠ ᠶᠢᠨ ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠨ᠂ ᠡᠯ᠎ᠡ ᠵᠦᠢᠯ ᠤᠨ ᠦᠭᠡᠷᠡᠴᠢᠯᠡᠯᠳᠡ ᠶᠢᠨ | ᠡᠭᠦᠷᠬᠡ ᠶᠢ ᠳᠡᠭᠦᠰ ᠠᠮᠵᠢᠯᠳᠠ ᠲᠠᠢ ᠪᠡᠶᠡᠯᠡᠬᠦᠯᠬᠦ ᠶᠢ ᠦᠨᠡᠨᠬᠦ ᠪᠠᠳᠤᠯᠠᠬᠤ ᠬᠡᠷᠡᠭᠳᠠᠢ᠃ ᠬᠦᠯᠦᠨ ᠪᠤᠶᠢᠷ ᠬᠤᠳᠠ᠂ | ᠬᠢᠩᠭᠠᠨ ᠠᠶᠢᠮᠠᠭ ᠪᠣᠯᠣᠨ ᠦᠪᠡᠷᠳᠡᠭᠡᠨ ᠵᠠᠰᠠᠬᠤ ᠤᠷᠤᠨ ᠤ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠳᠡᠮᠵᠢᠵᠦ | ᠬᠠᠮᠵᠢᠬᠤ ᠠᠵᠢᠯ ᠢ ᠰᠠᠶᠢᠲᠤᠷ ᠬᠢᠵᠤ᠂ ᠰᠢᠭᠤᠶᠢᠲᠤ ᠤᠷᠤᠨ ᠤ ᠠᠵᠤ ᠠᠬᠤᠢ ᠨᠡᠶᠢᠭᠡᠮ ᠤᠨ ᠬᠡᠯᠪᠡᠷᠢ ᠪᠠᠨ | ᠬᠤᠪᠢᠷᠠᠭᠤᠯᠣᠨ ᠬᠦᠭᠵᠢᠬᠦ ᠶᠢ ᠲᠦᠷᠭᠡᠳᠭᠡᠨ ᠠᠬᠢᠭᠤᠯᠬᠤ ᠬᠡᠷᠡᠭᠳᠠᠢ ᠭᠡᠵᠡᠢ᠃ | ᠵᠠᠩ ᠵᠢᠶᠠᠨ ᠯᠦᠩ ᠪᠠᠶᠠᠷ ᠤᠨ ᠦᠭᠡ ᠳᠡᠭᠡᠨ ᠬᠡᠯᠡᠭᠰᠡᠨ ᠨᠢ᠂ ᠦᠪᠦᠷ ᠮᠤᠩᠭᠤᠯ ᠤᠨ ᠶᠡᠭᠡ ᠬᠢᠩᠭᠠᠨ ᠳᠠᠪᠠᠭ᠎ᠠ | ᠪᠤᠯ ᠮᠠᠨ ᠤ ᠤᠯᠤᠰ ᠤᠨ ᠳᠠᠯᠠᠪᠠᠢ ᠪᠠᠷ ᠬᠠᠮᠤᠭ ᠤᠨ ᠶᠡᠭᠡ ᠲᠦᠪᠯᠡᠷᠡᠨ ᠵᠠᠯᠭᠠᠯᠳᠣᠭᠰᠠᠨ ᠤᠯᠤᠰ ᠤᠨ ᠦᠮᠴᠢᠯᠡᠯ ᠤᠨ | ᠰᠢᠭᠤᠶᠢᠲᠤ ᠤᠷᠤᠨ ᠪᠣᠯᠣᠨ᠎ᠠ᠃ ᠤᠯᠤᠰ ᠤᠨ ᠠᠮᠢ ᠠᠬᠤᠢ ᠶᠢᠨ ᠠᠮᠤᠷ ᠲᠦᠪᠰᠢᠨ᠂ ᠴᠡᠩᠬᠡᠭ ᠤᠰᠤᠨ ᠤ ᠠᠮᠤᠷ | ᠲᠦᠪᠰᠢᠨ᠂ ᠮᠤᠳᠤᠨ ᠮᠠᠲ᠋ᠧᠷᠢᠶᠠᠯ ᠤᠨ ᠠᠮᠤᠷ ᠲᠦᠪᠰᠢᠨ ᠢ ᠬᠠᠮᠠᠭᠠᠯᠠᠬᠤ ᠳᠠᠯ᠎ᠠ ᠪᠠᠷ ᠤᠷᠤᠯᠠᠭᠤᠯᠵᠤ ᠪᠤᠯᠤᠰᠢ ᠦᠭᠡᠢ | ᠴᠢᠬᠤᠯᠠ ᠪᠠᠶᠢᠷᠢ ᠰᠠᠭᠤᠷᠢ ᠲᠠᠢ᠃ ᠤᠯᠠᠨ ᠵᠢᠯ ᠤᠨ ᠲᠤᠷᠰᠢ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ | ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤᠯᠤᠰ ᠤᠨ ᠦᠮᠴᠢᠯᠡᠯ ᠤᠨ ᠰᠢᠭᠤᠶᠢᠲᠤ ᠤᠷᠤᠨ ᠤ | ᠦᠭᠡᠷᠡᠴᠢᠯᠡᠯᠳᠡ ᠶᠢ ᠳᠡᠭᠡᠳᠦ ᠬᠡᠮᠵᠢᠶ᠎ᠡ ᠪᠠᠷ ᠬᠦᠨᠳᠦᠳᠭᠡᠵᠦ᠂ ᠪᠠᠶᠢᠭᠤᠯᠤᠮᠵᠢ ᠳᠣᠭᠳᠡᠴᠡ ᠶᠢᠨ ᠰᠢᠨ᠎ᠡ ᠶᠢ ᠡᠭᠦᠳᠬᠦ᠂ | ᠨᠡᠶᠢᠭᠡᠮ ᠤᠨ ᠡᠭᠦᠷᠭᠡ ᠴᠢᠳᠠᠪᠬᠢ ᠶᠢ ᠰᠠᠯᠭᠠᠬᠤ᠂ ᠡᠬᠢ ᠪᠠᠶᠠᠯᠢᠭ ᠢ ᠬᠠᠮᠢᠶᠠᠷᠤᠨ ᠬᠠᠮᠠᠭᠠᠯᠠᠬᠤ᠂ ᠰᠢᠭᠤᠶᠢᠲᠤ | ᠤᠷᠤᠨ ᠤ ᠬᠡᠯᠪᠡᠷᠢ ᠶᠢ ᠬᠤᠪᠢᠷᠠᠭᠤᠯᠤᠨ ᠬᠦᠭᠵᠢᠬᠦᠯᠬᠦ ᠵᠡᠷᠭᠡ ᠮᠠᠰᠢ ᠤᠯᠠᠨ ᠳᠠᠯ᠎ᠠ ᠪᠠᠷ ᠪᠤᠰᠤᠳ ᠮᠤᠵᠢ ᠤᠷᠤᠨ ᠤ | ᠡᠮᠦᠨ᠎ᠡ ᠨᠢ ᠶᠠᠪᠣᠵᠠᠢ᠂ ᠡᠶᠢᠮᠦᠷᠬᠦ ᠦᠭᠡᠷᠡᠴᠢᠯᠡᠯᠳᠡ ᠬᠢᠬᠦ ᠵᠤᠷᠢᠭ ᠰᠠᠨᠠᠭ᠎ᠠ ᠪᠣᠯᠣᠨ ᠲᠤᠷᠰᠢᠯᠭ᠎ᠠ ᠠᠷᠭ᠎ᠠ ᠬᠢᠳᠡᠯ ᠢ ᠨᠢ | ᠪᠤᠰᠤᠳ ᠭᠤᠤᠯᠳᠠᠯᠭ᠎ᠠ ᠲᠠᠢ ᠤᠯᠤᠰ ᠤᠨ ᠦᠮᠴᠢᠯᠡᠯ ᠤᠨ ᠰᠢᠭᠤᠶᠢᠲᠤ ᠤᠷᠤᠨ ᠰᠤᠷᠤᠯᠴᠠᠨ ᠳᠣᠯᠢᠯᠠᠨ | ᠠᠰᠢᠭᠯᠠᠭᠤᠰᠢᠳᠠᠢ᠃ ᠤᠯᠤᠰ ᠤᠨ ᠤᠢ ᠰᠢᠭᠤᠢ ᠶᠢᠨ ᠲᠤᠪᠴᠢᠶ᠎ᠠ ᠤᠯᠤᠰ ᠤᠨ ᠦᠮᠴᠢᠯᠡᠯ ᠤᠨ ᠰᠢᠭᠤᠶᠢᠲᠤ | ᠤᠷᠤᠨ ᠤ ᠦᠭᠡᠷᠡᠴᠢᠯᠡᠯᠳᠡ ᠬᠦᠭᠵᠢᠯᠲᠡ ᠳᠤ ᠨᠡᠩ ᠰᠠᠶᠢᠨ ᠨᠦᠭᠦᠴᠡᠯ ᠡᠭᠦᠳᠦᠨ ᠦᠭᠴᠦ᠂ ᠡᠯ᠎ᠡ ᠭᠠᠵᠠᠷ | ᠤᠷᠤᠨ ᠲᠠᠢ ᠬᠠᠮᠳᠤ ᠪᠠᠷ ᠲᠦᠪ ᠠᠴᠠ ᠲᠤᠭᠳᠠᠭᠠᠭᠰᠠᠨ ᠦᠭᠡᠷᠡᠴᠢᠯᠡᠯᠳᠡ ᠶᠢᠨ ᠡᠭᠦᠷᠭᠡ ᠶᠢ ᠰᠠᠶᠢᠲᠤᠷ ᠪᠡᠶᠡᠯᠡᠬᠦᠯᠦᠨ᠎ᠡ | ᠬᠡᠪᠡ᠃ | ᠬᠤᠷᠠᠯ ᠳᠤ ᠤᠷᠤᠯᠴᠠᠭᠰᠠᠳ ᠪᠠᠰᠠ ᠦᠪᠦᠷ ᠮᠤᠩᠭᠤᠯ ᠤᠨ ᠶᠡᠭᠡ ᠬᠢᠩᠭᠠᠨ ᠳᠠᠪᠠᠭ᠎ᠠ ᠶᠢᠨ ᠭᠤᠤᠯᠳᠠᠯᠭ᠎ᠠ ᠲᠠᠢ | ᠤᠯᠤᠰ ᠤᠨ ᠦᠮᠴᠢᠯᠡᠯ ᠤᠨ ᠰᠢᠭᠤᠶᠢᠲᠤ ᠤᠷᠤᠨ ᠤ ᠭᠦᠭᠵᠢᠯᠳᠡ ᠶᠢᠨ ᠶᠠᠪᠤᠴᠠ ᠶᠢᠨ ᠦᠵᠡᠰᠭᠦᠯᠡᠩ ᠢ ᠲᠤᠭᠤᠷᠢᠨ | ᠦᠵᠡᠪᠡ᠃ ᠤᠯᠤᠰ ᠤᠨ ᠤᠢ ᠰᠢᠭᠤᠢ ᠶᠢᠨ ᠲᠤᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠳᠠᠨ᠂ | ᠬᠠᠷᠠᠮᠦᠶᠢᠷᠡᠨ ᠮᠤᠵᠢ᠂ ᠬᠢᠷᠢᠨ ᠮᠤᠵᠢ ᠵᠡᠷᠭᠡ ᠮᠤᠵᠢ ᠤᠷᠤᠨ ᠤ ᠤᠢ ᠰᠢᠭᠤᠢ ᠶᠢᠨ ᠰᠠᠯᠠᠭ᠎ᠠ ᠮᠦᠴᠢᠷ ᠪᠣᠯᠣᠨ ᠣᠢ | ᠰᠢᠭᠤᠢ ᠶᠢᠨ ᠠᠵᠣ ᠦᠢᠯᠡᠳᠪᠦᠷᠢ ᠶᠢᠨ ᠪᠦᠯᠦᠭᠯᠡᠯ ᠤᠨ ᠬᠠᠷᠢᠭᠤᠴᠠᠯᠭᠠᠳᠠᠳ ᠪᠠᠶᠢᠭᠤᠯᠤᠭᠳᠠᠬᠤ ᠶᠡᠭᠡ ᠬᠤᠷᠠᠯ ᠳᠤ | ᠤᠷᠤᠯᠴᠠᠪᠠ᠃ |