ᠪᠦᠬᠦ ᠤᠷᠤᠨ ᠤ ᠢᠳᠡᠭᠡᠨ ᠡᠮ ᠤᠨ ᠵᠦᠢᠯᠡᠰ ᠤᠨ ᠬᠢᠨᠠᠯᠳᠠ ᠬᠠᠮᠢᠶᠠᠷᠤᠯᠳᠠ ᠵᠢᠴᠢ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠶᠢᠨ ᠠᠵᠢᠯ ᠤᠨ ᠬᠤᠷᠠᠯ ᠬᠤᠷᠠᠯᠳᠤᠪᠠ    ᠯᠢᠦ ᠰᠢᠨ ᠯᠧ ᠬᠤᠷᠠᠯ ᠳᠤ ᠤᠷᠤᠯᠴᠠᠨ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2017/2/21
     2 ᠳ᠋ᠤᠭᠠᠷ ᠰᠠᠷ᠎ᠠ ᠶᠢᠨ 20 ᠤ ᠡᠳᠦᠷ᠂ ᠪᠦᠬᠦ ᠤᠷᠤᠨ ᠤ ᠢᠳᠡᠭᠡᠨ ᠡᠮ ᠤᠨ ᠵᠦᠢᠯᠡᠰ ᠤᠨ ᠬᠢᠨᠠᠯᠳᠠ ᠬᠠᠮᠢᠶᠠᠷᠤᠯᠳᠠ ᠵᠢᠴᠢ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠶᠢᠨ ᠠᠵᠢᠯ ᠤᠨ ᠬᠤᠷᠠᠯ ᠬᠦᠬᠡᠬᠤᠳᠠ ᠳᠤ ᠬᠤᠷᠠᠯᠳᠤᠵᠦ᠂ 2016 ᠣᠨ ᠤ ᠢᠳᠡᠭᠡᠨ ᠡᠮ ᠤᠨ ᠵᠦᠢᠯᠡᠰ ᠤᠨ ᠬᠢᠨᠠᠯᠳᠠ ᠬᠠᠮᠢᠶᠠᠷᠤᠯᠳᠠ ᠶᠢᠨ ᠠᠵᠢᠯ ᠢ ᠳ᠋ᠦᠩᠨᠡᠵᠦ᠂ 2017 ᠣᠨ ᠤ ᠢᠳᠡᠭᠡᠨ ᠡᠮ ᠤᠨ ᠵᠦᠢᠯᠡᠰ ᠤᠨ ᠬᠢᠨᠠᠯᠳᠠ ᠬᠠᠮᠢᠶᠠᠷᠤᠯᠳᠠ ᠪᠠ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠶᠢᠨ ᠠᠵᠢᠯ ᠢ ᠪᠠᠶᠢᠷᠢᠯᠠᠭᠤᠯᠵᠠᠢ᠃      ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠬᠦᠯᠡᠭᠴᠢ ᠯᠢᠦ ᠰᠢᠨ ᠯᠧ ᠬᠤᠷᠠᠯ ᠳᠤ ᠤᠷᠤᠯᠴᠠᠵᠦ ᠶᠠᠷᠢᠶ᠎ᠠ ᠲᠠᠯᠪᠢᠪᠠ᠃      ᠬᠤᠷᠠᠯ ᠳᠡᠭᠡᠷ᠎ᠠ᠂ ᠯᠢᠦ ᠰᠢᠨ ᠯᠧ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠯᠢ ᠵᠢᠢ ᠾᠧᠩ ᠤᠨ ᠢᠳᠡᠭᠡᠨ ᠡᠮ ᠤᠨ ᠵᠦᠢᠯᠡᠰ ᠤᠨ ᠠᠮᠤᠷ ᠲᠦᠪᠰᠢᠨ ᠤ ᠠᠵᠢᠯ ᠤᠨ ᠲᠤᠬᠠᠢ ᠴᠢᠬᠤᠯᠠ ᠴᠤᠬᠤᠯᠠᠪᠤᠷᠢ ᠶᠢᠨ ᠵᠤᠷᠢᠭ ᠰᠠᠨᠠᠭ᠎ᠠ ᠪᠠ ᠦᠪᠡᠷᠲᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠤ ᠦᠪᠡᠷᠲᠡᠭᠡᠨ ᠵᠠᠰᠠᠬᠤ ᠤᠷᠤᠨ ᠤ ᠢᠳᠡᠭᠡᠨ ᠡᠮ ᠤᠨ ᠵᠦᠢᠯᠡᠰ ᠤᠨ ᠠᠮᠤᠷ ᠲᠦᠪᠰᠢᠨ ᠤ ᠵᠦᠪᠯᠡᠯ ᠤᠨ 2017 ᠣᠨ  ᠤ ᠠᠩᠬᠠᠳᠤᠭᠠᠷ ᠤᠳᠠᠭᠠᠨ ᠤ ᠪᠦᠬᠦᠳᠠ ᠬᠤᠷᠠᠯ ᠳᠡᠭᠡᠷᠡᠬᠢ ᠶᠠᠷᠢᠶᠠᠨ ᠤ ᠵᠤᠷᠢᠭ ᠰᠠᠨᠠᠭ᠎ᠠ ᠶᠢ ᠤᠯᠠᠮᠵᠢᠯᠠᠵᠠᠢ᠃      ᠯᠢᠦ ᠰᠢᠨ ᠯᠧ᠂ 2016 ᠣᠨ ᠳᠤ᠂ ᠪᠦᠬᠦ ᠤᠷᠤᠨ ᠤ ᠢᠳᠡᠭᠡᠨ ᠡᠮ ᠤᠨ ᠵᠦᠢᠯᠡᠰ ᠤᠨ ᠠᠮᠤᠷ ᠲᠦᠪᠰᠢᠨ ᠶᠡᠷᠦᠩᠭᠡᠢ ᠳᠡᠭᠡᠷ᠎ᠠ ᠪᠠᠨ ᠲᠤᠭᠳᠠᠭᠤᠨ᠂ ᠲᠤᠭᠳᠠᠭᠤᠨ ᠤ ᠳᠤᠮᠳᠠ ᠲᠠᠪᠰᠢᠯᠳᠠ ᠲᠠᠢ ᠪᠠᠶᠢᠬᠤ ᠰᠠᠶᠢᠨ ᠰᠠᠶᠢᠬᠠᠨ ᠬᠠᠨᠳᠤᠰᠢ ᠪᠠᠨ ᠪᠠᠳᠤᠯᠠᠵᠦ᠂ ᠢᠳᠡᠭᠡᠨ ᠳᠤ ᠭᠡᠷᠡᠭᠰᠡᠬᠦ ᠮᠠᠯ ᠤᠨ ᠠᠰᠢᠬ ᠰᠢᠮ᠎ᠠ ᠲᠠᠷᠢᠶᠠᠯᠠᠩ ᠤᠨ ᠪᠦᠳᠦᠭᠡᠭᠳᠡᠬᠦᠨ᠂ ᠢᠳᠡᠭᠡᠨ ᠤ ᠵᠦᠢᠯᠡᠰ᠂ ᠦᠨᠳᠦᠰᠦᠨ ᠡᠮ ᠲᠠᠩ ᠢ ᠰᠤᠭᠤᠴᠢᠨ ᠪᠠᠶᠢᠴᠠᠭᠠᠭᠠᠳ ᠬᠢᠷᠢ ᠲᠡᠩᠴᠡᠭᠰᠡᠨ ᠨᠤᠷᠮ᠎ᠠ ᠲᠤᠰᠪᠤᠷᠢ 98.3%᠂ 97.6% ᠪᠠ 99.7% ᠳᠤ ᠬᠦᠷᠴᠠᠢ᠃ ᠪᠦᠬᠦ ᠤᠷᠤᠨ ᠤ ᠢᠳᠡᠭᠡᠨ ᠤ ᠠᠮᠤᠷ ᠲᠦᠪᠰᠢᠨ ᠤ ᠬᠢᠨᠠᠯᠳᠠ ᠬᠠᠮᠢᠶᠠᠷᠤᠯᠳᠠ ᠶᠢᠨ ᠠᠵᠢᠯ ᠮᠡᠳᠡᠭᠳᠡᠮ᠎ᠠ ᠠᠮᠵᠢᠯᠳᠠ ᠤᠯᠵᠦ᠂ ᠢᠳᠡᠭᠡᠨ ᠡᠮ ᠤᠨ ᠵᠦᠢᠯᠡᠰ ᠠᠮᠤᠷ ᠲᠦᠪᠰᠢᠨ ᠥᠪᠦᠷ ᠮᠤᠩᠭᠤᠯ ᠤᠨ ᠪᠠᠶᠢᠭᠤᠯᠤᠯᠳᠠ ᠯᠠᠪᠳᠠᠭᠤᠨ ᠢᠶᠠᠷ ᠠᠬᠢᠵᠦ᠂ ᠢᠳᠡᠭᠡᠨ ᠡᠮ ᠤᠨ ᠵᠦᠢᠯᠡᠰ  ᠤᠨ ᠬᠢᠨᠠᠯᠳᠠ ᠬᠠᠮᠢᠶᠠᠷᠤᠯᠳᠠ ᠶᠢᠨ ᠪᠠᠶᠢᠭᠤᠯᠤᠮᠵᠢ ᠶᠢᠨ ᠦᠭᠡᠷᠡᠴᠢᠯᠡᠯᠳᠠ ᠦᠷᠬᠦᠯᠵᠢᠯᠡᠨ ᠬᠦᠨᠵᠡᠭᠡᠶᠢᠷᠡᠵᠦ᠂ ᠪᠦᠬᠦ ᠤᠷᠤᠨ ᠤ ᠢᠳᠡᠭᠡᠨ ᠤ ᠠᠮᠤᠷ ᠲᠦᠪᠰᠢᠨ ᠤ ᠪᠠᠶᠢᠳᠠᠯ ᠲᠤᠭᠳᠠᠭᠤᠨ ᠪᠦᠭᠡᠳ ᠰᠠᠶᠢᠵᠢᠷᠠᠵᠦ ᠪᠤᠢ ᠭᠡᠵᠦ ᠵᠢᠭᠠᠵᠦ ᠭᠠᠷᠭᠠᠪᠠ᠃ ᠳᠡᠷᠡ᠂ 2017 ᠣᠨ ᠳᠤ᠂ ᠡᠯ᠎ᠠ ᠭᠠᠵᠠᠷ ᠤᠷᠤᠨ ᠪᠤᠯᠤᠨ ᠬᠠᠮᠢᠶ᠎ᠠ ᠪᠦᠬᠦᠢ ᠰᠠᠯᠠᠭ᠎ᠠ ᠮᠦᠴᠢᠷ  ᠤᠨ ᠬᠢᠨ ᠡᠷᠬᠡᠪᠰᠢ ᠦᠵᠡᠯ ᠰᠠᠨᠠᠭ᠎ᠠ ᠪᠤᠯᠤᠨ ᠦᠢᠯᠡ ᠠᠵᠢᠯᠯᠠᠭ᠎ᠠ ᠪᠠᠨ ᠨᠠᠮ ᠤᠨ ᠳᠦᠪ ᠬᠤᠷᠢᠶ᠎ᠠ ᠪᠤᠯᠤᠨ ᠦᠪᠡᠷᠳᠡᠬᠡᠨ ᠵᠠᠰᠠᠬᠤ ᠤᠷᠤᠨ ᠤ ᠰᠢᠢᠳᠪᠤᠷᠢᠳᠦ ᠪᠤᠳᠤᠯᠭ᠎ᠠ ᠪᠠᠶᠢᠷᠢᠯᠠᠭᠤᠯᠤᠯᠳᠠ ᠲᠠᠢ ᠴᠢᠨᠠᠬᠰᠢᠳᠠ ᠨᠢᠬᠡᠳᠦᠬᠦᠯᠵᠦ᠂ ᠢᠳᠡᠬᠡᠨ ᠡᠮ ᠤᠨ ᠵᠦᠢᠯᠡᠰ ᠤᠨ ᠬᠢᠨᠠᠯᠳᠠ ᠬᠠᠮᠢᠶᠠᠷᠤᠯᠳᠠ ᠶᠢᠨ ᠠᠵᠢᠯ ᠢ ᠨᠡᠩ ᠡᠷᠡᠰ ᠪᠠᠳᠤ ᠪᠦᠬᠡᠳ ᠤᠬᠠᠮᠰᠠᠷ ᠲᠠᠢ ᠪᠠᠷ ᠰᠠᠶᠢᠳᠤᠷ ᠬᠢᠵᠦ᠂ ᠢᠮᠠᠬᠳᠠ ᠢᠳᠡᠬᠡᠨ ᠡᠮ ᠤᠨ ᠵᠦᠢᠯᠡᠰ ᠤᠨ ᠠᠮᠤᠷ ᠳᠦᠪᠰᠢᠨ ᠢ ᠳᠤᠪᠤᠶᠢᠮ᠎ᠠ ᠴᠢᠬᠤᠯᠠ ᠪᠠᠶᠢᠷᠢᠨ ᠳᠤ ᠳᠠᠯᠪᠢᠵᠦ᠂ ᠢᠳᠡᠬᠡᠨ ᠡᠮ ᠤᠨ ᠵᠦᠢᠯᠡᠰ ᠤᠨ ᠠᠮᠤᠷ ᠳᠦᠪᠰᠢᠨ ᠤ ᠵᠠᠰᠠᠯᠳᠠ ᠶᠢᠨ ᠴᠢᠳᠠᠪᠤᠷᠢ ᠪᠤᠯᠤᠨ ᠬᠢᠷᠢ ᠳᠦᠪᠰᠢᠨ ᠢ ᠳᠠᠰᠤᠷᠠᠯᠳᠠ ᠦᠬᠡᠢ ᠳᠡᠬᠡᠭᠰᠢᠯᠡᠬᠦᠯᠬᠦ ᠬᠡᠷᠡᠭᠳᠡᠢ᠃ ᠡᠷᠬᠡᠪᠰᠢ ᠠᠰᠠᠭᠤᠳᠠᠯ ᠢᠶᠠᠷ ᠤᠳᠤᠷᠢᠳᠦᠮᠵᠢ ᠪᠤᠯᠭᠠᠬᠤ ᠶᠢ ᠳᠤᠪᠤᠶᠢᠯᠭᠠᠵᠦ᠂ ᠬᠦᠭᠵᠢᠬᠦᠯᠦᠯᠳᠡ ᠶᠢᠨ ᠳᠤᠳᠠᠭᠤᠳᠠᠯ ᠢ ᠨᠦᠬᠦᠪᠦᠷᠢᠯᠡᠵᠦ᠂ ᠬᠢᠨᠠᠯᠳᠠ ᠬᠠᠮᠢᠶᠠᠷᠤᠯᠳᠠ ᠶᠢᠨ ᠠᠷᠭ᠎ᠠ ᠬᠡᠯᠪᠡᠷᠢ ᠳᠤ ᠰᠢᠨ᠎ᠠ ᠶᠢ ᠡᠬᠦᠳᠴᠤ᠂ ᠴᠢᠳᠠᠪᠤᠷᠢ ᠶᠢᠨ ᠪᠠᠶᠢᠭᠤᠯᠤᠯᠳᠠ ᠶᠢ ᠴᠢᠩᠭᠠᠳᠬᠠᠵᠦ᠂ ᠴᠢᠩᠭ᠎ᠠ ᠠᠳᠬᠤᠬᠤ᠂ ᠨᠠᠷᠢᠯᠢᠬ ᠠᠳᠬᠤᠬᠤ᠂ ᠪᠤᠳᠠᠳᠠᠢ ᠠᠳᠬᠤᠬᠤ ᠳᠠᠯ᠎ᠠ ᠪᠠᠷ ᠬᠦᠴᠦ ᠵᠠᠷᠤᠴᠠᠭᠤᠯᠵᠦ᠂ ᠠᠷᠠᠳ ᠤᠯᠠᠨ ᠤ ᠢᠳᠡᠬᠡᠨ ᠡᠮ ᠤᠨ ᠵᠦᠢᠯᠡᠰ ᠤᠨ ᠳᠠᠯ᠎ᠠ ᠪᠠᠷ ᠬᠢ ᠬᠠᠨᠤᠮᠵᠢ ᠶᠢᠨ ᠬᠡᠮᠵᠢᠶ᠎ᠠ ᠪᠤᠯᠤᠨ ᠬᠦᠷᠳᠡᠬᠡᠯ ᠤᠨ ᠳᠦᠷᠦᠭᠳᠡᠯ ᠢ ᠳᠠᠰᠤᠷᠠᠯᠳᠠ ᠦᠬᠡᠢ ᠳᠡᠬᠡᠭᠰᠢᠯᠡᠬᠦᠯᠬᠦ ᠬᠡᠷᠡᠭᠳᠡᠢ ᠬᠡᠵᠦ ᠴᠢᠬᠤᠯᠠᠴᠢᠯᠠᠵᠠᠢ᠃      ᠬᠤᠷᠠᠯ ᠳᠡᠬᠡᠷ᠎ᠠ᠂ ᠯᠢᠦ ᠰᠢᠨ ᠯᠧ ᠦᠪᠡᠷᠳᠡᠬᠡᠨ ᠵᠠᠰᠠᠬᠤ ᠤᠷᠤᠨ ᠤ ᠵᠠᠰᠠᠬ ᠤᠨ ᠣᠷᠳᠣᠨ ᠢ ᠲᠦᠯᠦᠭᠡᠯᠡᠨ ᠡᠯ᠎ᠡ ᠠᠶᠢᠮᠠᠬ ᠬᠤᠳᠠ᠂ ᠦᠪᠡᠷᠳᠡᠬᠡᠨ ᠵᠠᠰᠠᠬᠤ ᠤᠷᠤᠨ ᠤ ᠢᠳᠡᠬᠡᠨ ᠡᠮ ᠤᠨ ᠵᠦᠢᠯᠡᠰ ᠤᠨ ᠠᠮᠤᠷ ᠳᠦᠪᠰᠢᠨ ᠤ ᠵᠦᠪᠯᠡᠯ ᠵᠡᠷᠬᠡ 11 ᠪᠦᠷᠢᠯᠳᠦᠬᠦᠨ ᠨᠢᠬᠡᠴᠡ ᠯᠦᠭᠡ ᠳᠤᠰᠪᠤᠷᠢ 2017 ᠣᠨ ᠤ ᠢᠳᠡᠬᠡᠨ ᠡᠮ ᠤᠨ ᠵᠦᠢᠯᠡᠰ ᠤᠨ ᠠᠮᠤᠷ ᠳᠦᠪᠰᠢᠨ ᠤ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号