ᠨᠡᠭᠡᠭᠡᠨ ᠬᠥᠭᠵᠢᠭᠦᠯᠬᠦ ᠲᠣᠭᠤᠷᠢᠭ ᠤᠨ ᠥᠭᠡᠷᠡᠴᠢᠯᠡᠯᠲᠡ ᠪᠠ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ ᠤᠳ ᠤᠨ ᠲᠤᠬᠠᠢ ᠠᠰᠠᠭᠤᠯᠲᠠ ᠶᠢ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠬᠠᠷᠢᠭᠤᠯᠤᠭᠰᠠᠨ ᠨᠢ
ᠨᠡᠶᠢᠲᠡᠯᠡᠭᠰᠡᠨ ᠴᠠᠭ᠄
2017/2/22
     ᠦᠢᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠠᠴᠠ ︽ᠨᠡᠭᠡᠭᠡᠨ ᠬᠥᠭᠵᠢᠭᠦᠯᠬᠦ ᠲᠣᠭᠤᠷᠢᠭ ᠤᠨ ᠥᠭᠡᠷᠡᠴᠢᠯᠡᠯᠲᠡ ᠪᠠ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠬᠤ ᠲᠤᠬᠠᠶ ᠰᠠᠨᠠᠯ ᠤᠳ︾ ︵ᠲᠦᠷᠦ ᠠᠯᠪᠠᠨ ᠲᠠᠷᠬᠠᠭᠠᠭᠰᠠᠨ ﹇2017﹈ 7 ᠳ᠋ᠤᠭᠠᠷ ᠲᠣᠭᠠᠲᠤ᠂ ᠳᠣᠷᠣᠭᠰᠢ ︽ᠰᠠᠨᠠᠯ ᠤᠳ︾ ᠭᠡᠵᠦ ᠲᠣᠪᠴᠢᠯᠠᠨ᠎ᠠ︶᠎ ᠶᠢ ᠳᠠᠷᠤᠮᠠᠯᠯᠠᠨ ᠲᠠᠷᠬᠠᠭᠠᠪᠠ᠃ ︽ᠰᠠᠨᠠᠯ ᠤᠳ︾᠎ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠡᠵᠡᠮᠰᠢᠬᠦ ᠶᠢᠨ ᠲᠤᠯᠠᠳᠠ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠰᠤᠷᠪᠤᠯᠵᠢᠯᠠᠭᠴᠢ ᠶᠢᠨ ᠰᠤᠷᠪᠤᠯᠵᠢᠯᠠᠭ᠎ᠠ ᠶᠢ ᠬᠦᠯᠢᠶᠡᠪᠡ᠃      ᠠᠰᠠᠭᠤᠯᠲᠠ᠄ ᠨᠡᠭᠡᠭᠡᠨ ᠬᠥᠭᠵᠢᠭᠦᠯᠬᠦ ᠲᠣᠭᠤᠷᠢᠭ ᠨᠢ ᠮᠠᠨ ᠤ ᠤᠯᠤᠰ ᠤᠨ ᠠᠵᠤ ᠠᠬᠤᠶ ᠶᠢᠨ ᠬᠥᠭᠵᠢᠯᠲᠡ ᠶᠢᠨ ᠳᠤᠮᠳᠠ ᠴᠢᠬᠤᠯᠠ ᠦᠢᠯᠡᠳᠦᠯ ᠢᠶᠠᠨ ᠪᠠᠳᠠᠷᠠᠭᠤᠯᠵᠤ ᠪᠠᠶᠢᠨ᠎ᠠ᠃ ︽ᠰᠠᠨᠠᠯ ᠤᠳ︾᠎ ᠢ ᠨᠡᠶᠢᠲᠡᠯᠡᠨ ᠬᠡᠷᠡᠭᠵᠢᠭᠦᠯᠦᠭᠰᠡᠨ ᠠᠬᠤᠶ ᠪᠠᠶᠢᠳᠠᠯ ᠪᠣᠯᠤᠨ ᠠᠴᠢ ᠬᠤᠯᠪᠣᠭᠳᠠᠯ ᠢ ᠲᠠᠨᠢᠯᠴᠠᠭᠤᠯᠤᠭᠠᠳ ᠥᠭᠭᠦᠨ᠎ᠡ ᠤᠤ᠃      ᠬᠠᠷᠢᠭᠤᠯᠲᠠ᠄ ᠨᠡᠭᠡᠭᠡᠨ ᠬᠥᠭᠵᠢᠭᠦᠯᠬᠦ ᠲᠣᠭᠤᠷᠢᠭ ᠢ ᠪᠦᠳᠦᠭᠡᠨ ᠪᠠᠶᠢᠭᠤᠯᠤᠭᠰᠠᠨ ᠶᠠᠪᠤᠳᠠᠯ ᠪᠣᠯ ᠮᠠᠨ ᠤ ᠤᠯᠤᠰ ᠤᠨ ᠥᠭᠡᠷᠡᠴᠢᠯᠡᠯᠲᠡ ᠨᠡᠭᠡᠭᠡᠯᠲᠡ ᠶᠢᠨ ᠠᠮᠵᠢᠯᠲᠠᠲᠠᠶ ᠦᠢᠯᠡᠳᠦᠯᠭᠡ ᠮᠦᠨ᠂ ᠪᠠᠶᠢᠭᠤᠯᠤᠯ ᠤᠨ ᠥᠭᠡᠷᠡᠴᠢᠯᠡᠯᠲᠡ ᠶᠢ ᠠᠬᠢᠭᠤᠯᠬᠤ᠂ ᠪᠡᠯᠡ ᠣᠷᠣᠭᠤᠯᠤᠯᠲᠠ ᠶᠢᠨ ᠣᠷᠴᠢᠨ ᠨᠥᠬᠦᠴᠡᠯ ᠢ ᠰᠠᠶᠢᠵᠢᠷᠠᠭᠤᠯᠬᠤ᠂ ᠠᠵᠤ ᠦᠢᠯᠡᠰ ᠤᠨ ᠴᠤᠭᠯᠠᠷᠠᠯ ᠢ ᠬᠦᠲᠦᠯᠦᠨ ᠵᠢᠯᠣᠭᠤᠳᠬᠤ᠂ ᠨᠡᠭᠡᠭᠡᠯᠲᠡᠲᠦ ᠮᠠᠶ᠋ᠢᠭ ᠤᠨ ᠠᠵᠤ ᠠᠬᠤᠶ ᠶᠢ ᠬᠥᠭᠵᠢᠭᠦᠯᠬᠦ ᠳᠤ ᠣᠷᠣᠯᠠᠭᠤᠯᠵᠤ ᠪᠣᠯᠤᠰᠢ ᠦᠭᠡᠢ ᠦᠢᠯᠡᠳᠦᠯ ᠦᠵᠡᠭᠦᠯᠦᠭᠰᠡᠨ ᠶᠤᠮ᠃ ᠣᠳᠣᠬᠠᠨ ᠳᠤ᠂ ᠮᠠᠨ ᠤ ᠤᠯᠤᠰ ᠤᠨ ᠠᠵᠤ ᠠᠬᠤᠶ ᠶᠢᠨ ᠬᠥᠭᠵᠢᠯᠲᠡ ᠰᠢᠨ᠎ᠡ ᠬᠡᠪ ᠪᠠᠶᠢᠳᠠᠯ ᠳᠤ ᠣᠷᠣᠵᠤ᠂ ᠳᠡᠯᠡᠬᠡᠢ ᠶᠢᠨ ᠠᠵᠤ ᠠᠬᠤᠶ ᠪᠣᠯᠣᠨ ᠠᠵᠤ ᠦᠢᠯᠡᠰ ᠤᠨ ᠪᠠᠶᠢᠷᠢᠰᠢᠯ ᠶᠠᠭ ᠭᠦᠨᠵᠡᠭᠡᠶ ᠬᠤᠪᠢᠷᠠᠯᠲᠠ ᠭᠠᠷᠴᠤ ᠪᠠᠶᠢᠨ᠎ᠠ᠃ ᠰᠢᠨ᠎ᠡ ᠪᠠᠶᠢᠳᠠᠯ ᠤᠨ ᠡᠮᠦᠨ᠎ᠡ᠂ ᠡᠷᠬᠡᠪᠰᠢ ᠨᠡᠭᠡᠭᠡᠨ ᠬᠥᠭᠵᠢᠭᠦᠯᠬᠦ ᠲᠣᠭᠤᠷᠢᠭ ᠤᠨ ᠥᠭᠡᠷᠡᠴᠢᠯᠡᠯᠲᠡ ᠳᠤ ᠦᠵᠡᠭᠦᠯᠬᠦ ᠬᠤᠰᠢᠭᠤᠴᠢ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠰᠢᠨ᠎ᠡ ᠴᠤᠭᠯᠠᠷᠠᠯ ᠤᠨ ᠦᠢᠯᠡᠳᠦᠯ ᠪᠠ ᠨᠡᠮᠡᠭᠳᠡᠯ ᠤᠨ ᠬᠥᠳᠡᠯᠭᠡᠭᠴᠢ ᠬᠦᠴᠦ ᠶᠢ ᠪᠤᠢ ᠪᠣᠯᠭᠠᠨ᠂ ᠠᠵᠤ ᠠᠬᠤᠶ ᠶᠢᠨ ᠪᠦᠲᠦᠴᠡ ᠶᠢ ᠰᠢᠯᠢᠳᠡᠭᠵᠢᠭᠦᠯᠦᠨ ᠲᠣᠬᠢᠷᠠᠭᠤᠯᠬᠤ ᠪᠠ ᠬᠥᠭᠵᠢᠯᠲᠡ ᠶᠢᠨ ᠠᠷᠭ᠎ᠠ ᠬᠡᠯᠪᠡᠷᠢ ᠶᠢ ᠬᠤᠪᠢᠷᠠᠭᠤᠯᠬᠤ ᠶᠢ ᠬᠥᠲᠥᠯᠥᠨ ᠳᠠᠭᠠᠭᠤᠯᠬᠤ ᠬᠡᠷᠡᠭᠲᠡᠢ᠃      ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠠᠴᠠ ᠨᠡᠭᠡᠭᠡᠨ ᠬᠥᠭᠵᠢᠭᠦᠯᠬᠦ ᠲᠣᠭᠤᠷᠢᠭ ᠤᠨ ᠠᠵᠢᠯ ᠢ ᠮᠠᠰᠢ ᠬᠦᠨᠳᠦᠳᠬᠡᠨ ᠦᠵᠡᠳᠡᠭ᠃ ︽ᠨᠡᠭᠡᠭᠡᠯᠲᠡᠲᠦ ᠮᠠᠶ᠋ᠢᠭ ᠤᠨ ᠠᠵᠤ ᠠᠬᠤᠶ ᠶᠢᠨ ᠰᠢᠨ᠎ᠡ ᠪᠠᠶᠢᠭᠤᠯᠤᠯ ᠢ ᠪᠠᠶᠢᠭᠤᠯᠬᠤ ᠲᠤᠬᠠᠶ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ ᠤᠳ ︾᠎ ᠲᠤ᠂ ᠡᠯ᠎ᠡ ᠲᠥᠷᠥᠯ ᠤᠨ ᠨᠡᠭᠡᠭᠡᠨ ᠬᠥᠭᠵᠢᠭᠦᠯᠬᠦ ᠲᠣᠭᠤᠷᠢᠭ ᠢ ᠲᠥᠯᠥᠪᠵᠢᠭᠦᠯᠦᠨ ᠵᠢᠯᠣᠭᠤᠳᠬᠤ᠂ ᠰᠢᠨ᠎ᠡ ᠶᠢ ᠡᠭᠦᠳᠦᠨ ᠬᠥᠭᠵᠢᠭᠦᠯᠬᠦ ᠶᠢ ᠴᠢᠩᠭᠠᠳᠬᠠᠵᠤ᠂ ᠨᠡᠭᠡᠭᠡᠨ ᠬᠥᠭᠵᠢᠭᠦᠯᠬᠦ ᠲᠣᠭᠤᠷᠢᠭ ᠤᠨ ᠬᠥᠲᠥᠯᠥᠨ ᠳᠠᠭᠠᠭᠤᠯᠬᠤ ᠪᠠ ᠳᠠᠶᠢᠴᠢᠯᠠᠬᠤ ᠦᠶᠯᠡᠳᠦᠯ ᠢ ᠪᠠᠳᠠᠷᠠᠭᠤᠯᠵᠤ᠂ ᠠᠵᠤ ᠦᠢᠯᠡᠰ ᠤᠨ ᠳᠡᠰ ᠳᠡᠪᠰᠢᠭᠦᠯᠬᠦ ᠶᠢ ᠲᠦᠯᠬᠢᠨ ᠠᠬᠢᠭᠤᠯᠬᠤ ᠬᠡᠷᠡᠭᠲᠡᠢ ᠭᠡᠵᠦ ᠲᠣᠲᠣᠷᠬᠠᠢ ᠳᠤᠷᠠᠳᠪᠠ᠃ 2016 ᠣᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾᠎ ᠳᠤ ᠨᠡᠭᠡᠭᠡᠨ ᠬᠥᠭᠵᠢᠭᠦᠯᠬᠦ ᠲᠣᠭᠤᠷᠢᠭ ᠤᠨ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠬᠦ ᠬᠡᠷᠡᠭᠲᠡᠶ ᠭᠡᠵᠦ ᠲᠣᠲᠣᠷᠬᠠᠢ ᠱᠠᠭᠠᠷᠳᠠᠵᠠᠢ᠃ ᠲᠦᠷᠦ ᠶᠢᠨ ᠶᠠᠪᠤᠳᠠᠯ ᠤᠨ ᠬᠤᠷᠢᠶ᠎ᠠ ᠠᠴᠠ ︽ᠰᠠᠨᠠᠯ ᠤᠳ︾᠎ ᠢ ᠡᠨᠡ ᠤᠳᠠᠭ᠎ᠠ ᠨᠡᠶᠢᠲᠡᠯᠡᠭᠰᠡᠨ ᠨᠢ᠂ ᠰᠢᠨ᠎ᠡ ᠪᠠᠶᠢᠳᠠᠯ ᠳᠣᠣᠷᠠᠬᠢ ᠨᠡᠭᠡᠭᠡᠨ ᠬᠥᠭᠵᠢᠭᠦᠯᠬᠦ ᠲᠣᠭᠤᠷᠢᠭ ᠤᠨ ᠠᠵᠢᠯ ᠢ ᠪᠦᠬᠦ ᠲᠠᠯ᠎ᠠ ᠪᠠᠷ ᠪᠠᠶᠢᠷᠢᠯᠠᠭᠤᠯᠤᠨ᠂ ᠥᠭᠡᠷᠡᠴᠢᠯᠡᠯᠲᠡ ᠪᠠ ᠰᠢᠨ᠎ᠡ ᠶᠢ ᠡᠭᠦᠳᠬᠦ ᠪᠠᠷ ᠳᠠᠮᠵᠢᠭᠤᠯᠤᠨ ᠨᠡᠭᠡᠭᠡᠨ ᠬᠥᠭᠵᠢᠭᠦᠯᠬᠦ ᠲᠣᠭᠤᠷᠢᠭ ᠤᠨ ᠬᠥᠭᠵᠢᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠠᠪᠤᠳᠠᠯ ᠪᠣᠯᠬᠤ ᠶᠤᠮ᠃ ︽ᠰᠠᠨᠠᠯ ᠤᠳ︾ ᠪᠣᠯ ᠮᠠᠨ ᠤ ᠤᠯᠤᠰ ᠤᠨ ᠡᠯ᠎ᠡ ᠲᠥᠷᠥᠯ ᠤᠨ ᠨᠡᠭᠡᠭᠡᠨ ᠬᠥᠭᠵᠢᠭᠦᠯᠬᠦ ᠲᠣᠭᠤᠷᠢᠭ ᠤᠨ ᠶᠡᠷᠦᠩᠬᠡᠶᠢᠯᠡᠨ ᠵᠢᠯᠣᠭᠤᠳᠬᠤ ᠠᠩᠬᠠᠳᠠᠭᠴᠢ ᠪᠢᠴᠢᠭ ᠮᠠᠲ᠋ᠧᠷᠢᠶᠠᠯ ᠪᠣᠯᠣᠨ᠎ᠠ᠂ ᠨᠡᠭᠡᠭᠡᠨ ᠬᠥᠭᠵᠢᠭᠦᠯᠬᠦ ᠲᠣᠭᠤᠷᠢᠭ ᠤᠨ ᠬᠥᠭᠵᠢᠯᠲᠡ ᠶᠢ ᠲᠦᠯᠬᠢᠨ ᠠᠬᠢᠭᠤᠯᠬᠤ ᠪᠠ ᠵᠢᠷᠤᠮᠵᠢᠭᠤᠯᠬᠤ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠬᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠠᠬᠢᠭᠤᠯᠬᠤ᠂ ᠪᠣᠳᠠᠲᠤ ᠴᠣᠭᠴᠠ ᠶᠢᠨ ᠠᠵᠤ ᠠᠬᠤᠶ ᠶᠢᠨ ᠬᠦᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠂ ᠨᠡᠮᠡᠭᠳᠡᠯ ᠢ ᠲᠣᠭᠲᠠᠪᠤᠷᠢᠵᠢᠭᠤᠯᠬᠤ᠂ ᠪᠦᠲᠦᠴᠡ ᠶᠢ ᠲᠣᠬᠢᠷᠠᠭᠤᠯᠬᠤ᠂ ᠬᠥᠭᠵᠢᠯᠲᠡ ᠶᠢ ᠠᠬᠢᠭᠤᠯᠬᠤ ᠳᠤᠮᠳᠠᠬᠢ ᠨᠡᠭᠡᠭᠡᠨ ᠬᠥᠭᠵᠢᠭᠦᠯᠬᠦ ᠲᠣᠭᠤᠷᠢᠭ ᠤᠨ ᠢᠳᠡᠪᠬᠢᠲᠡᠶ ᠳᠠᠶᠢᠴᠢᠯᠠᠬᠤ ᠦᠢᠯᠡᠳᠦᠯ ᠢ ᠨᠡᠩ ᠰᠠᠶᠢᠨ ᠪᠠᠳᠠᠷᠠᠭᠤᠯᠬᠤ ᠪᠣᠯᠣᠨ᠎ᠠ᠃      ᠠᠰᠠᠭᠤᠯᠲᠠ᠄ ᠮᠠᠨ ᠤ ᠤᠯᠤᠰ ᠤᠨ ᠨᠡᠭᠡᠭᠡᠨ ᠬᠥᠭᠵᠢᠭᠦᠯᠬᠦ ᠲᠣᠭᠤᠷᠢᠭ ᠤᠨ ᠬᠥᠭᠵᠢᠯᠲᠡ ᠶᠢᠨ ᠶᠡᠷᠦᠩᠬᠡᠶ ᠪᠠᠶᠢᠳᠠᠯ ᠶᠠᠮᠠᠷ ᠪᠠᠶᠢᠬᠤ ᠪᠤᠢ︖ ᠰᠢᠨ᠎ᠡ ᠪᠠᠶᠢᠳᠠᠯ ᠳᠣᠣᠷ᠎ᠠ ᠨᠡᠭᠡᠭᠡᠨ ᠬᠥᠭᠵᠢᠭᠦᠯᠬᠦ ᠲᠣᠭᠤᠷᠢᠭ ᠤᠨ ᠥᠭᠡᠷᠡᠴᠢᠯᠡᠯᠲᠡ ᠪᠠ ᠰᠢᠨ᠎ᠡ ᠶᠢ ᠡᠭᠦᠳᠦᠨ ᠬᠥᠭᠵᠢᠭᠦᠯᠬᠦ ᠶᠢ ᠠᠬᠢᠭᠤᠯᠬᠤ ᠶᠡᠷᠦᠩᠬᠡᠶ ᠱᠠᠭᠠᠷᠳᠠᠯᠭ᠎ᠠ ᠨᠢ ᠶᠠᠭᠤ ᠪᠤᠢ︖                  ᠬᠠᠷᠢᠭᠤᠯᠲᠠ᠄ 1984 ᠣᠨ ᠳᠤ ᠠᠩᠬᠠᠳᠠᠭᠴᠢ ᠪᠦᠯᠦᠭ ᠨᠡᠭᠡᠭᠡᠨ ᠬᠥᠭᠵᠢᠭᠦᠯᠬᠦ ᠲᠣᠭᠤᠷᠢᠭ ᠢ ᠪᠠᠶᠢᠭᠤᠯᠤᠭᠰᠠᠨ ᠠᠴᠠ ᠨᠠᠰᠢ᠂ ᠮᠠᠨ ᠤ ᠤᠯᠤᠰ ᠤᠨ ᠨᠡᠭᠡᠭᠡᠨ ᠬᠥᠭᠵᠢᠭᠦᠯᠬᠦ ᠲᠣᠭᠤᠷᠢᠭ ᠳᠠᠯᠠᠢ ᠳᠠᠭᠠᠤ ᠣᠷᠣᠨ ᠠᠴᠠ ᠳᠣᠲᠣᠷ᠎ᠠ ᠭᠠᠵᠠᠷ ᠬᠦᠷᠲᠡᠯ᠎ᠡ᠂ ᠲᠦᠷᠦᠯ ᠬᠡᠯᠪᠡᠷᠢ ᠨᠢ ᠲᠠᠰᠤᠷᠠᠯᠳᠡ ᠦᠬᠡᠢ ᠥᠷᠭᠡᠳᠴᠦ᠂ ᠲᠤᠭ᠎ᠠ ᠬᠡᠮᠵᠢᠶ᠎ᠡ ᠨᠢ ᠠᠯᠬᠤᠮ ᠠᠯᠬᠤᠮ ᠢᠶᠠᠷ ᠨᠡᠮᠡᠭᠳᠡᠵᠦ᠂ ᠮᠠᠨ ᠤ ᠤᠯᠤᠰ ᠤᠨ ᠠᠵᠤ ᠦᠢᠯᠡᠳᠪᠦᠷᠢᠵᠢᠯᠲᠡ᠂ ᠬᠤᠳᠠ ᠪᠠᠯᠭᠠᠰᠤᠵᠢᠯᠳᠠ ᠶᠢᠨ ᠲᠦᠷᠭᠡᠨ ᠬᠥᠭᠵᠢᠯᠲᠡ ᠪᠠ ᠭᠠᠳᠠᠭᠠᠳᠤ ᠨᠡᠭᠡᠭᠡᠯᠳᠡ ᠬᠢᠬᠦ ᠶᠢ ᠲᠦᠯᠬᠢᠨ ᠠᠬᠢᠭᠤᠯᠬᠤ ᠴᠢᠬᠤᠯᠠ ᠲᠠᠪᠴᠠᠩ ᠪᠣᠯᠪᠠ᠃ ᠨᠡᠭᠡᠭᠡᠨ ᠬᠥᠭᠵᠢᠭᠦᠯᠬᠦ ᠲᠣᠭᠤᠷᠢᠭ ᠨᠢ ︽ᠨᠢᠭᠡ ᠴᠣᠩᠬᠤᠪᠴᠢ︾᠎ ᠶᠢᠨ ᠨᠡᠭᠡᠭᠡᠯᠲᠡ᠂ ︽ᠨᠢᠭᠡ ᠥᠷᠲᠡᠭᠡ︾᠎ ᠶᠢᠨ ᠠᠯᠠᠪᠠᠯᠠᠯ᠂ ︽ᠬᠡᠯᠬᠢᠶ᠎ᠡ︾ ᠦᠢᠯᠡᠴᠢᠯᠡᠭᠡ ᠶᠢ ᠠᠩᠬ᠎ᠠ ᠡᠭᠦᠳᠴᠦ᠂ ᠮᠠᠨ ᠤ ᠤᠯᠤᠰ ᠤᠨ ᠬᠤᠳᠣᠯᠳᠤᠭ᠎ᠠ ᠡᠵᠡᠩᠨᠡᠬᠦ ᠣᠷᠴᠢᠨ ᠲᠤᠭᠤᠷᠢᠨ ᠤ ᠵᠢᠱᠢᠶ᠎ᠡ ᠦᠵᠡᠭᠦᠯᠬᠦ ᠣᠷᠣᠨ ᠪᠣᠯᠪᠠ᠃ ᠡᠭᠦᠨ ᠤ ᠬᠠᠮᠲᠤ᠂ ᠨᠡᠭᠡᠭᠡᠨ ᠬᠥᠭᠵᠢᠭᠦᠯᠬᠦ ᠲᠣᠭᠤᠷᠢᠭ ᠤᠨ ᠬᠥᠭᠵᠢᠯᠲᠡ ᠶᠢᠨ ᠶᠡᠷᠦᠩᠬᠡᠶ ᠪᠠᠶᠢᠳᠠᠯ ᠤᠨ ᠲᠠᠯ᠎ᠠ ᠪᠠᠷ ᠬᠢ ᠠᠰᠠᠭᠤᠳᠠᠯ ᠢ ᠪᠠᠰᠠ ᠠᠩᠬᠠᠷᠤᠭᠤᠰᠢᠲᠠᠶ ᠪᠠᠶᠢᠨ᠎ᠠ᠃ ᠨᠢᠭᠡ ᠳᠤ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠶ᠃ ᠣᠳᠣᠬᠠᠨ ᠳᠤ ᠡᠯ᠎ᠡ ᠲᠥᠷᠥᠯ ᠤᠨ ᠨᠡᠭᠡᠭᠡᠨ ᠬᠥᠭᠵᠢᠭᠦᠯᠬᠦ ᠲᠣᠭᠤᠷᠢᠭ ᠤᠨ ᠲᠤᠭ᠎ᠠ ᠨᠢ ᠬᠡᠳᠦ ᠤᠯᠠᠨ᠂ ᠪᠠᠶᠢᠷᠢᠰᠢᠯ ᠎ ᠨᠢ ᠵᠦᠢ ᠵᠤᠬᠢᠰ ᠦᠬᠡᠢ᠂ ᠳᠣᠣᠷ᠎ᠠ ᠬᠢᠷᠢ ᠲᠣᠪᠰᠢᠨ ᠢᠶᠠᠷ ᠳᠠᠪᠬᠤᠷᠳᠠᠭᠤᠯᠤᠨ ᠪᠦᠲᠦᠭᠡᠨ ᠪᠠᠶᠢᠭᠤᠯᠬᠤ᠂ ᠮᠠᠭᠤ ᠰᠠᠨᠠᠭ᠎ᠠ ᠲᠠᠢ ᠪᠠᠷ ᠥᠷᠢᠰᠥᠯᠳᠦᠬᠦ ᠵᠡᠷᠭᠡ ᠠᠰᠠᠭᠤᠳᠠᠯ ᠨᠡᠯᠢᠶᠡᠳ ᠲᠤᠪᠤᠶᠢᠮ᠎ᠠ ᠣᠷᠣᠰᠢᠵᠤ ᠪᠠᠶᠢᠨ᠎ᠠ᠃ ᠬᠡᠰᠡᠭ ᠨᠡᠭᠡᠭᠡᠨ ᠬᠥᠭᠵᠢᠭᠦᠯᠬᠦ ᠲᠣᠭᠤᠷᠢᠭ ᠤᠨ ᠠᠵᠤ ᠦᠶᠯᠡᠰ ᠤᠨ ᠪᠠᠶᠢᠷᠢ ᠲᠣᠭᠲᠠᠭᠠᠯᠲᠠ ᠨᠢ ᠠᠳᠠᠯᠢᠪᠲᠤᠷ ᠪᠠᠶᠢᠵᠤ᠂ ᠭᠤᠣᠯᠯᠠᠬᠤ ᠠᠵᠤ ᠦᠢᠯᠡᠰ ᠨᠢ ᠳᠤᠪᠤᠶᠢᠮ᠎ᠠ ᠪᠢᠰᠢ ᠣᠨᠴᠠᠯᠢᠭ ᠪᠦᠬᠦᠢ ᠬᠥᠭᠵᠢᠯᠲᠡ᠂ ᠣᠷᠣᠨ ᠪᠠᠶᠢᠷᠢ ᠰᠣᠯᠢᠵᠤ ᠬᠥᠭᠵᠢᠭᠦᠯᠬᠦ ᠶᠢ ᠳᠡᠭᠡᠭᠰᠢᠯᠡᠭᠦᠯᠬᠦ ᠴᠢᠬᠤᠯᠠᠲᠠᠶ ᠪᠠᠶᠢᠨ᠎ᠠ᠃ ᠬᠤᠶᠠᠷ ᠲᠤ ᠪᠠᠶᠢᠭᠤᠯᠤᠯ ᠲᠣᠭᠲᠠᠴᠠ ᠶᠢᠨ ᠰᠢᠨ᠎ᠡ ᠡᠭᠦᠳᠦᠯᠲᠡ ᠳᠤᠲᠠᠮᠠᠭ ᠪᠠᠶᠢᠨ᠎ᠠ᠃ ᠤᠶᠢᠷ᠎ᠠ ᠶᠢᠨ ᠵᠢᠯ ᠤᠳ ᠲᠤ ᠴᠥᠭᠡᠨ ᠪᠤᠰᠤ ᠨᠡᠭᠡᠭᠡᠨ ᠬᠥᠭᠵᠢᠭᠦᠯᠬᠦ ᠲᠣᠭᠤᠷᠢᠭ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠡᠷᠴᠢᠮ ᠴᠢᠩᠭ᠎ᠠ ᠪᠢᠰᠢ᠂ ᠳᠣᠲᠣᠭᠠᠳᠤ ᠶᠢᠨ ᠪᠠᠶᠢᠭᠤᠯᠤᠮᠵᠢ ᠲᠠᠰᠤᠷᠠᠯᠲᠠ ᠦᠭᠡᠢ ᠨᠡᠮᠡᠭᠳᠡᠵᠦ᠂ ᠴᠣᠮᠬᠠᠭ ᠪᠦᠭᠡᠳ ᠥᠨᠳᠥᠷ ᠪᠦᠲᠦᠮᠵᠢᠲᠡᠶ ᠪᠠᠶᠢᠬᠤ ᠣᠨᠴᠠᠯᠢᠭ ᠎ ᠢᠶᠠᠨ ᠠᠯᠳᠠᠵᠠᠢ᠃ ᠭᠤᠷᠪᠠ ᠳᠤ ᠬᠠᠮᠢᠶᠠᠷᠤᠯᠲᠠ ᠶᠢᠨ ᠲᠦᠷᠢᠮ ᠢ ᠪᠦᠷᠢᠨᠰᠢᠭᠦᠯᠬᠦ ᠴᠢᠬᠤᠯᠠᠲᠠᠶ ᠪᠠᠶᠢᠨ᠎ᠠ᠃ ᠣᠳᠣᠬᠠᠨ ᠎ ᠳᠤ ᠨᠡᠭᠡᠭᠡᠨ ᠬᠥᠭᠵᠢᠭᠦᠯᠬᠦ ᠲᠣᠭᠤᠷᠢᠭ ᠨᠢ ᠠᠳᠠᠯᠢ ᠪᠤᠰᠤ ᠲᠦᠷᠦᠯ ᠬᠡᠯᠪᠡᠷᠢ ᠲᠠᠢ ᠪᠠᠶᠢᠵᠤ᠂ ᠡᠯ᠎ᠡ ᠲᠥᠷᠥᠯ ᠤᠨ ᠨᠡᠭᠡᠭᠡᠨ ᠬᠥᠭᠵᠢᠭᠦᠯᠬᠦ ᠲᠣᠭᠤᠷᠢᠭ ᠢ ᠲᠥᠯᠥᠪᠵᠢᠭᠦᠯᠬᠦ᠂ ᠪᠠᠶᠢᠭᠤᠯᠬᠤ᠂ ᠥᠷᠭᠡᠳᠬᠡᠬᠦ᠂ ᠰᠢᠯᠵᠢᠭᠦᠯᠬᠦ᠂ ᠲᠡᠰ ᠳᠡᠪᠰᠢᠭᠦᠯᠬᠦ᠂ ᠬᠢᠨᠠᠨ ᠰᠢᠯᠭᠠᠬᠤ ᠵᠡᠷᠭᠡ ᠬᠤᠯᠪᠣᠭᠳᠠᠯ ᠪᠦᠬᠦᠢ ᠲᠦᠷᠢᠮ ᠢ ᠲᠡᠭᠦᠯᠳᠡᠷᠵᠢᠭᠦᠯᠬᠦ ᠴᠢᠬᠤᠯᠠᠲᠠᠶ ᠪᠠᠶᠢᠬᠤ ᠲᠤᠯᠠ᠂ ᠰᠢᠰᠲ᠋ᠧᠮ ᠤᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠬᠤ ᠴᠢᠬᠤᠯᠠᠲᠠᠶ ᠪᠠᠶᠢᠨ᠎ᠠ᠃      ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠱᠠᠭᠠᠷᠳᠠᠯᠭ᠎ᠠ ᠪᠠᠷ᠂ ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ ᠤᠨ ᠬᠤᠪᠢᠷᠠᠯᠲᠠ ᠳᠤ ᠵᠣᠬᠢᠴᠠᠭᠤᠯᠬᠤ ᠶᠢᠨ ᠳᠤᠰᠠᠳᠠ᠂ ︽ᠰᠠᠨᠠᠯ ᠤᠳ︾᠎ ᠲᠤ ᠣᠳᠣᠬᠠᠨ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠨᠡᠭᠡᠭᠡᠨ ᠬᠥᠭᠵᠢᠭᠦᠯᠬᠦ ᠲᠣᠭᠤᠷᠢᠭ ᠤᠨ ᠬᠥᠭᠵᠢᠯᠲᠡ ᠶᠢᠨ ᠶᠡᠷᠦᠩᠬᠡᠶ ᠱᠠᠭᠠᠷᠳᠠᠯᠭ᠎ᠠ ᠶᠢ ᠲᠣᠳᠣᠷᠬᠠᠶᠢᠯᠠᠪᠠ᠄ ᠰᠢᠨ᠎ᠡ ᠶᠢ ᠡᠭᠦᠳᠬᠦ᠂ ᠵᠣᠬᠢᠴᠠᠭᠤᠯᠬᠤ᠂ ᠪᠣᠬᠢᠷᠳᠠᠯ ᠦᠭᠡᠢ ᠪᠠᠶᠢᠬᠤ᠂ ᠨᠡᠭᠡᠭᠡᠯᠲᠡ ᠬᠢᠬᠦ᠂ ᠬᠠᠮᠲᠤ ᠪᠠᠷ ᠬᠦᠷᠲᠡᠬᠦ ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠨᠡᠭᠡᠭᠡᠨ ᠬᠥᠭᠵᠢᠭᠦᠯᠬᠦ ᠲᠣᠭᠤᠷᠢᠭ ᠢ ᠨᠢᠭᠡᠳᠦᠯᠲᠡᠶ ᠲᠥᠯᠥᠪᠵᠢᠭᠦᠯᠬᠦ ᠶᠢ ᠴᠢᠩᠭᠠᠳᠬᠠᠵᠤ᠂ ᠨᠡᠭᠡᠭᠡᠨ ᠬᠥᠭᠵᠢᠭᠦᠯᠬᠦ ᠲᠣᠭᠤᠷᠢᠭ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠶᠢ ᠨᠢ ᠲᠦᠷᠭᠡᠳᠬᠡᠵᠦ᠂ ᠨᠡᠭᠡᠭᠡᠨ ᠬᠥᠭᠵᠢᠭᠦᠯᠬᠦ ᠲᠣᠭᠤᠷᠢᠭ ᠤᠨ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠬᠦ ᠶᠢ ᠠᠬᠢᠭᠤᠯᠵᠤ᠂ ᠨᠡᠭᠡᠭᠡᠨ ᠬᠥᠭᠵᠢᠭᠦᠯᠬᠦ ᠲᠣᠭᠤᠷᠢᠭ ᠤᠨ ᠬᠠᠮᠢᠶᠠᠷᠤᠯᠲᠠ ᠶᠢᠨ ᠲᠦᠷᠢᠮ ᠪᠠ ᠲᠦᠷᠦ ᠶᠢᠨ ᠪᠤᠳᠤᠯᠭ᠎ᠠ ᠶᠢᠨ ᠰᠢᠰᠲ᠋ᠧᠮᠵᠢ ᠶᠢ ᠪᠥᠷᠢᠨᠰᠢᠭᠦᠯᠵᠦ᠂ ᠨᠡᠭᠡᠭᠡᠨ ᠬᠥᠭᠵᠢᠭᠦᠯᠬᠦ ᠲᠣᠭᠤᠷᠢᠭ ᠤᠨ ᠴᠢᠳᠠᠮᠵᠢ ᠶᠢᠨ ᠳᠠᠪᠠᠭᠤᠯᠢᠭ ᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠢ᠃ ︽ᠳᠥᠷᠪᠡ ᠶᠢ ᠪᠠᠷᠢᠮᠲᠠᠯᠠᠬᠤ︾᠎ ᠶᠢ ᠭᠦᠢᠴᠡᠳᠬᠡᠬᠦ ᠬᠡᠷᠡᠭᠲᠡᠢ᠄ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠨ᠂ ᠡᠯ᠎ᠡ ᠲᠥᠷᠥᠯ ᠤᠨ ᠨᠡᠭᠡᠭᠡᠨ ᠬᠥᠭᠵᠢᠭᠦᠯᠬᠦ ᠲᠣᠭᠤᠷᠢᠭ ᠤᠨ ᠴᠣᠮᠬᠠᠭ ᠪᠦᠭᠡᠳ ᠥᠨᠳᠥᠷ ᠪᠦᠲᠦᠮᠵᠢᠲᠡᠶ ᠪᠠᠶᠢᠬᠤ ᠣᠨᠴᠠᠯᠢᠭ ᠢ ᠨᠡᠮᠡᠭᠳᠡᠭᠦᠯᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠨᠡᠭᠡᠭᠡᠨ ᠬᠥᠭᠵᠢᠭᠦᠯᠬᠦ ᠲᠣᠭᠤᠷᠢᠭ ᠤᠨ ᠬᠥᠭᠵᠢᠯᠲᠡ ᠶᠢᠨ ᠬᠥᠳᠡᠯᠭᠡᠭᠴᠢ ᠬᠦᠴᠦᠨ ᠪᠣᠯᠤᠨ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠶ᠃ ᠲᠥᠯᠥᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠨᠡᠭᠡᠭᠡᠨ ᠬᠥᠭᠵᠢᠭᠦᠯᠬᠦ ᠲᠣᠭᠤᠷᠢᠭ ᠤᠨ ᠣᠷᠣᠨ ᠵᠠᠶ ᠶᠢᠨ ᠪᠠᠶᠢᠷᠢᠰᠢᠭᠤᠯᠤᠯ ᠪᠠ ᠲᠤᠭ᠎ᠠ ᠬᠡᠪᠴᠢᠶ᠎ᠡ ᠶᠢ ᠪᠦᠷᠢᠨᠰᠢᠭᠦᠯᠵᠦ᠂ ᠪᠠᠶᠢᠷᠢᠰᠢᠯ ᠨᠢ ᠵᠦᠢ ᠵᠣᠬᠢᠰᠲᠠᠶ᠂ ᠣᠷᠣᠨ ᠪᠠᠶᠢᠷᠢ ᠰᠣᠯᠢᠵᠤ ᠬᠥᠭᠵᠢᠬᠦ᠂ ᠴᠢᠳᠠᠮᠵᠢ ᠨᠢ ᠵᠣᠬᠢᠴᠠᠩᠭᠤᠢ ᠪᠦᠬᠦᠢ ᠤᠯᠤᠰ ᠤᠨ ᠨᠡᠭᠡᠭᠡᠨ ᠬᠥᠭᠵᠢᠭᠦᠯᠬᠦ ᠲᠣᠭᠤᠷᠢᠭ ᠤᠨ ᠬᠥᠭᠵᠢᠯᠲᠡ ᠶᠢᠨ ᠪᠠᠶᠢᠷᠢᠰᠢᠯ ᠢ ᠪᠤᠢ ᠪᠣᠯᠭᠠᠬᠤ ᠬᠡᠷᠡᠭᠲᠡᠢ᠃ ᠲᠥᠪᠯᠡᠷᠡᠭᠦᠯᠦᠨ ᠡᠷᠴᠢᠮᠵᠢᠭᠦᠯᠬᠦ ᠶᠢ ᠪᠠᠷᠢᠮᠲᠠᠯᠠᠵᠤ᠂ ᠠᠵᠤ ᠦᠢᠯᠡᠳᠪᠦᠷᠢ ᠶᠢᠨ ᠲᠥᠷᠥᠯ ᠵᠦᠢᠯ ᠎ ᠢ ᠬᠥᠲᠥᠯᠥᠨ ᠵᠢᠯᠣᠭᠤᠳᠴᠤ ᠪᠠᠶᠢᠭᠠᠳ ᠨᠡᠭᠡᠭᠡᠨ ᠬᠥᠭᠵᠢᠭᠦᠯᠬᠦ ᠣᠷᠣᠨ ᠲᠡᠰᠢ ᠲᠥᠪᠯᠡᠷᠡᠭᠦᠯᠵᠦ᠂ ᠠᠵᠤ ᠦᠢᠯᠡᠰ ᠢ ᠲᠥᠪᠯᠡᠷᠡᠭᠦᠯᠬᠦ᠂ ᠡᠬᠢ ᠪᠠᠶᠠᠯᠢᠭ ᠢ ᠡᠷᠴᠢᠮᠵᠢᠭᠦᠯᠬᠦ᠂ ᠪᠣᠬᠢᠷᠳᠤᠯ ᠥᠬᠡᠶ ᠬᠥᠭᠵᠢᠭᠦᠯᠬᠦ ᠶᠢ ᠠᠬᠢᠭᠤᠯᠵᠤ᠂ ᠨᠡᠭᠡᠭᠡᠨ ᠬᠥᠭᠵᠢᠭᠦᠯᠬᠦ ᠲᠣᠭᠤᠷᠢᠭ ᠤᠨ ᠬᠡᠪᠴᠢᠶᠡᠲᠦ ᠠᠵᠤ ᠠᠬᠤᠶ ᠶᠢᠨ ᠦᠢᠯᠡᠳᠦᠯ ᠢ ᠦᠨᠡᠨᠬᠦ ᠪᠠᠳᠠᠷᠠᠭᠤᠯᠬᠤ ᠬᠡᠷᠡᠭᠲᠡᠶ᠃ ᠬᠥᠭᠵᠢᠯᠲᠡ ᠶᠢᠨ ᠤᠳᠤᠷᠢᠳᠤᠮᠵᠢ ᠶᠢ ᠪᠠᠷᠢᠮᠲᠠᠯᠠᠵᠤ᠂ ᠵᠢᠷᠤᠮᠵᠢᠯᠠᠯ ᠢᠶᠠᠷ ᠬᠥᠭᠵᠢᠯᠲᠡ ᠶᠢ ᠠᠬᠢᠭᠤᠯᠤᠨ᠂ ᠬᠥᠭᠵᠢᠯᠲᠡ ᠪᠠ ᠵᠢᠷᠤᠮᠵᠢᠯᠠᠯ ᠤᠨ ᠬᠠᠷᠢᠴᠠᠭ᠎ᠠ ᠶᠢ ᠵᠥᠪ ᠡᠵᠡᠮᠳᠡᠵᠦ᠂ ᠨᠡᠭᠡᠭᠡᠨ ᠬᠥᠭᠵᠢᠭᠦᠯᠬᠦ ᠲᠣᠭᠤᠷᠢᠭ ᠤᠨ ᠬᠥᠭᠵᠢᠯᠲᠡ ᠶᠢᠨ ᠰᠢᠨ᠎ᠡ ᠠᠷᠭ᠎ᠠ ᠵᠠᠮ᠂ ᠰᠢᠨ᠎ᠡ ᠲᠤᠷᠰᠢᠯᠭ᠎ᠠ ᠶᠢ ᠲᠠᠰᠤᠷᠠᠯᠳᠠ ᠦᠭᠡᠢ ᠬᠤᠷᠠᠮᠳᠤᠭᠤᠯᠬᠤ ᠬᠡᠷᠡᠭᠲᠡᠢ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ