ᠨᠡᠭᠡᠭᠡᠨ ᠬᠥᠭᠵᠢᠭᠦᠯᠬᠦ ᠲᠣᠭᠤᠷᠢᠭ ᠤᠨ ᠥᠭᠡᠷᠡᠴᠢᠯᠡᠯᠲᠡ ᠪᠠ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ ᠤᠳ ᠤᠨ ᠲᠤᠬᠠᠢ ᠠᠰᠠᠭᠤᠯᠲᠠ ᠶᠢ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠬᠠᠷᠢᠭᠤᠯᠤᠭᠰᠠᠨ ᠨᠢ
ᠨᠡᠶᠢᠲᠡᠯᠡᠭᠰᠡᠨ ᠴᠠᠭ᠄
2017/2/22
     ᠦᠢᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠠᠴᠠ ︽ᠨᠡᠭᠡᠭᠡᠨ ᠬᠥᠭᠵᠢᠭᠦᠯᠬᠦ ᠲᠣᠭᠤᠷᠢᠭ ᠤᠨ ᠥᠭᠡᠷᠡᠴᠢᠯᠡᠯᠲᠡ ᠪᠠ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠬᠤ ᠲᠤᠬᠠᠶ ᠰᠠᠨᠠᠯ ᠤᠳ︾ ︵ᠲᠦᠷᠦ ᠠᠯᠪᠠᠨ ᠲᠠᠷᠬᠠᠭᠠᠭᠰᠠᠨ ﹇2017﹈ 7 ᠳ᠋ᠤᠭᠠᠷ ᠲᠣᠭᠠᠲᠤ᠂ ᠳᠣᠷᠣᠭᠰᠢ ︽ᠰᠠᠨᠠᠯ ᠤᠳ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠪᠠ᠃ ︽ᠰᠠᠨᠠᠯ ᠤᠳ︾ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠡᠵᠡᠮᠰᠢᠬᠦ ᠶᠢᠨ ᠲᠤᠯᠠᠳᠠ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠰᠤᠷᠪᠤᠯᠵᠢᠯᠠᠭᠴᠢ ᠶᠢᠨ ᠰᠤᠷᠪᠤᠯᠵᠢᠯᠠᠭ᠎ᠠ ᠶᠢ ᠬᠦᠯᠢᠶᠡᠪᠡ᠃      ᠠᠰᠠᠭᠤᠯᠲᠠ᠄ ᠨᠡᠭᠡᠭᠡᠨ ᠬᠥᠭᠵᠢᠭᠦᠯᠬᠦ ᠲᠣᠭᠤᠷᠢᠭ ᠨᠢ ᠮᠠᠨ ᠤ ᠤᠯᠤᠰ ᠤᠨ ᠠᠵᠤ ᠠᠬᠤᠶ ᠶᠢᠨ ᠬᠥᠭᠵᠢᠯᠲᠡ ᠶᠢᠨ ᠳᠤᠮᠳᠠ ᠴᠢᠬᠤᠯᠠ ᠦᠢᠯᠡᠳᠦᠯ ᠢᠶᠠᠨ ᠪᠠᠳᠠᠷᠠᠭᠤᠯᠵᠤ ᠪᠠᠶᠢᠨ᠎ᠠ᠃ ︽ᠰᠠᠨᠠᠯ ᠤᠳ︾ ᠢ ᠨᠡᠶᠢᠲᠡᠯᠡᠨ ᠬᠡᠷᠡᠭᠵᠢᠭᠦᠯᠦᠭᠰᠡᠨ ᠠᠬᠤᠶ ᠪᠠᠶᠢᠳᠠᠯ ᠪᠣᠯᠤᠨ ᠠᠴᠢ ᠬᠤᠯᠪᠣᠭᠳᠠᠯ ᠢ ᠲᠠᠨᠢᠯᠴᠠᠭᠤᠯᠤᠭᠠᠳ ᠥᠭᠭᠦᠨ᠎ᠡ ᠤᠤ᠃      ᠬᠠᠷᠢᠭᠤᠯᠲᠠ᠄ ᠨᠡᠭᠡᠭᠡᠨ ᠬᠥᠭᠵᠢᠭᠦᠯᠬᠦ ᠲᠣᠭᠤᠷᠢᠭ ᠢ ᠪᠦᠳᠦᠭᠡᠨ ᠪᠠᠶᠢᠭᠤᠯᠤᠭᠰᠠᠨ ᠶᠠᠪᠤᠳᠠᠯ ᠪᠣᠯ ᠮᠠᠨ ᠤ ᠤᠯᠤᠰ ᠤᠨ ᠥᠭᠡᠷᠡᠴᠢᠯᠡᠯᠲᠡ ᠨᠡᠭᠡᠭᠡᠯᠲᠡ ᠶᠢᠨ ᠠᠮᠵᠢᠯᠲᠠᠲᠠᠶ ᠦᠢᠯᠡᠳᠦᠯᠭᠡ ᠮᠦᠨ᠂ ᠪᠠᠶᠢᠭᠤᠯᠤᠯ ᠤᠨ ᠥᠭᠡᠷᠡᠴᠢᠯᠡᠯᠲᠡ ᠶᠢ ᠠᠬᠢᠭᠤᠯᠬᠤ᠂ ᠪᠡᠯᠡ ᠣᠷᠣᠭᠤᠯᠤᠯᠲᠠ ᠶᠢᠨ ᠣᠷᠴᠢᠨ ᠨᠥᠬᠦᠴᠡᠯ ᠢ ᠰᠠᠶᠢᠵᠢᠷᠠᠭᠤᠯᠬᠤ᠂ ᠠᠵᠤ ᠦᠢᠯᠡᠰ ᠤᠨ ᠴᠤᠭᠯᠠᠷᠠᠯ ᠢ ᠬᠦᠲᠦᠯᠦᠨ ᠵᠢᠯᠣᠭᠤᠳᠬᠤ᠂ ᠨᠡᠭᠡᠭᠡᠯᠲᠡᠲᠦ ᠮᠠᠶ᠋ᠢᠭ ᠤᠨ ᠠᠵᠤ ᠠᠬᠤᠶ ᠶᠢ ᠬᠥᠭᠵᠢᠭᠦᠯᠬᠦ ᠳᠤ ᠣᠷᠣᠯᠠᠭᠤᠯᠵᠤ ᠪᠣᠯᠤᠰᠢ ᠦᠭᠡᠢ ᠦᠢᠯᠡᠳᠦᠯ ᠦᠵᠡᠭᠦᠯᠦᠭᠰᠡᠨ ᠶᠤᠮ᠃ ᠣᠳᠣᠬᠠᠨ ᠳᠤ᠂ ᠮᠠᠨ ᠤ ᠤᠯᠤᠰ ᠤᠨ ᠠᠵᠤ ᠠᠬᠤᠶ ᠶᠢᠨ ᠬᠥᠭᠵᠢᠯᠲᠡ ᠰᠢᠨ᠎ᠡ ᠬᠡᠪ ᠪᠠᠶᠢᠳᠠᠯ ᠳᠤ ᠣᠷᠣᠵᠤ᠂ ᠳᠡᠯᠡᠬᠡᠢ ᠶᠢᠨ ᠠᠵᠤ ᠠᠬᠤᠶ ᠪᠣᠯᠣᠨ ᠠᠵᠤ ᠦᠢᠯᠡᠰ ᠤᠨ ᠪᠠᠶᠢᠷᠢᠰᠢᠯ ᠶᠠᠭ ᠭᠦᠨᠵᠡᠭᠡᠶ ᠬᠤᠪᠢᠷᠠᠯᠲᠠ ᠭᠠᠷᠴᠤ ᠪᠠᠶᠢᠨ᠎ᠠ᠃ ᠰᠢᠨ᠎ᠡ ᠪᠠᠶᠢᠳᠠᠯ ᠤᠨ ᠡᠮᠦᠨ᠎ᠡ᠂ ᠡᠷᠬᠡᠪᠰᠢ ᠨᠡᠭᠡᠭᠡᠨ ᠬᠥᠭᠵᠢᠭᠦᠯᠬᠦ ᠲᠣᠭᠤᠷᠢᠭ ᠤᠨ ᠥᠭᠡᠷᠡᠴᠢᠯᠡᠯᠲᠡ ᠳᠤ ᠦᠵᠡᠭᠦᠯᠬᠦ ᠬᠤᠰᠢᠭᠤᠴᠢ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠰᠢᠨ᠎ᠡ ᠴᠤᠭᠯᠠᠷᠠᠯ ᠤᠨ ᠦᠢᠯᠡᠳᠦᠯ ᠪᠠ ᠨᠡᠮᠡᠭᠳᠡᠯ ᠤᠨ ᠬᠥᠳᠡᠯᠭᠡᠭᠴᠢ ᠬᠦᠴᠦ ᠶᠢ ᠪᠤᠢ ᠪᠣᠯᠭᠠᠨ᠂ ᠠᠵᠤ ᠠᠬᠤᠶ ᠶᠢᠨ ᠪᠦᠲᠦᠴᠡ ᠶᠢ ᠰᠢᠯᠢᠳᠡᠭᠵᠢᠭᠦᠯᠦᠨ ᠲᠣᠬᠢᠷᠠᠭᠤᠯᠬᠤ ᠪᠠ ᠬᠥᠭᠵᠢᠯᠲᠡ ᠶᠢᠨ ᠠᠷᠭ᠎ᠠ ᠬᠡᠯᠪᠡᠷᠢ ᠶᠢ ᠬᠤᠪᠢᠷᠠᠭᠤᠯᠬᠤ ᠶᠢ ᠬᠥᠲᠥᠯᠥᠨ ᠳᠠᠭᠠᠭᠤᠯᠬᠤ ᠬᠡᠷᠡᠭᠲᠡᠢ᠃      ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠠᠴᠠ ᠨᠡᠭᠡᠭᠡᠨ ᠬᠥᠭᠵᠢᠭᠦᠯᠬᠦ ᠲᠣᠭᠤᠷᠢᠭ ᠤᠨ ᠠᠵᠢᠯ ᠢ ᠮᠠᠰᠢ ᠬᠦᠨᠳᠦᠳᠬᠡᠨ ᠦᠵᠡᠳᠡᠭ᠃ ︽ᠨᠡᠭᠡᠭᠡᠯᠲᠡᠲᠦ ᠮᠠᠶ᠋ᠢᠭ ᠤᠨ ᠠᠵᠤ ᠠᠬᠤᠶ ᠶᠢᠨ ᠰᠢᠨ᠎ᠡ ᠪᠠᠶᠢᠭᠤᠯᠤᠯ ᠢ ᠪᠠᠶᠢᠭᠤᠯᠬᠤ ᠲᠤᠬᠠᠶ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ ᠤᠳ ︾ ᠲᠤ᠂ ᠡᠯ᠎ᠡ ᠲᠥᠷᠥᠯ ᠤᠨ ᠨᠡᠭᠡᠭᠡᠨ ᠬᠥᠭᠵᠢᠭᠦᠯᠬᠦ ᠲᠣᠭᠤᠷᠢᠭ ᠢ ᠲᠥᠯᠥᠪᠵᠢᠭᠦᠯᠦᠨ ᠵᠢᠯᠣᠭᠤᠳᠬᠤ᠂ ᠰᠢᠨ᠎ᠡ ᠶᠢ ᠡᠭᠦᠳᠦᠨ ᠬᠥᠭᠵᠢᠭᠦᠯᠬᠦ ᠶᠢ ᠴᠢᠩᠭᠠᠳᠬᠠᠵᠤ᠂ ᠨᠡᠭᠡᠭᠡᠨ ᠬᠥᠭᠵᠢᠭᠦᠯᠬᠦ ᠲᠣᠭᠤᠷᠢᠭ ᠤᠨ ᠬᠥᠲᠥᠯᠥᠨ ᠳᠠᠭᠠᠭᠤᠯᠬᠤ ᠪᠠ ᠳᠠᠶᠢᠴᠢᠯᠠᠬᠤ ᠦᠶᠯᠡᠳᠦᠯ ᠢ ᠪᠠᠳᠠᠷᠠᠭᠤᠯᠵᠤ᠂ ᠠᠵᠤ ᠦᠢᠯᠡᠰ ᠤᠨ ᠳᠡᠰ ᠳᠡᠪᠰᠢᠭᠦᠯᠬᠦ ᠶᠢ ᠲᠦᠯᠬᠢᠨ ᠠᠬᠢᠭᠤᠯᠬᠤ ᠬᠡᠷᠡᠭᠲᠡᠢ ᠭᠡᠵᠦ ᠲᠣᠲᠣᠷᠬᠠᠢ ᠳᠤᠷᠠᠳᠪᠠ᠃ 2016 ᠣᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠨᠡᠭᠡᠭᠡᠨ ᠬᠥᠭᠵᠢᠭᠦᠯᠬᠦ ᠲᠣᠭᠤᠷᠢᠭ ᠤᠨ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠬᠦ ᠬᠡᠷᠡᠭᠲᠡᠶ ᠭᠡᠵᠦ ᠲᠣᠲᠣᠷᠬᠠᠢ ᠱᠠᠭᠠᠷᠳᠠᠵᠠᠢ᠃ ᠲᠦᠷᠦ ᠶᠢᠨ ᠶᠠᠪᠤᠳᠠᠯ ᠤᠨ ᠬᠤᠷᠢᠶ᠎ᠠ ᠠᠴᠠ ︽ᠰᠠᠨᠠᠯ ᠤᠳ︾ ᠢ ᠡᠨᠡ ᠤᠳᠠᠭ᠎ᠠ ᠨᠡᠶᠢᠲᠡᠯᠡᠭᠰᠡᠨ ᠨᠢ᠂ ᠰᠢᠨ᠎ᠡ ᠪᠠᠶᠢᠳᠠᠯ ᠳᠣᠣᠷᠠᠬᠢ ᠨᠡᠭᠡᠭᠡᠨ ᠬᠥᠭᠵᠢᠭᠦᠯᠬᠦ ᠲᠣᠭᠤᠷᠢᠭ ᠤᠨ ᠠᠵᠢᠯ ᠢ ᠪᠦᠬᠦ ᠲᠠᠯ᠎ᠠ ᠪᠠᠷ ᠪᠠᠶᠢᠷᠢᠯᠠᠭᠤᠯᠤᠨ᠂ ᠥᠭᠡᠷᠡᠴᠢᠯᠡᠯᠲᠡ ᠪᠠ ᠰᠢᠨ᠎ᠡ ᠶᠢ ᠡᠭᠦᠳᠬᠦ ᠪᠠᠷ ᠳᠠᠮᠵᠢᠭᠤᠯᠤᠨ ᠨᠡᠭᠡᠭᠡᠨ ᠬᠥᠭᠵᠢᠭᠦᠯᠬᠦ ᠲᠣᠭᠤᠷᠢᠭ ᠤᠨ ᠬᠥᠭᠵᠢᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠠᠪᠤᠳᠠᠯ ᠪᠣᠯᠬᠤ ᠶᠤᠮ᠃ ︽ᠰᠠᠨᠠᠯ ᠤᠳ︾ ᠪᠣᠯ ᠮᠠᠨ ᠤ ᠤᠯᠤᠰ ᠤᠨ ᠡᠯ᠎ᠡ ᠲᠥᠷᠥᠯ ᠤᠨ ᠨᠡᠭᠡᠭᠡᠨ ᠬᠥᠭᠵᠢᠭᠦᠯᠬᠦ ᠲᠣᠭᠤᠷᠢᠭ ᠤᠨ ᠶᠡᠷᠦᠩᠬᠡᠶᠢᠯᠡᠨ ᠵᠢᠯᠣᠭᠤᠳᠬᠤ ᠠᠩᠬᠠᠳᠠᠭᠴᠢ ᠪᠢᠴᠢᠭ ᠮᠠᠲ᠋ᠧᠷᠢᠶᠠᠯ ᠪᠣᠯᠣᠨ᠎ᠠ᠂ ᠨᠡᠭᠡᠭᠡᠨ ᠬᠥᠭᠵᠢᠭᠦᠯᠬᠦ ᠲᠣᠭᠤᠷᠢᠭ ᠤᠨ ᠬᠥᠭᠵᠢᠯᠲᠡ ᠶᠢ ᠲᠦᠯᠬᠢᠨ ᠠᠬᠢᠭᠤᠯᠬᠤ ᠪᠠ ᠵᠢᠷᠤᠮᠵᠢᠭᠤᠯᠬᠤ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠬᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠠᠬᠢᠭᠤᠯᠬᠤ᠂ ᠪᠣᠳᠠᠲᠤ ᠴᠣᠭᠴᠠ ᠶᠢᠨ ᠠᠵᠤ ᠠᠬᠤᠶ ᠶᠢᠨ ᠬᠦᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠂ ᠨᠡᠮᠡᠭᠳᠡᠯ ᠢ ᠲᠣᠭᠲᠠᠪᠤᠷᠢᠵᠢᠭᠤᠯᠬᠤ᠂ ᠪᠦᠲᠦᠴᠡ ᠶᠢ ᠲᠣᠬᠢᠷᠠᠭᠤᠯᠬᠤ᠂ ᠬᠥᠭᠵᠢᠯᠲᠡ ᠶᠢ ᠠᠬᠢᠭᠤᠯᠬᠤ ᠳᠤᠮᠳᠠᠬᠢ ᠨᠡᠭᠡᠭᠡᠨ ᠬᠥᠭᠵᠢᠭᠦᠯᠬᠦ ᠲᠣᠭᠤᠷᠢᠭ ᠤᠨ ᠢᠳᠡᠪᠬᠢᠲᠡᠶ ᠳᠠᠶᠢᠴᠢᠯᠠᠬᠤ ᠦᠢᠯᠡᠳᠦᠯ ᠢ ᠨᠡᠩ ᠰᠠᠶᠢᠨ ᠪᠠᠳᠠᠷᠠᠭᠤᠯᠬᠤ ᠪᠣᠯᠣᠨ᠎ᠠ᠃      ᠠᠰᠠᠭᠤᠯᠲᠠ᠄ ᠮᠠᠨ ᠤ ᠤᠯᠤᠰ ᠤᠨ ᠨᠡᠭᠡᠭᠡᠨ ᠬᠥᠭᠵᠢᠭᠦᠯᠬᠦ ᠲᠣᠭᠤᠷᠢᠭ ᠤᠨ ᠬᠥᠭᠵᠢᠯᠲᠡ ᠶᠢᠨ ᠶᠡᠷᠦᠩᠬᠡᠶ ᠪᠠᠶᠢᠳᠠᠯ ᠶᠠᠮᠠᠷ ᠪᠠᠶᠢᠬᠤ ᠪᠤᠢ︖ ᠰᠢᠨ᠎ᠡ ᠪᠠᠶᠢᠳᠠᠯ ᠳᠣᠣᠷ᠎ᠠ ᠨᠡᠭᠡᠭᠡᠨ ᠬᠥᠭᠵᠢᠭᠦᠯᠬᠦ ᠲᠣᠭᠤᠷᠢᠭ ᠤᠨ ᠥᠭᠡᠷᠡᠴᠢᠯᠡᠯᠲᠡ ᠪᠠ ᠰᠢᠨ᠎ᠡ ᠶᠢ ᠡᠭᠦᠳᠦᠨ ᠬᠥᠭᠵᠢᠭᠦᠯᠬᠦ ᠶᠢ ᠠᠬᠢᠭᠤᠯᠬᠤ ᠶᠡᠷᠦᠩᠬᠡᠶ ᠱᠠᠭᠠᠷᠳᠠᠯᠭ᠎ᠠ ᠨᠢ ᠶᠠᠭᠤ ᠪᠤᠢ︖                  ᠬᠠᠷᠢᠭᠤᠯᠲᠠ᠄ 1984 ᠣᠨ ᠳᠤ ᠠᠩᠬᠠᠳᠠᠭᠴᠢ ᠪᠦᠯᠦᠭ ᠨᠡᠭᠡᠭᠡᠨ ᠬᠥᠭᠵᠢᠭᠦᠯᠬᠦ ᠲᠣᠭᠤᠷᠢᠭ ᠢ ᠪᠠᠶᠢᠭᠤᠯᠤᠭᠰᠠᠨ ᠠᠴᠠ ᠨᠠᠰᠢ᠂ ᠮᠠᠨ ᠤ ᠤᠯᠤᠰ ᠤᠨ ᠨᠡᠭᠡᠭᠡᠨ ᠬᠥᠭᠵᠢᠭᠦᠯᠬᠦ ᠲᠣᠭᠤᠷᠢᠭ ᠳᠠᠯᠠᠢ ᠳᠠᠭᠠᠤ ᠣᠷᠣᠨ ᠠᠴᠠ ᠳᠣᠲᠣᠷ᠎ᠠ ᠭᠠᠵᠠᠷ ᠬᠦᠷᠲᠡᠯ᠎ᠡ᠂ ᠲᠦᠷᠦᠯ ᠬᠡᠯᠪᠡᠷᠢ ᠨᠢ ᠲᠠᠰᠤᠷᠠᠯᠳᠡ ᠦᠬᠡᠢ ᠥᠷᠭᠡᠳᠴᠦ᠂ ᠲᠤᠭ᠎ᠠ ᠬᠡᠮᠵᠢᠶ᠎ᠡ ᠨᠢ ᠠᠯᠬᠤᠮ ᠠᠯᠬᠤᠮ ᠢᠶᠠᠷ ᠨᠡᠮᠡᠭᠳᠡᠵᠦ᠂ ᠮᠠᠨ ᠤ ᠤᠯᠤᠰ ᠤᠨ ᠠᠵᠤ ᠦᠢᠯᠡᠳᠪᠦᠷᠢᠵᠢᠯᠲᠡ᠂ ᠬᠤᠳᠠ ᠪᠠᠯᠭᠠᠰᠤᠵᠢᠯᠳᠠ ᠶᠢᠨ ᠲᠦᠷᠭᠡᠨ ᠬᠥᠭᠵᠢᠯᠲᠡ ᠪᠠ ᠭᠠᠳᠠᠭᠠᠳᠤ ᠨᠡᠭᠡᠭᠡᠯᠳᠡ ᠬᠢᠬᠦ ᠶᠢ ᠲᠦᠯᠬᠢᠨ ᠠᠬᠢᠭᠤᠯᠬᠤ ᠴᠢᠬᠤᠯᠠ ᠲᠠᠪᠴᠠᠩ ᠪᠣᠯᠪᠠ᠃ ᠨᠡᠭᠡᠭᠡᠨ ᠬᠥᠭᠵᠢᠭᠦᠯᠬᠦ ᠲᠣᠭᠤᠷᠢᠭ ᠨᠢ ︽ᠨᠢᠭᠡ ᠴᠣᠩᠬᠤᠪᠴᠢ︾ ᠶᠢᠨ ᠨᠡᠭᠡᠭᠡᠯᠲᠡ᠂ ︽ᠨᠢᠭᠡ ᠥᠷᠲᠡᠭᠡ︾ ᠶᠢᠨ ᠠᠯᠠᠪᠠᠯᠠᠯ᠂ ︽ᠬᠡᠯᠬᠢᠶ᠎ᠡ︾ ᠦᠢᠯᠡᠴᠢᠯᠡᠭᠡ ᠶᠢ ᠠᠩᠬ᠎ᠠ ᠡᠭᠦᠳᠴᠦ᠂ ᠮᠠᠨ ᠤ ᠤᠯᠤᠰ ᠤᠨ ᠬᠤᠳᠣᠯᠳᠤᠭ᠎ᠠ ᠡᠵᠡᠩᠨᠡᠬᠦ ᠣᠷᠴᠢᠨ ᠲᠤᠭᠤᠷᠢᠨ ᠤ ᠵᠢᠱᠢᠶ᠎ᠡ ᠦᠵᠡᠭᠦᠯᠬᠦ ᠣᠷᠣᠨ ᠪᠣᠯᠪᠠ᠃ ᠡᠭᠦᠨ ᠤ ᠬᠠᠮᠲᠤ᠂ ᠨᠡᠭᠡᠭᠡᠨ ᠬᠥᠭᠵᠢᠭᠦᠯᠬᠦ ᠲᠣᠭᠤᠷᠢᠭ ᠤᠨ ᠬᠥᠭᠵᠢᠯᠲᠡ ᠶᠢᠨ ᠶᠡᠷᠦᠩᠬᠡᠶ ᠪᠠᠶᠢᠳᠠᠯ ᠤᠨ ᠲᠠᠯ᠎ᠠ ᠪᠠᠷ ᠬᠢ ᠠᠰᠠᠭᠤᠳᠠᠯ ᠢ ᠪᠠᠰᠠ ᠠᠩᠬᠠᠷᠤᠭᠤᠰᠢᠲᠠᠶ ᠪᠠᠶᠢᠨ᠎ᠠ᠃ ᠨᠢᠭᠡ ᠳᠤ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠶ᠃ ᠣᠳᠣᠬᠠᠨ ᠳᠤ ᠡᠯ᠎ᠡ ᠲᠥᠷᠥᠯ ᠤᠨ ᠨᠡᠭᠡᠭᠡᠨ ᠬᠥᠭᠵᠢᠭᠦᠯᠬᠦ ᠲᠣᠭᠤᠷᠢᠭ ᠤᠨ ᠲᠤᠭ᠎ᠠ ᠨᠢ ᠬᠡᠳᠦ ᠤᠯᠠᠨ᠂ ᠪᠠᠶᠢᠷᠢᠰᠢᠯ  ᠨᠢ ᠵᠦᠢ ᠵᠤᠬᠢᠰ ᠦᠬᠡᠢ᠂ ᠳᠣᠣᠷ᠎ᠠ ᠬᠢᠷᠢ ᠲᠣᠪᠰᠢᠨ ᠢᠶᠠᠷ ᠳᠠᠪᠬᠤᠷᠳᠠᠭᠤᠯᠤᠨ ᠪᠦᠲᠦᠭᠡᠨ ᠪᠠᠶᠢᠭᠤᠯᠬᠤ᠂ ᠮᠠᠭᠤ ᠰᠠᠨᠠᠭ᠎ᠠ ᠲᠠᠢ ᠪᠠᠷ ᠥᠷᠢᠰᠥᠯᠳᠦᠬᠦ ᠵᠡᠷᠭᠡ ᠠᠰᠠᠭᠤᠳᠠᠯ ᠨᠡᠯᠢᠶᠡᠳ ᠲᠤᠪᠤᠶᠢᠮ᠎ᠠ ᠣᠷᠣᠰᠢᠵᠤ ᠪᠠᠶᠢᠨ᠎ᠠ᠃ ᠬᠡᠰᠡᠭ ᠨᠡᠭᠡᠭᠡᠨ ᠬᠥᠭᠵᠢᠭᠦᠯᠬᠦ ᠲᠣᠭᠤᠷᠢᠭ ᠤᠨ ᠠᠵᠤ ᠦᠶᠯᠡᠰ ᠤᠨ ᠪᠠᠶᠢᠷᠢ ᠲᠣᠭᠲᠠᠭᠠᠯᠲᠠ ᠨᠢ ᠠᠳᠠᠯᠢᠪᠲᠤᠷ ᠪᠠᠶᠢᠵᠤ᠂ ᠭᠤᠣᠯᠯᠠᠬᠤ ᠠᠵᠤ ᠦᠢᠯᠡᠰ ᠨᠢ ᠳᠤᠪᠤᠶᠢᠮ᠎ᠠ ᠪᠢᠰᠢ ᠣᠨᠴᠠᠯᠢᠭ ᠪᠦᠬᠦᠢ ᠬᠥᠭᠵᠢᠯᠲᠡ᠂ ᠣᠷᠣᠨ ᠪᠠᠶᠢᠷᠢ ᠰᠣᠯᠢᠵᠤ ᠬᠥᠭᠵᠢᠭᠦᠯᠬᠦ ᠶᠢ ᠳᠡᠭᠡᠭᠰᠢᠯᠡᠭᠦᠯᠬᠦ ᠴᠢᠬᠤᠯᠠᠲᠠᠶ ᠪᠠᠶᠢᠨ᠎ᠠ᠃ ᠬᠤᠶᠠᠷ ᠲᠤ ᠪᠠᠶᠢᠭᠤᠯᠤᠯ ᠲᠣᠭᠲᠠᠴᠠ ᠶᠢᠨ ᠰᠢᠨ᠎ᠡ ᠡᠭᠦᠳᠦᠯᠲᠡ ᠳᠤᠲᠠᠮᠠᠭ ᠪᠠᠶᠢᠨ᠎ᠠ᠃ ᠤᠶᠢᠷ᠎ᠠ ᠶᠢᠨ ᠵᠢᠯ ᠤᠳ ᠲᠤ ᠴᠥᠭᠡᠨ ᠪᠤᠰᠤ ᠨᠡᠭᠡᠭᠡᠨ ᠬᠥᠭᠵᠢᠭᠦᠯᠬᠦ ᠲᠣᠭᠤᠷᠢᠭ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠡᠷᠴᠢᠮ ᠴᠢᠩᠭ᠎ᠠ ᠪᠢᠰᠢ᠂ ᠳᠣᠲᠣᠭᠠᠳᠤ ᠶᠢᠨ ᠪᠠᠶᠢᠭᠤᠯᠤᠮᠵᠢ ᠲᠠᠰᠤᠷᠠᠯᠲᠠ ᠦᠭᠡᠢ ᠨᠡᠮᠡᠭᠳᠡᠵᠦ᠂ ᠴᠣᠮᠬᠠᠭ ᠪᠦᠭᠡᠳ ᠥᠨᠳᠥᠷ ᠪᠦᠲᠦᠮᠵᠢᠲᠡᠶ ᠪᠠᠶᠢᠬᠤ ᠣᠨᠴᠠᠯᠢᠭ  ᠢᠶᠠᠨ ᠠᠯᠳᠠᠵᠠᠢ᠃ ᠭᠤᠷᠪᠠ ᠳᠤ ᠬᠠᠮᠢᠶᠠᠷᠤᠯᠲᠠ ᠶᠢᠨ ᠲᠦᠷᠢᠮ ᠢ ᠪᠦᠷᠢᠨᠰᠢᠭᠦᠯᠬᠦ ᠴᠢᠬᠤᠯᠠᠲᠠᠶ ᠪᠠᠶᠢᠨ᠎ᠠ᠃ ᠣᠳᠣᠬᠠᠨ  ᠳᠤ ᠨᠡᠭᠡᠭᠡᠨ ᠬᠥᠭᠵᠢᠭᠦᠯᠬᠦ ᠲᠣᠭᠤᠷᠢᠭ ᠨᠢ ᠠᠳᠠᠯᠢ ᠪᠤᠰᠤ ᠲᠦᠷᠦᠯ ᠬᠡᠯᠪᠡᠷᠢ ᠲᠠᠢ ᠪᠠᠶᠢᠵᠤ᠂ ᠡᠯ᠎ᠡ ᠲᠥᠷᠥᠯ ᠤᠨ ᠨᠡᠭᠡᠭᠡᠨ ᠬᠥᠭᠵᠢᠭᠦᠯᠬᠦ ᠲᠣᠭᠤᠷᠢᠭ ᠢ ᠲᠥᠯᠥᠪᠵᠢᠭᠦᠯᠬᠦ᠂ ᠪᠠᠶᠢᠭᠤᠯᠬᠤ᠂ ᠥᠷᠭᠡᠳᠬᠡᠬᠦ᠂ ᠰᠢᠯᠵᠢᠭᠦᠯᠬᠦ᠂ ᠲᠡᠰ ᠳᠡᠪᠰᠢᠭᠦᠯᠬᠦ᠂ ᠬᠢᠨᠠᠨ ᠰᠢᠯᠭᠠᠬᠤ ᠵᠡᠷᠭᠡ ᠬᠤᠯᠪᠣᠭᠳᠠᠯ ᠪᠦᠬᠦᠢ ᠲᠦᠷᠢᠮ ᠢ ᠲᠡᠭᠦᠯᠳᠡᠷᠵᠢᠭᠦᠯᠬᠦ ᠴᠢᠬᠤᠯᠠᠲᠠᠶ ᠪᠠᠶᠢᠬᠤ ᠲᠤᠯᠠ᠂ ᠰᠢᠰᠲ᠋ᠧᠮ ᠤᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠬᠤ ᠴᠢᠬᠤᠯᠠᠲᠠᠶ ᠪᠠᠶᠢᠨ᠎ᠠ᠃      ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠱᠠᠭᠠᠷᠳᠠᠯᠭ᠎ᠠ ᠪᠠᠷ᠂ ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ ᠤᠨ ᠬᠤᠪᠢᠷᠠᠯᠲᠠ ᠳᠤ ᠵᠣᠬᠢᠴᠠᠭᠤᠯᠬᠤ ᠶᠢᠨ ᠳᠤᠰᠠᠳᠠ᠂ ︽ᠰᠠᠨᠠᠯ ᠤᠳ︾ ᠲᠤ ᠣᠳᠣᠬᠠᠨ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠨᠡᠭᠡᠭᠡᠨ ᠬᠥᠭᠵᠢᠭᠦᠯᠬᠦ ᠲᠣᠭᠤᠷᠢᠭ ᠤᠨ ᠬᠥᠭᠵᠢᠯᠲᠡ ᠶᠢᠨ ᠶᠡᠷᠦᠩᠬᠡᠶ ᠱᠠᠭᠠᠷᠳᠠᠯᠭ᠎ᠠ ᠶᠢ ᠲᠣᠳᠣᠷᠬᠠᠶᠢᠯᠠᠪᠠ᠄ ᠰᠢᠨ᠎ᠡ ᠶᠢ ᠡᠭᠦᠳᠬᠦ᠂ ᠵᠣᠬᠢᠴᠠᠭᠤᠯᠬᠤ᠂ ᠪᠣᠬᠢᠷᠳᠠᠯ ᠦᠭᠡᠢ ᠪᠠᠶᠢᠬᠤ᠂ ᠨᠡᠭᠡᠭᠡᠯᠲᠡ ᠬᠢᠬᠦ᠂ ᠬᠠᠮᠲᠤ ᠪᠠᠷ ᠬᠦᠷᠲᠡᠬᠦ ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠨᠡᠭᠡᠭᠡᠨ ᠬᠥᠭᠵᠢᠭᠦᠯᠬᠦ ᠲᠣᠭᠤᠷᠢᠭ ᠢ ᠨᠢᠭᠡᠳᠦᠯᠲᠡᠶ ᠲᠥᠯᠥᠪᠵᠢᠭᠦᠯᠬᠦ ᠶᠢ ᠴᠢᠩᠭᠠᠳᠬᠠᠵᠤ᠂ ᠨᠡᠭᠡᠭᠡᠨ ᠬᠥᠭᠵᠢᠭᠦᠯᠬᠦ ᠲᠣᠭᠤᠷᠢᠭ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠶᠢ ᠨᠢ ᠲᠦᠷᠭᠡᠳᠬᠡᠵᠦ᠂ ᠨᠡᠭᠡᠭᠡᠨ ᠬᠥᠭᠵᠢᠭᠦᠯᠬᠦ ᠲᠣᠭᠤᠷᠢᠭ ᠤᠨ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠬᠦ ᠶᠢ ᠠᠬᠢᠭᠤᠯᠵᠤ᠂ ᠨᠡᠭᠡᠭᠡᠨ ᠬᠥᠭᠵᠢᠭᠦᠯᠬᠦ ᠲᠣᠭᠤᠷᠢᠭ ᠤᠨ ᠬᠠᠮᠢᠶᠠᠷᠤᠯᠲᠠ ᠶᠢᠨ ᠲᠦᠷᠢᠮ ᠪᠠ ᠲᠦᠷᠦ ᠶᠢᠨ ᠪᠤᠳᠤᠯᠭ᠎ᠠ ᠶᠢᠨ ᠰᠢᠰᠲ᠋ᠧᠮᠵᠢ ᠶᠢ ᠪᠥᠷᠢᠨᠰᠢᠭᠦᠯᠵᠦ᠂ ᠨᠡᠭᠡᠭᠡᠨ ᠬᠥᠭᠵᠢᠭᠦᠯᠬᠦ ᠲᠣᠭᠤᠷᠢᠭ ᠤᠨ ᠴᠢᠳᠠᠮᠵᠢ ᠶᠢᠨ ᠳᠠᠪᠠᠭᠤᠯᠢᠭ ᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠢ᠃ ︽ᠳᠥᠷᠪᠡ ᠶᠢ ᠪᠠᠷᠢᠮᠲᠠᠯᠠᠬᠤ︾ ᠶᠢ ᠭᠦᠢᠴᠡᠳᠬᠡᠬᠦ ᠬᠡᠷᠡᠭᠲᠡᠢ᠄ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠨ᠂ ᠡᠯ᠎ᠡ ᠲᠥᠷᠥᠯ ᠤᠨ ᠨᠡᠭᠡᠭᠡᠨ ᠬᠥᠭᠵᠢᠭᠦᠯᠬᠦ ᠲᠣᠭᠤᠷᠢᠭ ᠤᠨ ᠴᠣᠮᠬᠠᠭ ᠪᠦᠭᠡᠳ ᠥᠨᠳᠥᠷ ᠪᠦᠲᠦᠮᠵᠢᠲᠡᠶ ᠪᠠᠶᠢᠬᠤ ᠣᠨᠴᠠᠯᠢᠭ ᠢ ᠨᠡᠮᠡᠭᠳᠡᠭᠦᠯᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠨᠡᠭᠡᠭᠡᠨ ᠬᠥᠭᠵᠢᠭᠦᠯᠬᠦ ᠲᠣᠭᠤᠷᠢᠭ ᠤᠨ ᠬᠥᠭᠵᠢᠯᠲᠡ ᠶᠢᠨ ᠬᠥᠳᠡᠯᠭᠡᠭᠴᠢ ᠬᠦᠴᠦᠨ ᠪᠣᠯᠤᠨ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠶ᠃ ᠲᠥᠯᠥᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠨᠡᠭᠡᠭᠡᠨ ᠬᠥᠭᠵᠢᠭᠦᠯᠬᠦ ᠲᠣᠭᠤᠷᠢᠭ ᠤᠨ ᠣᠷᠣᠨ ᠵᠠᠶ ᠶᠢᠨ ᠪᠠᠶᠢᠷᠢᠰᠢᠭᠤᠯᠤᠯ ᠪᠠ ᠲᠤᠭ᠎ᠠ ᠬᠡᠪᠴᠢᠶ᠎ᠡ ᠶᠢ ᠪᠦᠷᠢᠨᠰᠢᠭᠦᠯᠵᠦ᠂ ᠪᠠᠶᠢᠷᠢᠰᠢᠯ ᠨᠢ ᠵᠦᠢ ᠵᠣᠬᠢᠰᠲᠠᠶ᠂ ᠣᠷᠣᠨ ᠪᠠᠶᠢᠷᠢ ᠰᠣᠯᠢᠵᠤ ᠬᠥᠭᠵᠢᠬᠦ᠂ ᠴᠢᠳᠠᠮᠵᠢ ᠨᠢ ᠵᠣᠬᠢᠴᠠᠩᠭᠤᠢ ᠪᠦᠬᠦᠢ ᠤᠯᠤᠰ ᠤᠨ ᠨᠡᠭᠡᠭᠡᠨ ᠬᠥᠭᠵᠢᠭᠦᠯᠬᠦ ᠲᠣᠭᠤᠷᠢᠭ ᠤᠨ ᠬᠥᠭᠵᠢᠯᠲᠡ ᠶᠢᠨ ᠪᠠᠶᠢᠷᠢᠰᠢᠯ ᠢ ᠪᠤᠢ ᠪᠣᠯᠭᠠᠬᠤ ᠬᠡᠷᠡᠭᠲᠡᠢ᠃ ᠲᠥᠪᠯᠡᠷᠡᠭᠦᠯᠦᠨ ᠡᠷᠴᠢᠮᠵᠢᠭᠦᠯᠬᠦ ᠶᠢ ᠪᠠᠷᠢᠮᠲᠠᠯᠠᠵᠤ᠂ ᠠᠵᠤ ᠦᠢᠯᠡᠳᠪᠦᠷᠢ ᠶᠢᠨ ᠲᠥᠷᠥᠯ ᠵᠦᠢᠯ  ᠢ ᠬᠥᠲᠥᠯᠥᠨ ᠵᠢᠯᠣᠭᠤᠳᠴᠤ ᠪᠠᠶᠢᠭᠠᠳ ᠨᠡᠭᠡᠭᠡᠨ ᠬᠥᠭᠵᠢᠭᠦᠯᠬᠦ ᠣᠷᠣᠨ ᠲᠡᠰᠢ ᠲᠥᠪᠯᠡᠷᠡᠭᠦᠯᠵᠦ᠂ ᠠᠵᠤ ᠦᠢᠯᠡᠰ ᠢ ᠲᠥᠪᠯᠡᠷᠡᠭᠦᠯᠬᠦ᠂ ᠡᠬᠢ ᠪᠠᠶᠠᠯᠢᠭ ᠢ ᠡᠷᠴᠢᠮᠵᠢᠭᠦᠯᠬᠦ᠂ ᠪᠣᠬᠢᠷᠳᠤᠯ ᠥᠬᠡᠶ ᠬᠥᠭᠵᠢᠭᠦᠯᠬᠦ ᠶᠢ ᠠᠬᠢᠭᠤᠯᠵᠤ᠂ ᠨᠡᠭᠡᠭᠡᠨ ᠬᠥᠭᠵᠢᠭᠦᠯᠬᠦ ᠲᠣᠭᠤᠷᠢᠭ ᠤᠨ ᠬᠡᠪᠴᠢᠶᠡᠲᠦ ᠠᠵᠤ ᠠᠬᠤᠶ ᠶᠢᠨ ᠦᠢᠯᠡᠳᠦᠯ ᠢ ᠦᠨᠡᠨᠬᠦ ᠪᠠᠳᠠᠷᠠᠭᠤᠯᠬᠤ ᠬᠡᠷᠡᠭᠲᠡᠶ᠃ ᠬᠥᠭᠵᠢᠯᠲᠡ ᠶᠢᠨ ᠤᠳᠤᠷᠢᠳᠤᠮᠵᠢ ᠶᠢ ᠪᠠᠷᠢᠮᠲᠠᠯᠠᠵᠤ᠂ ᠵᠢᠷᠤᠮᠵᠢᠯᠠᠯ ᠢᠶᠠᠷ ᠬᠥᠭᠵᠢᠯᠲᠡ ᠶᠢ ᠠᠬᠢᠭᠤᠯᠤᠨ᠂ ᠬᠥᠭᠵᠢᠯᠲᠡ ᠪᠠ ᠵᠢᠷᠤᠮᠵᠢᠯᠠᠯ ᠤᠨ ᠬᠠᠷᠢᠴᠠᠭ᠎ᠠ ᠶᠢ ᠵᠥᠪ ᠡᠵᠡᠮᠳᠡᠵᠦ᠂ ᠨᠡᠭᠡᠭᠡᠨ ᠬᠥᠭᠵᠢᠭᠦᠯᠬᠦ ᠲᠣᠭᠤᠷᠢᠭ ᠤᠨ ᠬᠥᠭᠵᠢᠯᠲᠡ ᠶᠢᠨ ᠰᠢᠨ᠎ᠡ ᠠᠷᠭ᠎ᠠ ᠵᠠᠮ᠂ ᠰᠢᠨ᠎ᠡ ᠲᠤᠷᠰᠢᠯᠭ᠎ᠠ ᠶᠢ ᠲᠠᠰᠤᠷᠠᠯᠳᠠ ᠦᠭᠡᠢ ᠬᠤᠷᠠᠮᠳᠤᠭᠤᠯᠬᠤ ᠬᠡᠷᠡᠭᠲᠡᠢ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ