ᠤᠯᠠᠭᠠᠨᠬᠠᠳᠠ ᠶᠢᠨ ᠪᠠᠶᠢᠴᠠᠭᠠᠬᠤ ᠳᠤᠭᠤᠶᠢᠯᠠᠩ ᠤᠨ ᠰᠤᠭᠤᠴᠠᠨ ᠪᠠᠶᠢᠴᠠᠭᠠᠭᠰᠠᠨ ᠢ ᠦᠨᠳᠦᠰᠦᠯᠡᠪᠡᠯ᠂ | 2016 ᠣᠨ ᠳᠤ ᠤᠯᠠᠭᠠᠨᠬᠠᠳᠠ ᠬᠤᠲᠠ ᠶᠢᠨ ᠮᠠᠯᠴᠢᠨ ᠲᠠᠷᠢᠶᠠᠴᠢᠳ ᠤᠨ ᠬᠥᠮᠦᠨ ᠪᠦᠷᠢ ᠶᠢᠨ ᠳᠤᠮᠳᠠᠴᠢ | ᠴᠠᠯᠢᠩ ᠤᠨ ᠴᠢᠨᠠᠷᠲᠠᠶ ᠣᠷᠣᠯᠭ᠎ᠠ ᠨᠢ 3098 ᠲᠥᠭᠦᠷᠢᠭ ᠲᠤ ᠬᠦᠷᠴᠦ᠂ ᠲᠦᠷᠦᠭᠦᠦ ᠵᠢᠯ ᠤᠨ ᠬᠢ ᠠᠴᠠ 195 | ᠲᠥᠭᠦᠷᠢᠭ ᠦᠰᠴᠦ᠂ 6.8% ᠪᠠᠷ ᠨᠡᠮᠡᠭᠳᠡᠪᠡ᠃ ᠮᠠᠯᠴᠢᠨ ᠲᠠᠷᠢᠶᠠᠴᠢᠳ ᠤᠨ ᠴᠠᠯᠢᠩ ᠤᠨ ᠴᠢᠨᠠᠷᠲᠠᠶ ᠣᠷᠣᠯᠭ᠎ᠠ | ᠲᠣᠭᠲᠠᠭᠤᠨ ᠢᠶᠠᠷ ᠨᠡᠮᠡᠭᠳᠡᠭᠰᠡᠨ ᠤ ᠭᠤᠣᠯ ᠰᠢᠯᠲᠠᠭᠠᠨ ᠨᠢ᠂ ᠨᠢᠭᠡ ᠳᠤ ᠡᠯ᠎ᠡ ᠱᠠᠲᠤᠨ ᠤ ᠬᠥᠳᠡᠯᠮᠦᠷᠢ ᠶᠢᠨ | ᠪᠠᠲᠤᠯᠠᠭ᠎ᠠ ᠶᠢᠨ ᠰᠠᠯᠠᠭ᠎ᠠ ᠮᠥᠴᠢᠷ ᠤᠳ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠢ ᠰᠢᠯᠵᠢᠭᠦᠯᠬᠦ | ᠪᠣᠯᠪᠠᠰᠤᠷᠠᠭᠤᠯᠤᠯ ᠢ ᠢᠳᠡᠪᠬᠢᠲᠡᠶ ᠥᠷᠨᠢᠭᠦᠯᠵᠦ᠂ ᠬᠦᠴᠦ ᠶᠠᠪᠤᠭᠴᠢ ᠮᠠᠯᠴᠢᠨ ᠲᠠᠷᠢᠶᠠᠴᠢᠳ ᠤᠨ ᠬᠡᠪ ᠴᠢᠨᠠᠷ ᠢ | ᠪᠦᠲᠦᠮᠵᠢᠲᠡᠶ ᠳᠡᠭᠡᠭᠰᠢᠯᠡᠬᠦᠯᠦᠭᠰᠡᠨ ᠤ ᠬᠠᠮᠲᠤ ᠡᠯ᠎ᠡ ᠭᠠᠵᠠᠷ ᠤᠨ ᠬᠢᠨ ᠬᠦᠴᠦ ᠶᠠᠪᠤᠭᠴᠢ ᠮᠠᠯᠴᠢᠨ ᠲᠠᠷᠢᠶᠠᠴᠢᠳ ᠤᠨ | ᠡᠷᠬᠡ ᠠᠰᠢᠭ ᠢ ᠬᠠᠮᠠᠭᠠᠯᠠᠬᠤ ᠠᠵᠢᠯ ᠢ ᠢᠳᠡᠪᠬᠢᠲᠡᠶ ᠥᠷᠨᠢᠭᠦᠯᠵᠦ᠂ ᠬᠦᠴᠦ ᠶᠠᠪᠤᠭᠴᠢ ᠮᠠᠯᠴᠢᠨ ᠲᠠᠷᠢᠶᠠᠴᠢᠳ ᠤᠨ | ᠠᠵᠢᠯ ᠤᠯᠬᠤ ᠣᠷᠴᠢᠨ ᠨᠥᠬᠦᠴᠡᠯ ᠪᠤᠯᠤᠨ ᠴᠠᠯᠢᠩ ᠣᠯᠭᠤᠮᠵᠢ ᠶᠢ ᠨᠢ ᠨᠡᠯᠢᠶᠡᠳ ᠶᠡᠬᠡᠪᠡᠷ ᠳᠡᠭᠡᠭᠰᠢᠯᠡᠬᠦᠯᠪᠡ᠃ | ᠬᠦᠴᠦ ᠶᠠᠪᠤᠭᠴᠢ ᠮᠠᠯᠴᠢᠨ ᠲᠠᠷᠢᠶᠠᠴᠢᠳ ᠢ ᠰᠢᠯᠭᠠᠨ ᠪᠠᠶᠢᠴᠠᠭᠠᠭᠰᠠᠨ ᠲᠤᠭ᠎ᠠ ᠪᠠᠷᠢᠮᠲᠠ ᠠᠴᠠ ᠦᠵᠡᠪᠡᠯ᠂ 2016 | ᠣᠨ ᠳᠤ ᠤᠯᠠᠭᠠᠨᠬᠠᠳᠠ ᠬᠤᠲᠠ ᠶᠢᠨ ᠬᠦᠴᠦ ᠶᠠᠪᠤᠭᠴᠢ ᠮᠠᠯᠴᠢᠨ ᠲᠠᠷᠢᠶᠠᠴᠢᠳ ᠨᠡᠶᠢᠲᠡ 62.85 ᠲᠦᠮᠡ | ᠪᠠᠶᠢᠵᠤ᠂ ᠳᠡᠭᠡᠷ᠎ᠡ ᠵᠢᠯ ᠤᠨ ᠬᠢ ᠠᠴᠠ 0.35 ᠲᠦᠮᠡᠨ ᠬᠥᠮᠦᠨ ᠨᠡᠮᠡᠭᠳᠡᠵᠤ᠂ 0.6% ᠪᠠᠷ ᠨᠡᠮᠡᠭᠳᠡᠪᠡ︔ ᠬᠦᠴᠦ | ᠶᠠᠪᠤᠭᠴᠢ ᠮᠠᠯᠴᠢᠨ ᠲᠠᠷᠢᠶᠠᠴᠢᠳ ᠤᠨ ᠲᠤᠰ ᠭᠠᠵᠠᠷ ᠲᠠᠬᠢ ᠲᠠᠷᠢᠶᠠᠯᠠᠩ ᠤᠨ ᠪᠤᠰᠤ ᠠᠵᠢᠯ ᠬᠥᠳᠡᠯᠮᠦᠷᠢ ᠶᠢᠨ | ᠰᠠᠷ᠎ᠠ ᠶᠢᠨ ᠳᠤᠮᠳᠠᠴᠢ ᠣᠷᠣᠯᠭ᠎ᠠ ᠨᠢ 3543 ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 594 | ᠲᠥᠭᠦᠷᠢᠭ ᠦᠰᠴᠦ᠂ 20.1% ᠪᠠᠷ ᠨᠡᠮᠡᠭᠳᠡᠪᠡ᠃ ᠬᠤᠶᠠᠷ ᠲᠤ ᠮᠠᠯᠵᠢᠬᠤ ᠲᠠᠷᠢᠶᠠᠯᠠᠬᠤ ᠣᠷᠣᠨ ᠤ ᠭᠠᠵᠠᠷ | ᠰᠢᠷᠣᠶ ᠶᠢᠨ ᠡᠷᠭᠢᠯᠲᠡ ᠨᠢ ᠡᠮᠬᠢ ᠵᠢᠷᠤᠮ ᠲᠠᠢ ᠪᠠᠷ ᠶᠠᠪᠤᠭᠳᠠᠵᠤ᠂ ᠪᠡᠯᠡᠳᠭᠡᠮᠵᠢᠲᠦ ᠲᠠᠷᠢᠶᠠᠯᠠᠩ ᠥᠷᠨᠢᠨ ᠬᠦᠭᠵᠢᠭᠰᠡᠨ | ᠨᠢ ᠮᠠᠯᠵᠢᠬᠤ ᠲᠠᠷᠢᠶᠠᠯᠠᠬᠤ ᠣᠷᠣᠨ ᠤ ᠦᠯᠡᠭᠦᠦ ᠬᠥᠳᠡᠯᠮᠦᠷᠢ ᠬᠦᠴᠦᠨ ᠳᠤ ᠠᠵᠢᠯ ᠣᠯᠭᠤᠬᠤ ᠦᠷᠭᠡᠨ ᠣᠷᠣᠨ ᠵᠠᠶ | ᠬᠠᠨᠭ᠍ᠭᠠᠵᠤ᠂ ᠮᠠᠯᠴᠢᠨ ᠲᠠᠷᠢᠶᠠᠴᠢᠳ ᠤᠨ ᠲᠤᠰ ᠭᠠᠵᠠᠷ ᠣᠷᠣᠨ ᠳᠠᠬᠢ ᠲᠠᠷᠢᠬᠤ᠂ ᠲᠡᠵᠢᠭᠡᠨ ᠦᠷᠡᠵᠢᠭᠦᠯᠬᠦ ᠲᠣᠮᠣ | ᠡᠷᠦᠬᠡ ᠶᠢᠨ ᠬᠥᠳᠡᠯᠮᠦᠷᠢ ᠪᠠᠷ ᠤᠯᠬᠤ ᠴᠠᠯᠢᠩ ᠨᠢ ᠦᠳᠲᠡᠷ ᠲᠦᠷᠭᠡᠨ ᠨᠡᠮᠡᠭᠳᠡᠪᠡ᠃ |