2017 ᠣᠨ ᠤ ᠪᠦᠬᠦ ᠤᠷᠤᠨ ᠤ ᠦᠨᠳᠦᠰᠦᠳᠡᠨ ᠤ ᠠᠵᠢᠯ ᠮᠤᠩᠭᠤᠯ ᠦᠭᠡ ᠭᠡᠯᠡ ᠦᠰᠦᠭ ᠪᠢᠴᠢᠭ ᠎ ᠤᠨ ᠠᠵᠢᠯ ᠤᠨ ᠬᠤᠷᠠᠯ ᠬᠤᠷᠠᠯᠳᠤᠵᠠᠢ
ᠨᠡᠶᠢᠲᠡᠯᠡᠭᠰᠡᠨ ᠴᠠᠭ᠄
2017/2/27
     2 ᠳ᠋ᠤᠭᠠᠷ ᠰᠠᠷ᠎ᠠ ᠶᠢᠨ 21᠎ ᠤ ᠡᠳᠦᠷ᠂ ᠪᠦᠬᠦ ᠤᠷᠤᠨ ᠤ ᠦᠨᠳᠦᠰᠦᠳᠡᠨ ᠤ ᠠᠵᠢᠯ ᠮᠤᠩᠭᠤᠯ ᠦᠭᠡ ᠭᠡᠯᠡ ᠦᠰᠦᠭ ᠪᠢᠴᠢᠭ ᠤᠨ ᠠᠵᠢᠯ ᠤᠨ ᠬᠤᠷᠠᠯ ᠬᠦᠬᠡᠬᠤᠳᠠ ᠳᠤ ᠬᠤᠷᠠᠯᠳᠤᠪᠠ᠃      ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠬᠦᠯᠡᠭᠴᠢ ᠯᠢᠦ ᠰᠢᠨ ᠯᠧ ᠬᠤᠷᠠᠯ ᠳᠤ ᠤᠷᠤᠯᠴᠠᠨ ᠶᠠᠷᠢᠶ᠎ᠠ ᠲᠠᠯᠪᠢᠪᠠ᠃      ᠬᠤᠷᠠᠯ ᠠᠴᠠ 2016 ᠣᠨ ᠤ ᠪᠦᠬᠦ ᠤᠷᠤᠨ ᠤ ᠦᠨᠳᠦᠰᠦᠳᠡᠨ ᠤ ᠠᠵᠢᠯ ᠮᠤᠩᠭᠤᠯ ᠬᠡᠯᠡ ᠦᠰᠦᠭ ᠪᠢᠴᠢᠭ ᠤᠨ ᠠᠵᠢᠯ ᠢ ᠡᠷᠬᠢᠴᠡᠬᠦᠯᠦᠨ ᠳ᠋ᠦᠩᠨᠡᠵᠦ᠂ 2017 ᠣᠨ ᠤ ᠠᠵᠢᠯ ᠤᠨ ᠡᠬᠦᠷᠭᠡ ᠶᠢ ᠪᠠᠶᠢᠷᠢᠯᠠᠭᠤᠯᠵᠠᠢ᠃      ᠯᠢᠦ ᠰᠢᠨ ᠯᠧ᠂ ᠦᠪᠡᠷᠲᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠎ ᠤᠨ ᠶᠡᠭᠡ ᠬᠤᠷᠠᠯ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠠ ᠬᠤᠷᠠᠯ ᠪᠠ ᠡᠨᠡ ᠵᠢᠯ ᠤᠨ ᠦᠪᠡᠷᠲᠡᠭᠡᠨ ᠵᠠᠰᠠᠬᠤ ᠤᠷᠤᠨ ᠤ ᠬᠤᠶᠠᠷ ᠬᠤᠷᠠᠯ ᠨᠢ ᠮᠠᠨ ᠤ ᠤᠷᠤᠨ ᠤ ᠢᠷᠡᠭᠡᠳᠦᠢ ᠶᠢᠨ ᠬᠦᠭᠵᠢᠯᠳᠠ ᠶᠢᠨ ᠵᠢᠷᠤᠭ ᠲᠦᠯᠦᠪᠯᠡᠭᠡ ᠶᠢ ᠵᠢᠷᠤᠬᠯᠠᠵᠦ᠂ ᠮᠠᠨ ᠤ ᠤᠷᠤᠨ ᠤ ᠦᠨᠳᠦᠰᠦᠳᠡᠨ ᠤ ᠠᠵᠢᠯ ᠳᠤ ᠴᠢᠬᠤᠯᠠ ᠪᠠᠶᠢᠷᠢᠯᠠᠭᠤᠯᠤᠯᠳᠠ ᠬᠢᠵᠠᠢ᠂ ᠦᠨᠳᠦᠰᠦᠳᠡᠨ ᠤ ᠠᠵᠢᠯ ᠢ ᠰᠠᠶᠢᠳᠤᠷ ᠬᠢᠬᠦ ᠎ ᠳᠤ ᠲᠤᠯᠭᠠᠷᠠᠵᠦ ᠪᠠᠶᠢᠬᠤ ᠴᠢᠬᠤᠯᠠ ᠠᠵᠠ ᠲᠤᠬᠢᠶᠠᠯ ᠪᠠ ᠦᠷᠢᠰᠦᠯᠳᠦᠭᠡᠨ ᠢ ᠬᠦᠢᠴᠡᠳ ᠲᠠᠨᠢᠵᠦ᠂ ᠦᠨᠳᠦᠰᠦᠳᠡᠨ ᠎ ᠤ ᠠᠵᠢᠯ ᠢ ᠰᠠᠶᠢᠳᠦᠷ ᠬᠢᠬᠦ ᠦᠵᠡᠯ ᠰᠠᠨᠠᠭᠠ ᠤ ᠤᠬᠠᠮᠰᠠᠷ ᠪᠠ ᠤᠶᠢᠯᠠ ᠠᠵᠢᠯᠯᠠᠭᠠᠨ ᠤ ᠤᠬᠠᠮᠰᠠᠷ ᠢ ᠳᠠᠰᠤᠷᠠᠯᠳᠠ ᠦᠭᠡᠢ ᠨᠡᠮᠡᠭᠳᠡᠬᠦᠯᠬᠦ ᠭᠡᠷᠡᠭᠲᠡᠢ᠃ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠡᠬᠦᠳᠦᠨ ᠪᠦᠳᠦᠭᠡᠯᠲᠡ ᠶᠢᠨ ᠠᠵᠢᠯᠯᠠᠭ᠎ᠠ ᠶᠢ ᠬᠦᠨᠵᠡᠭᠡᠢ ᠦᠷᠨᠢᠬᠦᠯᠵᠦ᠂ ᠮᠠᠨ ᠤ ᠤᠷᠤᠨ ᠤ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠡᠬᠦᠳᠦᠨ ᠪᠦᠳᠦᠭᠡᠯᠲᠡ ᠶᠢᠨ ᠠᠵᠢᠯ ᠢ ᠰᠢᠨ᠎ᠠ ᠬᠦᠭᠵᠢᠯᠳᠠ ᠲᠡᠰᠢ ᠠᠬᠢᠭᠤᠯᠬᠤ ᠭᠡᠷᠡᠭᠲᠡᠢ᠃ ᠲᠦᠷᠦ ᠶᠢᠨ ᠶᠠᠪᠤᠲᠠᠯ ᠤᠨ ᠬᠤᠷᠢᠶ᠎ᠠ ᠶᠢᠨ ︽︿13·5﹀᠎ ᠶᠢᠨ ᠲᠦᠯᠦᠪᠵᠢᠭᠦᠯᠭᠡ ᠳᠤ ᠦᠨᠲᠦᠰᠦᠲᠡᠡ ᠤ ᠤᠷᠤᠨ ᠪᠤᠯᠤᠨ ᠬᠦᠮᠦᠨ ᠠᠮᠠ ᠨᠡᠯᠢᠶᠡᠳ ᠴᠦᠭᠡᠪᠲᠦᠷ ᠦᠨᠲᠦᠰᠦᠲᠡᠡ ᠤ ᠬᠦᠭᠵᠢᠯᠲᠠ ᠶᠢ ᠠᠬᠢᠭᠤᠯᠬᠤ ᠲᠦᠯᠦᠪᠵᠢᠭᠦᠯᠭᠡ︾᠎ ᠶᠢ ᠲᠤᠤᠱᠯᠠᠭᠤᠯᠤᠨ ᠨᠠᠶᠢᠲᠠᠪᠤᠷᠢᠵᠢᠭᠤᠯᠬᠤ ᠠᠵᠢᠯ ᠢ ᠰᠠᠶᠢᠲᠤᠷ ᠠᠳᠬᠤᠵᠦ᠂ ᠠᠵᠦ ᠠᠬᠤᠢ ᠶᠢᠨ ᠲᠦᠷᠭᠡᠡ ᠬᠦᠭᠵᠢᠯᠲᠠ ᠎ ᠶᠢ ᠠᠬᠢᠭᠤᠯᠵᠦ᠂ ᠨᠡᠶᠢᠭᠡᠮ  ᠤᠨ ᠦᠢᠯᠡᠰ ᠤᠨ ᠬᠦᠭᠵᠢᠯᠲᠠ ᠶᠢ ᠠᠬᠢᠭᠤᠯᠵᠦ᠂ ᠶᠠᠲᠠᠭᠤ ᠶᠢ ᠲᠡᠳᠭᠦᠵᠦ ᠪᠤᠭᠤᠮᠲᠠ ᠰᠢᠪᠲᠤᠯᠬᠤ ᠢᠨᠵᠧᠨᠧᠷᠢᠩ ᠢ ᠰᠠᠶᠢᠲᠤᠷ ᠠᠳᠬᠤᠠ᠂ ᠴᠦᠭᠡᠡ ᠲᠤᠭᠠᠲᠦ ᠦᠨᠲᠦᠰᠦᠲᠡᠡ ᠪᠤᠯᠤᠨ ᠴᠦᠭᠡᠡ ᠲᠤᠭᠠᠲᠦ ᠦᠨᠲᠦᠰᠦᠲᠡᠡ ᠲᠦᠪᠯᠡᠷᠡᠡ ᠰᠠᠭᠤᠭᠰᠠᠠ ᠭᠠᠵᠠᠷ ᠤᠷᠤᠨ ᠤ ᠠᠵᠦ ᠠᠬᠤᠢ ᠨᠡᠶᠢᠭᠡᠮ ᠤᠨ ᠬᠦᠭᠵᠢᠯᠲᠠ ᠶᠢ ᠠᠬᠢᠭᠤᠯᠬᠤ ᠬᠡᠷᠡᠭᠲᠡᠢ᠃ ᠬᠤᠲᠠ ᠶᠢᠨ ᠦᠨᠲᠦᠰᠦᠲᠡᠡ ᠤ ᠠᠵᠢᠯ ᠢ ᠴᠢᠨᠠᠭᠰᠢᠲᠠ ᠰᠠᠶᠢᠲᠤᠷ ᠬᠢᠵᠦ᠂ ᠴᠦᠭᠡᠡ ᠲᠤᠭᠠᠲᠦ ᠦᠨᠲᠦᠰᠦᠲᠡᠡ ᠤ ᠤᠯᠠᠠ ᠲᠦᠮᠡᠡ ᠤ ᠬᠤᠲᠠ ᠳᠤ ᠨᠡᠩ ᠰᠠᠶᠢᠲᠤᠷ ᠠᠭᠤᠰᠤᠯᠴᠠᠬᠤ ᠶᠢ ᠬᠠᠪᠰᠤᠷᠴᠤ᠂ ᠬᠤᠲᠠ ᠶᠢᠨ ᠴᠦᠭᠡᠡ ᠲᠤᠭᠠᠲᠦ ᠦᠨᠲᠦᠰᠦᠲᠡᠡ ᠤ ᠬᠠᠤᠯᠢ ᠶᠤᠰᠤᠨ ᠤ ᠡᠷᠭᠡ ᠠᠰᠢᠭ ᠢ ᠬᠠᠤᠯᠢ ᠶᠤᠰᠤᠭᠠᠷ ᠪᠠᠲᠤᠯᠠᠬᠤ ᠭᠡᠷᠡᠭᠲᠡᠢ᠃      ᠮᠤᠩᠭᠤᠯ ᠦᠭᠡ ᠭᠡᠯᠡ ᠦᠰᠦᠭ ᠪᠢᠴᠢᠭ ᠤᠨ ᠠᠵᠢᠯ ᠢ ᠯᠠᠪᠲᠠᠭᠤᠨ ᠠᠬᠢᠭᠤᠯᠵᠦ᠂ ᠨᠡᠶᠢᠲᠡ ᠶᠢᠨ ᠦᠡᠭᠭᠡᠨ ᠭᠡᠷᠡᠭᠯᠡᠭᠡᠡ ᠤ ᠮᠤᠩᠭᠤᠯ ᠬᠢᠲᠠᠳ ᠦᠭᠡ ᠭᠡᠯᠡ ᠦᠰᠦᠭ ᠪᠢᠴᠢᠭ ᠢ ᠵᠡᠷᠭᠡ ᠳᠤᠨᠢ ᠭᠡᠷᠡᠭᠯᠡᠬᠦ ᠶᠢ ᠵᠢᠷᠤᠮᠵᠢᠭᠤᠯᠵᠦ᠂ ᠦᠪᠡᠷᠲᠡᠭᠡᠡ ᠵᠠᠰᠠᠬᠤ ᠤᠷᠤᠨ ᠪᠠᠶᠢᠭᠤᠯᠤᠭᠲᠠᠭᠰᠠᠠ 70 ᠵᠢᠯ ᠤᠨ ᠤᠢ ᠶᠢ ᠤᠭᠲᠤᠬᠤ ᠭᠡᠷᠡᠭᠲᠡᠢ᠃ ᠦᠪᠡᠷᠲᠡᠭᠡᠡ ᠵᠠᠰᠬᠠᠤ ᠤᠷᠤᠨ ᠪᠠᠶᠢᠭᠤᠯᠤᠭᠲᠠᠭᠰᠠᠠ 70 ᠵᠢᠯ ᠤᠨ ᠤᠢ ᠶᠢ ᠪᠡᠯᠭᠡᠯᠡᠬᠦ ᠬᠤᠯᠪᠤᠭᠲᠠᠯ ᠪᠦᠬᠦᠢ ᠠᠵᠢᠯ ᠢ ᠪᠦᠬᠦ ᠬᠦᠴᠤᠨ ᠢᠶᠠᠷ ᠢᠶᠠᠨ ᠰᠠᠶᠢᠲᠤᠷ ᠬᠢᠵᠦ᠂ ᠪᠦᠬᠦ ᠤᠯᠤᠰ ᠤᠨ ᠦᠨᠲᠦᠰᠦᠲᠡᠡ ᠤ ᠪᠦᠯᠬᠦᠮᠲᠠᠯ ᠲᠠᠪᠰᠢᠯᠲᠠ ᠶᠢᠨ ᠡᠭᠦᠳᠦᠨ ᠪᠦᠳᠦᠭᠡᠯᠳᠠ ᠶᠢᠨ ᠲᠤᠷᠰᠢᠯᠭ᠎ᠠ ᠰᠤᠯᠢᠯᠴᠠᠬᠤ ᠠᠬᠤᠢ ᠲᠠᠯᠠᠪᠠᠢ ᠶᠢᠨ ᠬᠤᠷᠠᠯ ᠤᠨ ᠪᠡᠯᠡᠳᠭᠡᠯ ᠠᠵᠢᠯ ᠢ ᠪᠦᠬᠦ ᠬᠦᠴᠤᠨ ᠢᠶᠠᠷ ᠢᠶᠠᠨ ᠰᠠᠶᠢᠲᠤᠷ ᠬᠢᠵᠦ᠂ ᠶᠢᠰᠦᠲᠦᠭᠡᠷ ᠬᠤᠭᠤᠴᠠᠭᠠᠠ ᠤ ᠪᠦᠬᠦ ᠤᠷᠤᠨ ᠤ ᠴᠦᠭᠡᠡ ᠲᠤᠭᠠᠲᠦ ᠦᠨᠲᠦᠰᠦᠲᠡᠡ ᠤ ᠤᠯᠠᠮᠵᠢᠯᠠᠯᠲᠦ ᠪᠡᠶ᠎ᠠ ᠶᠢᠨ ᠲᠠᠮᠢᠷ ᠤᠨ ᠴᠤᠭᠯᠠᠭᠠᠠ ᠢ ᠪᠦᠬᠦ ᠬᠦᠴᠤᠨ ᠢᠶᠠᠷ ᠢᠶᠠᠨ ᠰᠠᠶᠢᠲᠤᠷ ᠡᠷᠬᠢᠯᠡᠵᠦ᠂ ᠰᠢᠯᠢᠲᠡᠭ ᠠᠮᠵᠢᠯᠲᠠ ᠪᠠᠷ ᠦᠪᠡᠷᠲᠡᠭᠡᠡ ᠵᠠᠰᠠᠬᠤ ᠤᠷᠤᠨ ᠪᠠᠶᠢᠭᠤᠯᠤᠭᠲᠠᠭᠰᠠᠠ 70 ᠵᠢᠯ ᠤᠨ ᠤᠢ ᠶᠢ ᠪᠡᠯᠭᠡᠯᠡᠵᠦ᠂ ᠨᠠᠮ ᠤᠨ ᠠᠷᠪᠠ ᠶᠢᠰᠦᠲᠦᠭᠡᠷ ᠶᠡᠭᠡ ᠬᠤᠷᠠᠯ ᠤᠨ ᠠᠮᠵᠢᠯᠳᠠ ᠲᠠᠢ ᠬᠤᠷᠠᠯᠲᠤᠬᠤ ᠶᠢ ᠤᠭᠲᠤᠬᠤ ᠭᠡᠷᠡᠭᠲᠡᠢ ᠭᠡᠵᠦ ᠵᠢᠭᠠᠵᠦ ᠭᠠᠷᠭᠠᠵᠠᠢ᠃      ᠬᠤᠷᠠᠯ ᠲᠡᠭᠡᠷ᠎ᠠ᠂ ᠬᠢᠩᠭᠠᠠ ᠠᠶᠢᠮᠠᠭ᠂ ᠤᠷᠲᠤᠰ ᠬᠤᠲᠠ᠂ ᠰᠢᠯᠢ ᠶᠢᠨ ᠭᠤᠤᠯ ᠠᠶᠢᠮᠠᠭ ᠵᠡᠷᠭᠡ 3 ᠠᠶᠢᠮᠠᠭ ᠬᠤᠲᠠ ᠶᠢᠨ ᠦᠨᠲᠦᠰᠦᠲᠡᠡ ᠤ ᠭᠡᠷᠡᠭ ᠡᠷᠬᠢᠯᠡᠬᠦ ᠵᠦᠪᠯᠡᠯ ᠤᠨ ᠬᠤᠯᠪᠤᠭᠲᠠᠯ ᠪᠦᠬᠦᠢ ᠬᠠᠷᠢᠭᠤᠴᠠᠯᠭᠠᠲᠠᠠ ᠲᠤᠰᠪᠦᠷᠢ ᠦᠨᠲᠦᠰᠦᠲᠡᠡ ᠤ ᠪᠦᠯᠬᠦᠮᠲᠡᠯ ᠲᠠᠪᠰᠢᠯᠲᠠ ᠶᠢᠨ ᠡᠭᠦᠳᠦᠨ ᠪᠦᠳᠦᠭᠡᠯᠳᠠ ᠶᠢᠨ ᠠᠵᠢᠯᠯᠠᠭ᠎ᠠ ᠦᠷᠨᠢᠭᠦᠯᠬᠦ᠂ ᠬᠤᠲᠠ ᠶᠢᠨ ᠦᠨᠲᠦᠰᠦᠲᠡᠡ ᠤ ᠠᠵᠢᠯ ᠢ ᠰᠠᠶᠢᠲᠤᠷ ᠬᠢᠬᠦ᠂ ᠰᠢᠶᠠᠩ ᠲᠤᠰᠬᠤᠨ ᠤ ᠬᠤᠤᠰ ᠬᠡᠯᠡᠡ ᠤ ᠡᠶ᠎ᠡ ᠵᠤᠬᠢᠴᠠᠩᠭᠤᠢ ᠲᠤᠷᠰᠢᠯᠲᠠ ᠶᠢᠨ ᠴᠢᠬ ᠢ ᠦᠷᠨᠢᠭᠦᠯᠬᠦ ᠲᠤᠬᠠᠢ ᠶᠠᠷᠢᠶ᠎ᠠ ᠲᠠᠯᠪᠢᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号