︽13·5︾᠎ ᠶᠢᠨ ᠬᠤᠭᠤᠴᠠᠭᠠᠨ ᠳᠤ ᠥᠪᠥᠷ ᠮᠣᠩᠭᠤᠯ ᠥᠨᠳᠥᠷ ᠬᠢᠷᠢ ᠲᠦᠪᠰᠢᠨ ᠪᠥᠬᠦᠶ ᠬᠥᠯ ᠪᠥᠮᠪᠥᠭᠡᠨ ᠤᠷᠤᠯᠳᠤᠭᠠᠨ ᠢ ᠭᠤᠶᠤᠴᠢᠯᠠᠨ ᠡᠷᠬᠢᠯᠡᠬᠦ ᠪᠠᠷ ᠲᠥᠯᠥᠪᠯᠡᠵᠦ ᠪᠣᠢ
ᠨᠡᠶᠢᠲᠡᠯᠡᠭᠰᠡᠨ ᠴᠠᠭ᠄
2017/2/27
     ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ︽13·5︾᠎ ᠶᠢᠨ ᠬᠤᠭᠤᠴᠠᠭᠠᠨ ᠳᠤ᠂ ᠥᠪᠥᠷ ᠮᠣᠩᠭᠤᠯ ᠬᠥᠯ ᠪᠥᠮᠪᠦᠭᠡ ᠶᠢᠨ ᠦᠢᠯᠡᠰ ᠢ ᠶᠡᠬᠡᠪᠡᠷ ᠬᠥᠭᠵᠢᠭᠦᠯᠵᠦ᠂ ᠰᠠᠭᠤᠷᠢ ᠪᠡᠯᠡᠳᠬᠡᠮᠵᠢ ᠶᠢᠨ ᠪᠦᠳᠤᠭᠡᠨ ᠪᠠᠶᠢᠭᠤᠯᠤᠯᠲᠠ ᠪᠣᠯᠤᠨ ᠵᠠᠯᠠᠭᠤᠴᠤᠳ ᠪᠠᠭᠠᠴᠤᠳ ᠤᠨ ᠬᠥᠯ ᠪᠥᠮᠪᠥᠭᠡᠨ ᠤ ᠪᠣᠯᠪᠠᠰᠤᠷᠠᠯ ᠤᠨ ᠰᠢᠰᠲ᠋ᠧᠮᠵᠢ ᠶᠢ ᠴᠢᠩᠭᠠᠳᠬᠠᠬᠤ ᠠᠴᠠ ᠭᠠᠳᠠᠨ᠎ᠠ ᠪᠠᠰᠠ ᠣᠯᠠᠨ ᠤᠯᠤᠰ ᠤᠨ᠂ ᠤᠯᠤᠰ ᠤᠨ ᠳᠣᠲᠣᠭᠠᠳᠤ ᠶᠢᠨ ᠥᠨᠳᠥᠷ ᠬᠢᠷᠢ ᠲᠦᠪᠰᠢᠨ ᠪᠥᠬᠦᠶ ᠬᠥᠯ ᠪᠥᠮᠪᠥᠭᠡᠨ ᠤᠷᠤᠯᠳᠤᠭᠠᠨ ᠢ ᠢᠳᠡᠪᠬᠢᠲᠡᠶ ᠪᠠᠷ ᠭᠤᠶᠤᠴᠢᠯᠠᠨ ᠡᠷᠬᠢᠯᠡᠵᠦ᠂ ᠥᠪᠥᠷ ᠮᠣᠩᠭᠤᠯ ᠤᠨ ᠣᠨᠴᠠᠯᠢᠭ ᠪᠥᠬᠦᠢ ᠣᠯᠠᠨ ᠤᠯᠤᠰ ᠤᠨ ᠪᠠ ᠤᠯᠤᠰ ᠤᠨ ᠳᠣᠲᠣᠭᠠᠳᠤ ᠶᠢᠨ ᠬᠥᠯ ᠪᠥᠮᠪᠦᠭᠡ ᠶᠢᠨ ᠨᠡᠷᠡᠲᠦ ᠤᠷᠤᠯᠳᠤᠭᠠᠨ ᠢ ᠢᠳᠡᠪᠬᠢᠲᠡᠶ ᠪᠠᠷ ᠡᠭᠦᠳᠦᠨ ᠡᠷᠬᠢᠯᠡᠵᠦ᠂ ᠤᠷᠤᠯᠳᠤᠭᠠᠨ ᠤ ᠲᠥᠷᠥᠯ ᠲᠡᠮᠳᠡᠭ ᠢ ᠵᠣᠬᠢᠶᠠᠵᠤ᠂ ᠬᠦᠯ ᠪᠥᠮᠪᠦᠭᠡ ᠶᠢᠨ ᠵᠠᠬ᠎ᠠ ᠳᠡᠯᠭᠡᠭᠦᠷ ᠢ ᠪᠣᠶᠢᠵᠢᠭᠤᠯᠬᠤ ᠪᠠᠷ ᠪᠤᠢ      ᠣᠶᠢᠯᠠᠭᠠᠭᠰᠠᠨ ᠢᠶᠠᠷ᠂ ︽13·5︾᠎ ᠶᠢᠨ ᠬᠤᠭᠤᠴᠠᠭᠠᠨ ᠳᠤ᠂ ᠥᠪᠥᠷ ᠮᠣᠩᠭᠤᠯ ᠣᠯᠠᠨ ᠨᠡᠶᠢᠲᠡ ᠶᠢᠨ ᠬᠥᠯ ᠪᠥᠮᠪᠦᠭᠡ ᠶᠢᠨ ᠲᠠᠯᠠᠪᠤᠷ ᠵᠡᠷᠭᠡ ᠰᠠᠭᠤᠷᠢ ᠪᠡᠯᠡᠳᠬᠡᠮᠵᠢ ᠶᠢᠨ ᠪᠦᠳᠦᠭᠡᠨ ᠪᠠᠶᠢᠭᠤᠯᠤᠯᠲᠠ ᠶᠢ ᠲᠤᠰ ᠭᠠᠵᠠᠷ ᠣᠷᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠵᠤ᠂ ᠬᠥᠯ ᠪᠥᠮᠪᠦᠭᠡ ᠶᠢᠨ ᠲᠠᠯᠠᠪᠤᠷ ᠢ ᠡᠭᠦᠰᠬᠡᠨ ᠪᠠᠶᠢᠭᠤᠯᠬᠤ ᠶᠢ ᠬᠤᠳᠠ ᠪᠠᠯᠭᠠᠰᠤᠵᠢᠯᠳᠡ ᠪᠠ ᠰᠢᠨ᠎ᠡ ᠬᠥᠳᠡᠭᠡ ᠲᠣᠰᠬᠤᠨ᠂ ᠰᠢᠨ᠎ᠡ ᠮᠠᠯᠵᠢᠬᠤ ᠣᠷᠣᠨ ᠤ ᠪᠦᠲᠦᠭᠡᠨ ᠪᠠᠶᠢᠭᠤᠯᠤᠯᠲᠠ ᠶᠢᠨ ᠶᠡᠷᠦᠩᠬᠡᠶ ᠲᠥᠯᠥᠪᠵᠢᠭᠦᠯᠭᠡ ᠳᠤ ᠣᠷᠣᠭᠤᠯᠬᠤ ᠪᠣᠯᠣᠨ᠎ᠠ᠃ ᠬᠥᠬᠡᠬᠤᠲᠠ ᠪᠠ ᠪᠤᠭᠤᠲᠤ ᠬᠤᠲᠠ ᠳᠤ ᠲᠤᠰ ᠲᠤᠰ ᠤᠯᠤᠰ ︵ᠤᠮᠠᠷᠠᠲᠤ ᠣᠷᠣᠨ︶᠎ ᠤᠨ ᠬᠥᠯ ᠪᠥᠮᠪᠥᠭᠡᠨ ᠤ ᠪᠣᠯᠪᠠᠰᠤᠷᠠᠯ ᠤᠨ ᠰᠠᠭᠤᠷᠢᠨ ᠭᠠᠵᠠᠷ ᠪᠣᠯᠤᠨ ᠤᠯᠤᠰ ︵ᠤᠮᠠᠷᠠᠲᠤ ᠣᠷᠣᠨ︶᠎ ᠤᠨ ᠵᠠᠯᠠᠭᠤᠴᠤᠳ ᠪᠠᠭᠠᠴᠤᠳ ᠤᠨ ᠬᠥᠯ ᠪᠥᠮᠪᠥᠭᠡᠨ ᠤ ᠵᠤᠨ ᠤ ᠠᠮᠠᠷᠠᠯᠲᠠ ᠶᠢᠨ ᠠᠵᠢᠯᠯᠠᠭᠠᠨ ᠤ ᠰᠠᠭᠤᠷᠢᠨ ᠭᠠᠵᠠᠷ ᠢ ᠪᠠᠶᠢᠭᠤᠯᠤᠨ᠎ᠠ᠃ ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠨ ᠪᠠᠶᠢᠭᠤᠯᠬᠤ ᠪᠠᠷ ᠳᠠᠮᠵᠢᠭᠤᠯᠤᠨ᠂ ᠠᠶᠢᠮᠠᠭ ᠬᠤᠲᠠ ᠪᠦᠷᠢ ᠳᠤ ᠨᠢᠭᠡᠨ ᠥᠪᠡᠷᠲᠡᠭᠡᠨ ᠵᠠᠰᠠᠬᠤ ᠣᠷᠣᠨ ᠤ ᠳᠡᠰ ᠤᠨ ᠬᠥᠯ ᠪᠥᠮᠪᠥᠭᠡᠨ ᠤ ᠪᠣᠯᠪᠠᠰᠤᠷᠠᠯ ᠤᠨ ᠰᠠᠭᠤᠷᠢᠨ ᠭᠠᠵᠠᠷ ᠪᠣᠯᠤᠨ ᠨᠢᠭᠡᠨ ᠥᠪᠡᠷᠲᠡᠭᠡᠨ ᠵᠠᠰᠠᠬᠤ ᠣᠷᠣᠨ ᠤ ᠳᠡᠰ ᠤᠨ ᠵᠠᠯᠠᠭᠤᠴᠤᠳ ᠪᠠᠭᠠᠴᠤᠳ ᠤᠨ ᠬᠥᠯ ᠪᠥᠮᠪᠥᠭᠡᠨ ᠤ ᠵᠤᠨ ᠤ ᠠᠮᠠᠷᠠᠯᠲᠠ ᠶᠢᠨ ᠠᠵᠢᠯᠯᠠᠭᠠᠨ ᠤ ᠰᠠᠭᠤᠷᠢᠨ ᠭᠠᠵᠠᠷ ᠲᠠᠢ ᠪᠣᠯᠭᠠᠵᠤ᠂ ᠬᠤᠰᠢᠭᠤ ᠰᠢᠶᠠᠨ ︵ᠬᠤᠲᠠ᠂ ᠲᠣᠭᠤᠷᠢᠭ︶ ᠪᠦᠷᠢ ᠳᠤ ᠨᠢᠭᠡᠨ ᠠᠶᠢᠮᠠᠭ ᠬᠤᠲᠠ ᠶᠢᠨ ᠳᠡᠰ ᠤᠨ ᠬᠥᠯ ᠪᠥᠮᠪᠥᠭᠡᠨ ᠤ ᠬᠥᠳᠡᠯᠭᠡᠭᠡᠨ ᠤ ᠲᠠᠯᠠᠪᠤᠷ ᠲᠠᠢ ᠪᠣᠯᠭᠠᠬᠤ ᠶᠢ ᠪᠡᠶᠡᠯᠡᠭᠦᠯᠦᠨ᠎ᠡ᠃ ᠡᠭᠦᠨ ᠠᠴᠠ ᠭᠠᠳᠠᠨ᠎ᠠ᠂ ᠥᠪᠥᠷ ᠮᠣᠩᠭᠤᠯ ᠤᠨ ᠡᠮᠡᠭᠲᠡᠢ ᠬᠥᠯ ᠪᠥᠮᠪᠦᠭᠡ ᠶᠢᠨ ᠠᠩᠭᠢ ᠶᠢ ᠭᠤᠣᠯᠳᠠᠯᠭ᠎ᠠ ᠲᠠᠢ ᠪᠠᠷ ᠬᠥᠭᠵᠢᠭᠦᠯᠵᠦ᠂ ᠬᠡᠦᠬᠡᠳ ᠤᠨ ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ ᠶᠢᠨ ᠬᠥᠯ ᠪᠥᠮᠪᠦᠭᠡ ᠶᠢᠨ ᠵᠢᠭᠠᠨ ᠰᠤᠷᠭᠠᠯᠲᠠ ᠶᠢᠨ ᠬᠥᠲᠥᠯᠪᠦᠷᠢ ᠶᠢ ᠪᠦᠷᠢᠨᠰᠢᠭᠦᠯᠵᠦ᠂ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠤᠨᠴᠠᠯᠢᠭᠳᠤ ᠰᠤᠷᠭᠠᠭᠤᠯᠢ ᠶᠢ ᠵᠦᠢ ᠵᠣᠬᠢᠰᠲᠠᠶ ᠪᠠᠶᠢᠷᠢᠯᠠᠭᠤᠯᠤᠨ᠎ᠠ᠃ ᠰᠤᠷᠭᠠᠭᠤᠯᠢ ᠶᠢᠨ ᠬᠦᠷᠢᠶᠡᠨ ᠤ ᠲᠣᠭᠲᠠᠭᠤᠨ ᠪᠦᠬᠦᠢ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠤ ᠰᠢᠰᠲ᠋ᠧᠮᠵᠢ ᠶᠢ ᠪᠠᠶᠢᠭᠤᠯᠵᠤ᠂ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠤᠷᠤᠯᠳᠤᠭᠠᠨ ᠪᠠ ᠠᠵᠢᠯᠯᠠᠭ᠎ᠠ ᠶᠢ ᠥᠷᠭᠡᠨ ᠳᠡᠯᠭᠡᠷ ᠥᠷᠨᠢᠭᠦᠯᠵᠦ᠂ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠬᠦᠯ ᠪᠥᠮᠪᠦᠭᠡ ᠶᠢᠨ ᠠᠵᠢᠯᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠨᠥᠬᠦᠴᠡᠯ ᠪᠥᠬᠦᠶ ᠶᠡᠭᠡ ᠳᠡᠭᠡᠳᠦ ᠰᠤᠷᠭᠠᠭᠤᠯᠢ ᠶᠢᠨ ᠶᠡᠭᠡ ᠰᠤᠷᠭᠠᠭᠤᠯᠢ᠂ ᠬᠠᠷᠢᠶᠠᠲᠤ ᠳᠤᠮᠳᠠᠳᠤ ᠰᠤᠷᠭᠠᠭᠤᠯᠢ᠂ ᠬᠠᠷᠢᠶᠠᠲᠤ ᠪᠠᠭ᠎ᠠ ᠰᠤᠷᠭᠠᠭᠤᠯᠢ᠂ ᠬᠠᠷᠢᠶᠠᠲᠤ ᠬᠡᠦᠬᠡᠳ ᠤᠨ ᠴᠡᠴᠡᠷᠯᠢᠭ ᠤᠨ ︽ᠱᠠᠲᠤᠯᠵᠢᠨ ᠮᠠᠶ᠋ᠢᠭ ᠤᠨ᠂ ᠨᠢᠭᠡ ᠴᠤᠭᠴᠠᠵᠢᠭᠤᠯᠤᠭᠰᠠᠨ ︾ ᠬᠥᠯ ᠪᠥᠮᠪᠦᠭᠡ ᠶᠢᠨ ᠳᠡᠭᠡᠳᠦ ᠰᠤᠷᠭᠠᠭᠤᠯᠢ ᠪᠠᠶᠢᠭᠤᠯᠬᠤ ᠶᠢ ᠨᠢ ᠲᠡᠳᠬᠦᠨ ᠲᠡᠮᠵᠢᠨ᠎ᠡ᠃ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ᠂ ᠤᠯᠠᠭᠠᠨᠬᠠᠳᠠ ᠳᠡᠭᠡᠳᠦ ᠰᠤᠷᠭᠠᠭᠤᠯᠢ᠂ ᠬᠥᠯᠥᠨ ᠪᠤᠶᠢᠷ ᠤᠨ ᠳᠡᠭᠡᠳᠦ ᠰᠤᠷᠭᠠᠭᠤᠯᠢ ᠵᠡᠷᠭᠡ ᠶᠢᠨ ᠲᠤᠷᠰᠢᠯᠲᠠ ᠶᠢᠨ ᠠᠵᠢᠯ ᠥᠷᠨᠢᠭᠦᠯᠬᠦ ᠶᠢ ᠨᠢ ᠭᠤᠣᠯᠳᠠᠯᠭ᠎ᠠ ᠲᠠᠢ ᠪᠠᠷ ᠳᠡᠮᠵᠢᠨ᠎ᠠ᠃      ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠢᠶᠠᠷ ᠭᠤᠣᠯᠳᠠᠯᠭ᠎ᠠ ᠪᠣᠯᠭᠠᠨ᠂  ᠨᠡᠶᠢᠭᠡᠮ ᠤᠨ ᠬᠥᠯ ᠪᠥᠮᠪᠦᠭᠡ᠂ ᠪᠡᠯᠡᠳᠬᠡᠯ ᠮᠡᠷᠭᠡᠵᠢᠯ ᠤᠨ ᠬᠥᠯ ᠪᠥᠮᠪᠥᠭᠡᠨ ᠤ ᠬᠥᠳᠡᠯᠭᠡᠭᠡᠨ ᠵᠡᠷᠭᠡ ᠰᠢᠷᠢᠰ ᠬᠤᠯᠪᠣᠭᠠᠲᠤ ᠤᠷᠤᠯᠳᠤᠭᠠᠨ ᠢ ᠶᠡᠬᠡᠪᠡᠷ ᠥᠷᠨᠢᠭᠦᠯᠵᠦ᠂ ᠤᠷᠤᠯᠳᠤᠭᠠᠨ ᠤ ᠳᠦᠷᠢᠮ ᠲᠣᠭᠲᠠᠪᠤᠷᠢᠲᠠᠢ᠂ ᠵᠡᠷᠭᠡ ᠳᠡᠰ ᠲᠣᠳᠣᠷᠬᠠᠢ᠂ ᠵᠣᠯᠭᠠᠯᠲᠠ ᠡᠮᠬᠢ ᠵᠢᠷᠤᠮ ᠲᠠᠢ᠂ ᠬᠤᠳᠠ ᠬᠥᠳᠡᠭᠡ ᠳᠤ ᠲᠦᠭᠡᠮᠡᠯᠵᠢᠭᠰᠡᠨ ᠤᠷᠤᠯᠳᠤᠭᠠᠨ ᠤ ᠪᠠᠶᠢᠷᠢᠰᠢᠯ ᠢ ᠠᠯᠬᠤᠮ ᠠᠯᠬᠤᠮ ᠢᠶᠠᠷ ᠪᠤᠢ ᠪᠣᠯᠭᠠᠨ᠎ᠠ᠃ ᠬᠤᠯᠪᠣᠭᠠᠲᠤ ᠤᠷᠤᠯᠳᠤᠭᠠᠨ ᠤ ᠬᠦᠰᠢᠬᠦᠷᠭᠡ ᠪᠠᠷ ᠳᠠᠮᠵᠢᠭᠤᠯᠤᠨ᠂ ᠬᠦᠯ ᠪᠥᠮᠪᠦᠭᠡ ᠶᠢᠨ ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠨ ᠠᠬᠢᠭᠤᠯᠤᠨ᠎ᠠ᠃ ᠡᠭᠦᠨ ᠤ ᠬᠠᠮᠲᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠥᠨᠳᠥᠷ ᠬᠢᠷᠢ ᠲᠦᠪᠰᠢᠨ ᠪᠥᠬᠦᠶ ᠬᠥᠯ ᠪᠥᠮᠪᠥᠭᠡᠨ ᠤ ᠰᠤᠷᠭᠠᠭᠴᠢ ᠪᠠ ᠪᠣᠯᠪᠠᠰᠤᠷᠠᠯ ᠤᠨ ᠯᠧᠺᠲ᠋ᠣᠷ ᠤᠨ ᠡᠩᠨᠡᠭᠡ ᠶᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠪᠥᠬᠦ ᠣᠷᠣᠨ ᠤ ᠰᠤᠷᠠᠭᠠᠴᠢ᠂ ᠬᠢᠨᠠᠭᠴᠢ᠂ ᠪᠠᠭᠰᠢ ᠳᠤ ᠬᠡᠪᠴᠢᠶᠡᠵᠢᠭᠦᠯᠦᠨ ᠪᠣᠯᠪᠠᠰᠤᠷᠠᠯ ᠬᠦᠷᠲᠡᠭᠡᠨ᠎ᠡ᠃ 2020 ᠣᠨ ᠪᠣᠯᠬᠤ ᠳᠤ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ᠂ ᠠᠵᠢᠯ ᠮᠡᠷᠭᠡᠵᠢᠯ ᠤᠨ ᠬᠥᠯ ᠪᠥᠮᠪᠦᠭᠡ᠂ ᠨᠡᠶᠢᠭᠡᠮ ᠲᠣᠭᠤᠷᠢᠭ ᠤᠨ ᠬᠥᠯ ᠪᠥᠮᠪᠦᠭᠡ᠂ ᠠᠵᠢᠯᠲᠠᠨ ᠠᠵᠢᠯᠴᠢᠨ ᠤ ᠬᠥᠯ ᠪᠥᠮᠪᠥᠭᠡᠨ ᠤ ᠲᠤᠰᠬᠠᠶ ᠲᠤᠰᠢᠶᠠᠯ ᠪᠠ ᠲᠤᠰᠢᠶᠠᠯ ᠬᠠᠪᠰᠤᠷᠭᠠᠭᠰᠠᠨ ᠰᠤᠷᠠᠭᠠᠴᠢ᠂ ᠬᠢᠨᠠᠭᠴᠢ᠂ ᠰᠣᠨᠢᠨ ᠮᠡᠳᠡᠭᠡᠨ ᠤ ᠬᠠᠮᠢᠶᠠᠷᠤᠯᠲᠠ ᠶᠢᠨ ᠠᠵᠢᠯᠲᠠᠨ᠂ ᠬᠥᠯ ᠪᠥᠮᠪᠦᠭᠡ ᠶᠢᠨ ᠰᠤᠷᠭᠠᠭᠴᠢ ᠯᠧᠺᠲ᠋ᠣᠷ᠂ ᠨᠡᠶᠢᠭᠡᠮ ᠤᠨ ᠬᠥᠯ ᠪᠥᠮᠪᠦᠭᠡ ᠶᠢᠨ ᠵᠢᠭᠠᠨ ᠵᠢᠯᠦᠭᠤᠳᠦᠬᠴᠢ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠦᠨ᠎ᠡ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号