2016 ᠣᠨ ᠳᠤ ᠬᠥᠬᠡᠬᠤᠲᠠ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ | ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠪᠦᠭᠦ ᠣᠷᠣᠨ ᠳᠤ ᠲᠦᠷᠦᠭᠦᠯᠡᠨ ︽1 + 4︾ ᠥᠭᠡᠷᠡᠴᠢᠯᠡᠯᠲᠡ ᠶᠢᠨ | ᠬᠡᠷᠡᠭᠵᠢᠭᠦᠯᠬᠦ ᠰᠠᠨᠠᠯ ᠪᠣᠯᠤᠨ ᠲᠥᠬᠦᠷ ᠲᠥᠰᠦᠯ ᠢ ᠲᠣᠭᠲᠠᠭᠠᠵᠤ᠂ ︽ᠲᠠᠪᠤᠨ ᠶᠡᠭᠡ ᠡᠭᠦᠷᠭᠡ︾ ᠶᠢᠨ | ᠬᠡᠷᠡᠭᠵᠢᠭᠦᠯᠦᠯᠲᠡ ᠶᠢᠨ ᠠᠷᠭ᠎ᠠ ᠵᠠᠮ᠂ ᠭᠤᠣᠯ ᠠᠷᠭ᠎ᠠ ᠬᠡᠮᠵᠢᠶ᠎ᠡ ᠪᠠ ᠪᠣᠳᠠᠲᠠᠶ ᠬᠠᠷᠠᠯᠲᠠ ᠶᠢ ᠨᠠᠷᠢᠯᠢᠭᠵᠢᠭᠤᠯᠤᠨ | ᠲᠣᠳᠣᠷᠬᠠᠶᠢᠯᠠᠪᠠ᠃ | ᠦᠯᠡᠭᠦᠦ ᠦᠢᠯᠡᠳᠪᠦᠷᠢᠯᠡᠯ ᠤᠨ ᠴᠢᠳᠠᠪᠤᠷᠢ ᠶᠢ ᠦᠭᠡᠶᠢᠰᠬᠡᠬᠦ ᠲᠠᠯ᠎ᠠ ᠪᠠᠷ᠂ ᠦᠢᠯᠡᠳᠪᠦᠷᠢᠯᠡᠯ ᠤᠨ | ᠴᠢᠳᠠᠪᠤᠷᠢ ᠶᠢ ᠰᠢᠨ᠎ᠡ ᠪᠠᠷ ᠨᠡᠮᠡᠭᠳᠡᠭᠦᠯᠬᠦ ᠶᠢ ᠴᠢᠩᠭ᠎ᠠ ᠬᠢᠵᠠᠭᠠᠷᠯᠠᠬᠤ᠂ ᠦᠯᠡᠭᠦᠦ ᠦᠢᠯᠡᠳᠪᠦᠷᠢᠯᠡᠯ ᠤᠨ ᠴᠢᠳᠠᠪᠤᠷᠢ ᠶᠢ | ᠠᠷᠢᠯᠭᠠᠬᠤ ᠶᠢ ᠲᠥᠷᠭᠡᠳᠬᠡᠬᠦ᠂ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠵᠤ ᠲᠡᠰ ᠳᠡᠪᠰᠢᠭᠦᠯᠬᠦ ᠶᠢ | ᠠᠬᠢᠭᠤᠯᠬᠤ ᠵᠡᠷᠭᠡ 6 ᠵᠦᠢᠯ ᠤᠨ ᠭᠤᠣᠯ ᠠᠷᠭ᠎ᠠ ᠬᠡᠮᠵᠢᠶ᠎ᠡ ᠶᠢ ᠲᠣᠭᠲᠠᠭᠠᠵᠤ᠂ ᠲᠡᠮᠥᠷ ᠬᠠᠶᠢᠯᠤᠭᠤᠯᠬᠤ | ᠦᠢᠯᠡᠳᠪᠦᠷᠢᠯᠡᠯ ᠤᠨ ᠴᠢᠳᠠᠪᠤᠷᠢ ᠶᠢ 55 ᠲᠦᠮᠡᠨ ᠲᠣᠨ᠂ ᠢᠯᠴᠢ ᠶᠢᠨ ᠴᠠᠬᠢᠯᠭᠠᠨ ᠤ ᠦᠯᠡᠭᠦᠦ | ᠦᠢᠯᠡᠳᠪᠦᠷᠢᠯᠡᠯ ᠤᠨ ᠴᠢᠳᠠᠪᠤᠷᠢ ᠶᠢ 95 ᠳ᠋ᠦᠩᠰᠢᠭᠤᠷ ᠺᠢᠯᠣᠸᠠᠲ ᠴᠠᠭ᠂ ᠱᠦᠢᠨᠢ ᠶᠢᠨ ᠬᠤᠴᠣᠷᠤᠩᠭᠤᠶ | ᠦᠢᠯᠡᠳᠪᠦᠷᠢᠯᠡᠯ ᠤᠨ ᠴᠢᠳᠠᠪᠤᠷᠢ ᠶᠢ 70 ᠲᠦᠮᠡᠨ ᠲᠣᠨ ᠰᠢᠭᠰᠢᠭᠳᠡᠭᠦᠯᠦᠨ ᠠᠷᠢᠯᠭᠠᠪᠠ᠃ ᠬᠥᠮᠥᠷᠭᠡ ᠶᠢᠨ | ᠬᠠᠳᠠᠭᠠᠯᠠᠭᠳᠠᠴᠠ ᠶᠢ ᠦᠭᠡᠶᠢᠰᠬᠡᠬᠦ ᠲᠠᠯ᠎ᠠ ᠪᠠᠷ᠂ ᠪᠦᠳᠦᠭᠦᠯᠢᠭ ᠣᠷᠣᠨ ᠰᠠᠭᠤᠴᠠ ᠶᠢᠨ ᠥᠭᠡᠷᠡᠴᠢᠯᠡᠯᠲᠡ ᠶᠢ | ᠵᠤᠭᠤᠰᠵᠢᠭᠤᠯᠤᠨ ᠲᠥᠪᠬᠢᠨᠡᠭᠦᠯᠬᠦ᠂ ᠭᠡᠷ ᠪᠠᠶᠢᠰᠢᠩ ᠬᠤᠳᠠᠯᠳᠤᠨ ᠠᠪᠬᠤ ︵ᠲᠦᠷᠢᠶᠡᠰᠦᠯᠡᠬᠦ︶ ᠨᠥᠬᠦᠪᠥᠷᠢ᠂ ᠡᠷᠦᠬᠡ | ᠠᠮᠠ ᠰᠢᠯᠵᠢᠭᠦᠯᠬᠦ ᠬᠢᠵᠠᠭᠠᠷᠯᠠᠯ ᠢ ᠠᠭᠤᠵᠢᠭᠤ ᠲᠠᠯᠪᠢᠬᠤ ᠵᠡᠷᠭᠡ 44 ᠵᠦᠢᠯ ᠤᠨ ᠪᠣᠳᠠᠲᠠᠶ ᠠᠷᠭ᠎ᠠ ᠬᠡᠮᠵᠢᠶ᠎ᠡ ᠶᠢ | ᠰᠤᠳᠤᠯᠤᠨ ᠲᠣᠭᠲᠠᠭᠠᠵᠤ᠂ ᠭᠡᠷ ᠭᠠᠵᠠᠷ ᠬᠦᠷᠦᠩᠭᠡ ᠶᠢᠨ ᠪᠣᠷᠣᠯᠠᠭᠤᠯᠭ᠎ᠠ ᠰᠠᠶᠢᠨ ᠬᠠᠨᠳᠤᠰᠢ ᠲᠠᠢ ᠪᠣᠯᠪᠠ᠃ ᠪᠦᠬᠦ | ᠵᠢᠯ ᠳᠤ ᠨᠡᠶᠢᠲᠡ ᠶᠢᠨ ᠬᠤᠷᠠᠮᠳᠤᠭᠤᠯᠭ᠎ᠠ ᠶᠢᠨ ᠵᠢᠭᠡᠯᠡᠯᠭᠡ ᠶᠢ 40 ᠳ᠋ᠦᠩᠰᠢᠭᠤᠷ ᠲᠥᠭᠦᠷᠢᠭ ᠲᠠᠯᠪᠢᠵᠤ᠂ 1.48 | ᠲᠦᠮᠡᠨ ᠡᠷᠦᠬᠡ ᠰᠠᠭᠤᠭᠠᠯᠢ ᠠᠷᠠᠳ ᠤᠨ ᠪᠦᠳᠦᠭᠦᠯᠢᠭ ᠣᠷᠣᠨ ᠰᠠᠭᠤᠴᠠ ᠶᠢᠨ ᠥᠭᠡᠷᠡᠴᠢᠯᠡᠯᠲᠡ ᠶᠢ | ᠵᠤᠭᠤᠰᠵᠢᠭᠤᠯᠤᠨ ᠲᠥᠪᠬᠢᠨᠡᠭᠦᠯᠵᠦ᠂ ᠪᠤᠴᠠᠵᠤ ᠨᠡᠭᠦᠬᠦ ᠰᠠᠭᠤᠭᠠᠯᠢ ᠠᠷᠠᠳ 52 ᠲᠦᠮᠡᠨ ᠲᠡᠭᠰᠢ ᠳᠥᠷᠪᠡᠯᠵᠢᠨ | ᠮᠧᠲᠷ ᠲᠠᠸᠠᠷ ᠤᠨ ᠭᠡᠷ ᠪᠠᠶᠢᠰᠢᠩ ᠢ ᠪᠦᠯᠬᠦᠮ ᠢᠶᠠᠷ ᠬᠤᠳᠠᠯᠳᠤᠨ ᠠᠪᠴᠤ᠂ ᠲᠠᠸᠠᠷ ᠤᠨ ᠭᠡᠷ ᠪᠠᠶᠢᠰᠢᠩ ᠤᠨ | ᠠᠷᠠᠯᠵᠢᠶ᠎ᠠ ᠳᠣᠭᠢᠷᠬᠠᠰᠠᠨ ᠲᠠᠯᠠᠪᠠᠢ 505 ᠲᠦᠮᠡᠨ ᠲᠡᠭᠰᠢ ᠳᠥᠷᠪᠡᠯᠵᠢᠨ ᠮᠧᠲᠷ ᠪᠣᠯᠵᠤ᠂ ᠠᠳᠠᠯᠢ | ᠬᠤᠭᠤᠴᠠᠭᠠᠨ ᠤ ᠬᠢ ᠠᠴᠠ 37% ᠪᠠᠷ ᠨᠡᠮᠡᠭᠳᠡᠵᠦ᠂ ᠲᠠᠸᠠᠷ ᠤᠨ ᠬᠡᠷ ᠪᠠᠶᠢᠰᠢᠩ ᠢ ᠬᠤᠳᠠᠯᠳᠤᠬᠤ ᠲᠠᠯᠠᠪᠠᠶ ᠠᠳᠠᠯᠢ | ᠬᠤᠭᠤᠴᠠᠭᠠᠨ ᠤ ᠬᠢ ᠠᠴᠠ 41.1% ᠪᠠᠷ ᠪᠠᠭᠠᠰᠴᠠᠢ᠃ ᠬᠦᠰᠢᠬᠦᠷᠭᠡ ᠶᠢ ᠦᠭᠡᠶᠢᠰᠬᠡᠬᠦ ᠲᠠᠯ᠎ᠠ ᠪᠠᠷ᠂ ᠣᠯᠠᠨ | ᠵᠦᠢᠯ ᠤᠨ ᠪᠦᠲᠦᠮᠵᠢᠲᠡᠶ ᠠᠷᠭ᠎ᠠ ᠬᠡᠮᠵᠢᠶ᠎ᠡ ᠶᠢ ᠠᠪᠴᠤ ᠪᠠᠶᠢᠭᠠᠳ ᠵᠠᠰᠠᠭ ᠤᠨ ᠣᠷᠳᠣᠨ ᠤ ᠥᠷᠢ ᠥᠭᠴᠡᠭᠡ ᠶᠢᠨ | ᠬᠡᠪᠴᠢᠶ᠎ᠡ ᠶᠢ ᠪᠠᠭᠤᠷᠠᠭᠤᠯᠵᠤ᠂ ᠬᠥᠭᠵᠢᠯᠲᠡ ᠶᠢ ᠲᠦᠷᠭᠡᠳᠬᠡᠬᠦ ᠳᠤᠮᠳᠠ ᠬᠦᠰᠢᠬᠦᠷᠭᠡ ᠶᠢ ᠦᠭᠡᠶᠢᠰᠬᠡᠬᠦ ᠶᠢ | ᠪᠡᠶᠡᠯᠡᠭᠦᠯᠪᠡ᠃ ᠪᠦᠬᠦ ᠵᠢᠯ ᠳᠤ ᠥᠪᠡᠷᠲᠡᠭᠡᠨ ᠵᠠᠰᠠᠬᠤ ᠣᠷᠣᠨ ᠠᠴᠠ ᠵᠢᠭᠡᠯᠡᠯᠭᠡ ᠰᠣᠯᠢᠬᠤ ᠲᠡᠮᠳᠡᠭᠲᠦ ᠶᠢᠨ ᠪᠡᠯᠡ | ᠮᠥᠩᠭᠦ 286.8 ᠳ᠋ᠦᠩᠰᠢᠭᠤᠷ ᠲᠥᠭᠦᠷᠢᠭ ᠣᠯᠵᠤ᠂ ᠥᠷᠢ ᠥᠭᠴᠡᠭᠡ ᠶᠢᠨ ᠬᠦᠦ ᠮᠥᠩᠭᠦ ᠶᠢ 6.9 | ᠳ᠋ᠦᠩᠰᠢᠭᠤᠷ ᠲᠥᠭᠦᠷᠢᠭ ᠪᠠᠭᠠᠰᠬᠠᠵᠤ᠂ ᠡᠩ ᠤᠨ ᠥᠷᠢ ᠥᠭᠴᠡᠭᠡᠨ ᠤ ᠨᠤᠷᠮ᠎ᠠ ᠳᠣᠷᠣᠭᠰᠢᠯᠠᠭᠠᠳ 75.9% | ᠪᠣᠯᠪᠠ᠃ ᠥᠪᠡᠷ ᠤᠨ ᠥᠷᠲᠡᠭ ᠢ ᠪᠠᠭᠤᠷᠠᠭᠤᠯᠬᠤ ᠲᠠᠯ᠎ᠠ ᠪᠠᠷ᠂ ᠭᠤᠣᠯᠳᠠᠭᠤ ᠴᠠᠬᠢᠯᠭᠠᠨ ᠬᠡᠷᠡᠭᠯᠡᠬᠦ᠂ ᠤᠰᠤ ᠬᠡᠷᠡᠭᠯᠡᠬᠦ᠂ | ᠭᠠᠶᠢᠯᠢ ᠶᠢᠨ ᠰᠦᠢᠳᠬᠡᠯ᠂ ᠡᠳ᠋ ᠪᠠᠷᠠᠭᠠᠨ ᠤ ᠭᠦᠢᠯᠭᠡᠭᠡ ᠵᠡᠷᠭᠡ 11 ᠲᠠᠯ᠎ᠠ ᠪᠠᠷ ᠶᠡᠭᠡ ᠬᠦᠴᠦ ᠣᠷᠣᠭᠤᠯᠤᠨ ᠠᠵᠤ | ᠠᠬᠤᠶᠢᠯᠠᠯ ᠤᠨ ᠡᠵᠡᠩᠨᠡᠯᠲᠡ ᠶᠢᠨ ᠥᠪᠡᠷ ᠤᠨ ᠥᠷᠲᠡᠭ ᠢ ᠪᠠᠭᠤᠷᠠᠭᠤᠯᠵᠤ᠂ ᠪᠥᠬᠦ ᠬᠤᠲᠠ ᠶᠢᠨ 37 ᠡᠷᠦᠬᠡ ᠠᠵᠤ | ᠠᠬᠤᠶᠢᠯᠠᠯ ᠢ ᠥᠪᠡᠷᠲᠡᠭᠡᠨ ᠵᠠᠰᠠᠬᠤ ᠣᠷᠣᠨ ᠤ ᠴᠠᠬᠢᠯᠭᠠᠨ ᠬᠦᠴᠦᠨ ᠤ ᠤᠯᠠᠨ ᠲᠠᠯ᠎ᠠ ᠶᠢᠨ ᠠᠷᠠᠯᠵᠢᠶᠠᠨ ᠤ | ᠲᠠᠪᠴᠠᠩ ᠳᠤ ᠤᠷᠤᠭᠤᠯᠵᠤ᠂ ᠠᠵᠤ ᠠᠬᠤᠶᠢᠯᠠᠯ ᠤᠨ ᠴᠠᠬᠢᠯᠭᠠᠨ ᠬᠡᠷᠡᠭᠯᠡᠬᠦ ᠥᠪᠡᠷ ᠤᠨ ᠦᠷᠳᠡᠭ ᠢ 2.7 | ᠳ᠋ᠦᠩᠰᠢᠭᠤᠷ ᠲᠥᠭᠦᠷᠢᠭ ᠪᠠᠭᠤᠷᠠᠭᠤᠯᠪᠠ᠃ ᠪᠥᠬᠦ ᠣᠷᠣᠨ ᠤ ᠠᠩᠬᠠᠳᠠᠭᠴᠢ ᠭᠡᠷ ᠤᠨ ᠴᠠᠬᠢᠯᠭᠠᠨ ᠬᠡᠷᠡᠭᠰᠡᠯ ᠤᠨ | ᠣᠨᠴᠠ ᠬᠡᠷᠡᠭᠴᠡᠭᠡᠨ ᠤ ᠡᠭᠡᠯᠵᠢ ᠴᠤᠪᠤᠭ᠎ᠠ ᠶᠢ ᠨᠡᠪᠲᠡᠷᠡᠭᠦᠯᠵᠦ᠂ ᠬᠤᠰᠢᠭᠤ ᠰᠢᠶᠠᠨ ᠤ ᠳᠡᠰ ᠤᠨ ᠬᠥᠮᠥᠷᠭᠡᠯᠡᠨ | ᠬᠠᠳᠠᠭᠠᠯᠠᠬᠤ ᠡᠵᠡᠩᠨᠡᠯᠲᠡ ᠶᠢᠨ ᠲᠥᠪ 5 ᠪᠠ ᠲᠣᠰᠬᠤᠨ ᠤ ᠳᠡᠰ ᠤᠨ ᠲᠣᠬᠢᠷᠠᠭᠤᠯᠤᠨ ᠬᠦᠷᠭᠡᠬᠦ ᠦᠷᠲᠡᠭᠡ ᠶᠢ | 1300 ᠭᠠᠷᠤᠶ ᠪᠠᠶᠢᠭᠤᠯᠵᠤ᠂ ᠡᠳ᠋ ᠪᠠᠷᠠᠭᠠᠨ ᠤ ᠭᠦᠢᠯᠭᠡᠭᠡᠨ ᠤ ᠪᠦᠬᠦ ᠴᠣᠪᠣᠷᠠᠯ ᠤᠨ ᠦᠢᠯᠡᠴᠢᠯᠡᠭᠡᠨ ᠤ | ᠰᠢᠰᠲ᠋ᠧᠮᠵᠢ ᠶᠢ ᠤᠯᠠᠮ ᠨᠢᠭᠡ ᠠᠯᠬᠤᠮ ᠪᠦᠷᠢᠨᠰᠢᠭᠦᠯᠪᠡ᠃ ᠳᠤᠲᠠᠭᠤᠳᠠᠯ ᠢ ᠨᠥᠬᠦᠪᠥᠷᠢᠯᠡᠬᠦ ᠲᠠᠯ᠎ᠠ ᠪᠠᠷ᠂ ᠭᠤᠣᠯᠳᠠᠭᠤ | ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠂ ︽ᠲᠠᠷᠢᠶᠠᠯᠠᠩ ᠲᠠᠷᠢᠶᠠᠴᠢᠨ ᠲᠠᠷᠢᠶᠠᠯᠠᠬᠤ ᠣᠷᠣᠨ︾᠂ | ᠣᠷᠴᠢᠨ ᠲᠣᠭᠤᠷᠢᠨ ᠢ ᠵᠠᠰᠠᠬᠤ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠵᠤ᠂ ᠪᠥᠬᠦ | ᠬᠤᠲᠠ ᠶᠢᠨ 1400 ᠲᠣᠰᠬᠤᠨ ᠤ ᠰᠠᠭᠤᠷᠢ ᠪᠡᠯᠡᠳᠬᠡᠮᠵᠢ ᠵᠢᠴᠢ ᠤᠯᠠᠨ ᠨᠡᠶᠢᠲᠡ ᠶᠢᠨ ᠦᠢᠯᠡᠴᠢᠯᠡᠭᠡᠨ ᠤ ᠪᠦᠲᠦᠭᠡᠨ | ᠪᠠᠶᠢᠭᠤᠯᠤᠯᠲᠠ ᠶᠢᠨ ᠡᠭᠦᠷᠭᠡ᠂ ᠬᠤᠲᠠ ᠶᠢᠨ ᠲᠣᠭᠤᠷᠢᠭ ᠤᠨ 284 ᠬᠠᠭᠤᠴᠢᠨ ᠲᠣᠭᠤᠷᠢᠭ ᠢ ᠥᠭᠡᠷᠡᠴᠢᠯᠡᠬᠦ ᠪᠠ | 45 ᠵᠤᠷᠪᠤᠰ ᠮᠤᠬᠤᠷ ᠵᠠᠮ ᠤᠨ ᠢᠨᠵᠧᠨᠧᠷᠢᠩ ᠢ ᠪᠦᠷᠢᠮᠦᠰᠦᠨ ᠪᠡᠶᠡᠯᠡᠭᠦᠯᠵᠦ᠂ ᠪᠦᠬᠦ ᠣᠷᠳᠣ ᠨᠢ 19 ᠺᠢᠯᠣᠮᠧᠲᠷ | ᠰᠢᠬᠠᠮ ᠶᠡᠷᠦᠩᠬᠡᠶᠢᠯᠡᠭᠰᠡᠨ ᠬᠤᠭᠤᠯᠠᠶ ᠭᠤᠤᠷᠰᠤ ᠶᠢᠨ ᠨᠢᠭᠡᠳᠦᠭᠡᠷ ᠬᠤᠭᠤᠴᠠᠭᠠᠨ ᠤ ᠪᠠᠷᠢᠯᠭ᠎ᠠ ᠶᠢ ᠶᠠᠭ ᠬᠠᠶᠢᠨ | ᠪᠠᠶᠢᠴᠠᠭᠠᠵᠤ ᠵᠢᠷᠤᠭᠯᠠᠨ ᠲᠥᠯᠥᠪᠯᠡᠵᠦ ᠪᠠᠶᠢᠭ᠎ᠠ ᠪᠠ ᠳᠠᠭᠠᠭᠠᠴᠢᠯᠠᠯᠲᠠ ᠵᠠᠷᠯᠠᠵᠤ ᠪᠣᠢ᠃ ᠠᠵᠤ ᠦᠢᠯᠡᠰ ᠢᠶᠠᠷ | ᠶᠠᠳᠠᠭᠤ ᠶᠢ ᠲᠡᠳᠬᠦᠬᠦ ᠪᠡᠯᠡ ᠮᠥᠩᠭᠦ ᠶᠢ 1.38 ᠳ᠋ᠦᠩᠰᠢᠭᠤᠷ ᠲᠥᠭᠦᠷᠢᠭ ᠣᠷᠣᠭᠤᠯᠵᠤ᠂ 20363 ᠨᠡᠷ᠎ᠡ | ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠶᠠᠳᠠᠭᠤ ᠶᠢ ᠲᠡᠳᠬᠦᠬᠦ | ᠡᠭᠦᠷᠭᠡ ᠶᠢ ᠪᠡᠶᠡᠯᠡᠭᠦᠯᠪᠡ᠃ |