ᠠᠷᠪᠠᠨ ᠨᠠᠢᠮᠠᠳᠤᠭᠠᠷ ᠬᠤᠭᠤᠴᠠᠭᠠᠨ ᠤ ᠵᠢᠷᠭᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠲᠠᠶᠢᠯᠪᠤᠷᠢᠯᠠᠨ ᠤᠩᠰᠢᠬᠤᠢ
ᠨᠡᠶᠢᠲᠡᠯᠡᠭᠰᠡᠨ ᠴᠠᠭ᠄
2017/2/28
    ᠨᠠᠮ ᠤᠨ ᠲᠦᠪ ᠬᠤᠷᠢᠶ᠎ᠠ ᠶᠢᠨ ᠵᠤᠬᠢᠶᠠᠨ ᠪᠠᠶᠢᠭᠤᠯᠤᠯᠲᠠ ᠶᠢᠨ ᠨᠠᠮ ᠤᠨ ᠲᠤᠲᠤᠭᠠᠳᠦ ᠶᠢᠨ ᠬᠢᠨᠠᠯᠲᠠ ᠲᠠᠯᠪᠢᠬᠤ ᠶᠠᠪᠤᠴᠠ ᠳᠠᠬᠢ ᠪᠠᠶᠢᠷᠢ ᠰᠠᠭᠤᠷᠢ ᠪᠠ ᠦᠢᠯᠡᠳᠦᠯ ᠢ ᠬᠡᠷᠬᠢᠨ ᠲᠠᠨᠢᠬᠤ ᠪᠤᠢ      ︽ᠳᠤᠮᠳᠠᠳᠦ ᠤᠯᠤᠰ ᠤᠨ ᠡᠪ ᠬᠠᠮᠲᠦ ᠨᠠᠮ ᠤᠨ ᠨᠠᠮ ᠤᠨ ᠲᠤᠲᠤᠭᠠᠳᠦ ᠶᠢᠨ ᠬᠢᠨᠠᠯᠲᠠ ᠲᠠᠯᠪᠢᠬᠤ ᠲᠦᠷᠢᠮ︾ ︵ᠲᠤᠷᠤᠭᠰᠢ ︽ᠲᠦᠷᠢᠮ︾ ᠭᠡᠵᠦ ᠲᠤᠪᠴᠢᠯᠠᠨ᠎ᠠ︶ ᠳᠤ ᠨᠠᠮ ᠤᠨ ᠲᠦᠪ ᠬᠤᠷᠢᠶ᠎ᠠ ᠶᠢᠨ ᠵᠤᠬᠢᠶᠠᠨ ᠪᠠᠶᠢᠭᠤᠯᠤᠯᠲᠠ ᠶᠢᠨ ᠬᠢᠨᠠᠯᠲᠠ ᠲᠠᠯᠪᠢᠯᠲᠠ ᠶᠢ ᠠᠰ ᠲᠤᠨᠢ ᠨᠢᠭᠡ ᠪᠦᠯᠦᠭ ᠪᠤᠯᠭᠠᠵᠠᠢ᠂ ᠡᠨᠡ ᠨᠢ ᠨᠢᠭᠡ ᠴᠢᠬᠤᠯᠠ ᠶᠡᠭᠡ ᠰᠢᠨᠡᠴᠢᠯᠡᠯᠲᠡ ᠪᠠ ᠲᠤᠪᠤᠶᠢᠮ᠎ᠠ ᠬᠢᠯᠠᠰ ᠴᠡᠭ ᠮᠦᠨ ᠪᠦᠭᠡᠳ ᠨᠠᠮ ᠤᠨ ᠲᠦᠪ ᠬᠤᠷᠢᠶ᠎ᠠ ᠪᠡᠶ᠎ᠡ ᠪᠠᠷ ᠢᠶᠠᠨ ᠬᠡᠪ ᠲᠦᠷᠢᠮ ᠪᠤᠯᠬᠤ᠂ ᠲᠡᠭᠡᠷᠡᠬᠢ ᠨᠢ ᠲᠤᠤᠷᠠᠬᠢ ᠪᠠᠨ ᠲᠠᠭᠠᠭᠤᠯᠬᠤ ᠶᠢ ᠢᠯᠡᠷᠡᠭᠦᠯᠦᠭᠰᠡᠨ ᠢᠶᠠᠷ ᠨᠠᠮ ᠤᠨ ᠲᠦᠪ ᠬᠤᠷᠢᠶ᠎ᠠ  ᠶᠢᠨ ᠲᠦᠪᠯᠡᠷᠡᠩᠭᠦᠢ ᠨᠢᠭᠡᠳᠦᠯᠲᠠᠢ ᠤᠳᠤᠷᠢᠳᠤᠯᠭ᠎ᠠ ᠶᠢ ᠴᠢᠩᠭᠠᠳᠬᠠᠨ᠂ ᠪᠦᠬᠦ ᠲᠠᠯ᠎ᠠ ᠪᠠᠷ ᠨᠠᠮ ᠢ  ᠴᠢᠩᠭ᠎ᠠ ᠵᠠᠰᠠᠬᠤ ᠭᠤᠤᠯ ᠴᠤᠭᠴᠠ ᠶᠢᠨ ᠬᠠᠷᠢᠭᠤᠴᠠᠯᠭ᠎ᠠ ᠶᠢ ᠤᠯᠠᠮ ᠰᠠᠶᠢᠨ ᠨᠠᠶᠢᠳᠠᠪᠤᠷᠢᠵᠢᠭᠤᠯᠬᠤ᠂ ᠬᠢᠨᠠᠯᠲᠠ ᠲᠠᠯᠪᠢᠬᠤ ᠠᠵᠢᠯ ᠤᠨ ᠦᠷ᠎ᠡ ᠪᠦᠲᠦᠮᠵᠢ ᠶᠢ ᠲᠡᠭᠡᠭᠰᠢᠯᠡᠭᠦᠯᠬᠦ ᠳᠤ ᠲᠤᠩ ᠴᠢᠬᠤᠯᠠ ᠠᠴᠢ ᠬᠤᠯᠪᠤᠭᠳᠠᠯ ᠪᠠ ᠦᠢᠯᠡᠳᠦᠯ ᠲᠠᠢ ᠶᠤᠮ᠃      ᠨᠢᠭᠡᠳᠦᠭᠡᠷ ᠳᠤ᠂ ᠨᠠᠮ ᠤᠨ ᠲᠦᠪ ᠬᠤᠷᠢᠶ᠎ᠠ ᠶᠢᠨ ᠵᠤᠬᠢᠶᠠᠨ ᠪᠠᠶᠢᠭᠤᠯᠤᠯᠲᠠ ᠶᠢᠨ ᠬᠢᠨᠠᠯᠲᠠ ᠲᠠᠯᠪᠢᠯᠲᠠ ᠪᠤᠯ ᠨᠠᠮ ᠤᠨ ᠲᠦᠷᠢᠮ ᠤᠨ ᠲᠠᠭᠠᠭᠠᠯᠭᠠᠭᠰᠠᠨ ᠬᠦᠨᠳᠦ ᠶᠡᠭᠡ ᠡᠭᠦᠷᠭᠡ ᠬᠠᠷᠢᠭᠤᠴᠠᠯᠭ᠎ᠠ ᠮᠦᠨ᠃ ᠨᠠᠮ ᠤᠨ ᠲᠦᠷᠢᠮ ᠤᠨ ᠭᠤᠷᠪᠠᠳᠤᠭᠠᠷ ᠪᠦᠯᠦᠭ ᠳᠤ ᠲᠤᠰᠬᠠᠶᠢᠯᠠᠨ ᠨᠠᠮ ᠤᠨ ᠲᠦᠪ ᠬᠤᠷᠢᠶ᠎ᠠ᠂ ᠲᠦᠪ ᠬᠤᠷᠢᠶ᠎ᠠ ᠶᠢᠨ ᠤᠯᠤᠰ ᠲᠦᠷᠦ ᠶᠢᠨ ᠲᠤᠪᠴᠢᠶ᠎ᠠ᠂ ᠲᠦᠪ ᠬᠤᠷᠢᠶ᠎ᠠ ᠶᠢᠨ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ ᠬᠤᠷᠢᠶ᠎ᠠ ᠵᠡᠷᠭᠡ ᠨᠠᠮ ᠤᠨ ᠲᠦᠪ ᠬᠤᠷᠢᠶ᠎ᠠ ᠶᠢᠨ ᠵᠤᠬᠢᠶᠠᠨ ᠪᠠᠶᠢᠭᠤᠯᠤᠯᠲᠠ ᠶᠢᠨ ᠡᠷᠬᠡ ᠲᠤᠰᠢᠶᠡᠯ ᠳᠤ ᠲᠤᠭᠲᠠᠭᠠᠯ ᠭᠠᠷᠭᠠᠵᠠᠢ᠂ ᠡᠭᠦᠨ ᠳᠤ ᠲᠦᠪ ᠬᠤᠷᠢᠶ᠎ᠠ ᠶᠢᠨ ᠤᠯᠤᠰ ᠲᠦᠷᠦ ᠶᠢᠨ ᠲᠤᠪᠴᠢᠶ᠎ᠠ ᠲᠦᠪ ᠬᠤᠷᠢᠶ᠎ᠠ ᠶᠢᠨ ᠪᠦᠬᠦᠳᠡ ᠬᠤᠷᠠᠯ ᠳᠤ ᠠᠵᠢᠯ ᠢᠶᠠᠨ ᠮᠡᠳᠡᠭᠦᠯᠵᠦ᠂ ᠬᠢᠨᠠᠯᠲᠠ ᠬᠦᠯᠢᠶᠡᠨ᠎ᠡ ᠭᠡᠵᠦ ᠲᠤᠲᠤᠷᠬᠠᠢ ᠲᠤᠭᠲᠠᠭᠠᠵᠠᠢ᠃ ︽ᠲᠦᠷᠢᠮ︾ ᠳᠤ ᠨᠠᠮ ᠤᠨ ᠲᠦᠪ ᠬᠤᠷᠢᠶ᠎ᠠ ᠶᠢᠨ ᠵᠤᠬᠢᠶᠠᠨ ᠪᠠᠶᠢᠭᠤᠯᠤᠯᠲᠠ ᠶᠢᠨ ᠬᠢᠨᠠᠯᠲᠠ ᠲᠠᠯᠪᠢᠯᠲᠠ ᠶᠢ ᠲᠤᠰᠬᠠᠢ ᠪᠦᠯᠦᠭ ᠭᠠᠷᠭᠠᠨ ᠶᠠᠷᠢᠵᠦ᠂ ᠨᠠᠮ  ᠤᠨ ᠲᠦᠪ ᠬᠤᠷᠢᠶ᠎ᠠ᠂ ᠲᠦᠪ ᠬᠤᠷᠢᠶ᠎ᠠ ᠶᠢᠨ ᠤᠯᠤᠰ ᠲᠦᠷᠦ ᠶᠢᠨ ᠲᠤᠪᠴᠢᠶ᠎ᠠ᠂ ᠲᠦᠪ ᠬᠤᠷᠢᠶ᠎ᠠ ᠶᠢᠨ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ ᠬᠤᠷᠢᠶ᠎ᠠ ᠵᠢᠴᠢ ᠲᠦᠪ ᠬᠤᠷᠢᠶ᠎ᠠ ᠶᠢᠨ ᠬᠡᠰᠢᠬᠦᠨ᠂ ᠲᠦᠪ ᠬᠤᠷᠢᠶ᠎ᠠ ᠶᠢᠨ ᠤᠯᠤᠰ ᠲᠦᠷᠦ ᠶᠢᠨ ᠲᠤᠪᠴᠢᠶᠠᠨ ᠤ ᠬᠡᠰᠢᠭᠦᠨ ᠤ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠲᠤᠭᠲᠠᠭᠠᠭᠰᠠᠨ ᠪᠠᠶᠢᠨ᠎ᠠ᠂ ᠡᠨᠡ ᠨᠢ ᠨᠠᠮ ᠤᠨ ᠲᠦᠷᠢᠮ ᠤᠨ ᠱᠠᠭᠠᠷᠳᠠᠯᠭ᠎ᠠ ᠶᠢ ᠪᠤᠳᠠᠲᠠᠶᠢᠵᠢᠭᠤᠯᠵᠦ᠂ ᠨᠠᠷᠢᠯᠢᠬᠵᠢᠭᠤᠯᠤᠭᠰᠠᠨ ᠶᠠᠪᠤᠳᠠᠯ ᠮᠦᠨ᠂ ︽ᠲᠦᠷᠢᠮ︾ ︵ᠲᠤᠷᠰᠢᠨ ᠬᠡᠷᠡᠭᠵᠢᠭᠦᠯᠬᠦ︶ ᠳᠤ ᠬᠢᠭᠰᠡᠨ ᠨᠢᠭᠡ ᠰᠢᠪᠲᠤᠯᠤᠯᠲᠠ ᠮᠦᠨ᠃      ᠬᠤᠶᠠᠳᠤᠭᠠᠷ ᠳᠤ᠂ ᠨᠠᠮ ᠤᠨ ᠲᠦᠪ ᠬᠤᠷᠢᠶ᠎ᠠ ᠶᠢᠨ ᠵᠤᠬᠢᠶᠠᠨ ᠪᠠᠶᠢᠭᠤᠯᠤᠯᠳᠠ ᠶᠢᠨ ᠬᠢᠨᠠᠯᠳᠠ ᠲᠠᠯᠪᠢᠯᠳᠠ ᠶᠢ ᠴᠢᠩᠭᠠᠳᠬᠠᠬᠤ ᠪᠤᠯ ᠠᠷᠠᠳᠴᠢᠯᠠᠯ ᠲᠦᠪᠯᠡᠷᠡᠯ ᠤᠨ ᠵᠠᠷᠴᠢᠮ ᠢ ᠲᠤᠤᠱᠯᠠᠭᠤᠯᠵᠤ᠂ ᠲᠡᠭᠡᠷ᠎ᠠ ᠠᠴᠠ ᠲᠤᠷᠤᠬᠰᠢ ᠪᠠᠨ ᠬᠢᠨᠠᠯᠳᠠ ᠲᠠᠯᠪᠢᠬᠤ ᠶᠢ ᠴᠢᠩᠭᠠᠳᠬᠠᠬᠤ ᠵᠠᠶᠢᠯᠠᠰᠢ ᠦᠬᠡᠢ ᠱᠠᠭᠠᠷᠳᠠᠯᠭ᠎ᠠ ᠪᠤᠯᠤᠨ᠎ᠠ᠃ ᠨᠠᠮ ᠤᠨ ᠳᠤᠳᠤᠭᠠᠳᠤ ᠶᠢᠨ ᠬᠢᠨᠠᠯᠳᠠ ᠲᠠᠯᠪᠢᠯᠳᠠ ᠳᠤ ᠠᠷᠠᠳᠴᠢᠯᠠᠯ ᠲᠦᠪᠯᠡᠷᠡᠯ ᠤᠨ ᠵᠠᠷᠴᠢᠮ ᠢ  ᠲᠤᠤᠱᠯᠠᠭᠤᠯᠤᠨ ᠨᠠᠶᠢᠳᠠᠪᠤᠷᠢᠵᠢᠭᠤᠯᠬᠤ ᠳᠤ ᠡᠷᠬᠡᠪᠰᠢ ᠲᠦᠪᠯᠡᠷᠡᠩᠭᠦᠢ ᠨᠢᠭᠡᠳᠦᠯᠳᠠᠢ ᠤᠳᠤᠷᠢᠳᠤᠯᠭ᠎ᠠ ᠲᠤᠤᠷᠠᠬᠢ ᠠᠷᠠᠳᠴᠢᠯᠠᠯ ᠪᠤᠯᠤᠨ ᠠᠷᠠᠳᠴᠢᠯᠠᠯ ᠤᠨ ᠰᠠᠭᠤᠷᠢ ᠲᠡᠭᠡᠷᠡᠬᠢ ᠲᠦᠪᠯᠡᠷᠡᠯ ᠤᠨ ᠬᠠᠷᠢᠴᠠᠭ᠎ᠠ ᠶᠢ ᠦᠨᠡᠨᠬᠦ ᠰᠠᠶᠢᠳᠤᠷ ᠡᠵᠡᠮᠳᠡᠬᠦ ᠭᠡᠷᠡᠭᠳᠠᠢ᠂ ᠡᠷᠬᠡ ᠪᠤᠯᠤᠨ ᠬᠠᠷᠢᠭᠤᠴᠠᠯᠭ᠎ᠠ᠂ ᠡᠷᠬᠡ ᠪᠤᠯᠤᠨ ᠡᠭᠦᠷᠭᠡ ᠶᠢᠨ ᠲᠡᠭᠡᠳᠤ ᠬᠡᠮᠵᠢᠶᠠᠨ ᠤ ᠨᠢᠬᠡᠳᠤᠯ ᠢ  ᠪᠡᠶᠡᠯᠡᠬᠦᠯᠵᠤ᠂ ︽ᠲᠦᠷᠪᠡᠨ ᠲᠠᠭᠠᠬᠤ︾ ᠶᠢ ᠢᠮᠠᠬᠳᠠ ᠪᠠᠷᠢᠮᠳᠠᠯᠠᠵᠤ᠂ ᠤᠨᠴᠠᠭᠠᠶᠢᠯᠠᠨ ᠪᠦᠬᠦ ᠨᠠᠮ ᠢᠶᠠᠷ ᠢᠶᠠᠨ ᠲᠦᠪ ᠬᠤᠷᠢᠶ᠎ᠠ ᠶᠢᠨ ᠤᠳᠤᠷᠢᠳᠤᠯᠭ᠎ᠠ ᠶᠢ ᠲᠠᠭᠠᠬᠤ ᠶᠢ ᠪᠠᠷᠢᠮᠳᠠᠯᠠᠵᠤ᠂ ᠨᠠᠮ ᠤᠨ ᠲᠦᠪ ᠬᠤᠷᠢᠶ᠎ᠠ ᠶᠢᠨ ᠡᠷᠬᠡ ᠰᠦᠷ ᠪᠤᠯᠤᠨ ᠨᠠᠮ ᠤᠨ ᠲᠦᠪᠯᠡᠷᠡᠯ ᠨᠢᠬᠡᠳᠤᠯ ᠢ  ᠬᠠᠮᠠᠭᠠᠯᠠᠬᠤ ᠭᠡᠷᠡᠭᠳᠠᠢ᠃      ︽ᠲᠦᠷᠢᠮ︾ ᠳᠤ᠄ ︽ᠨᠠᠮ ᠤᠨ ᠲᠦᠪ ᠬᠤᠷᠢᠶ᠎ᠠ᠂ ᠲᠦᠪ ᠤᠨ ᠤᠯᠤᠰ ᠲᠦᠷᠤ ᠶᠢᠨ ᠲᠤᠪᠴᠢᠶ᠎ᠠ᠂ ᠲᠦᠪ  ᠤᠨ ᠤᠯᠤᠰ ᠲᠦᠷᠤ ᠶᠢᠨ ᠲᠤᠪᠴᠢᠶᠠᠨ ᠤ ᠪᠠᠶᠢᠩᠭᠤ ᠶᠢᠨ ᠬᠤᠷᠢᠶ᠎ᠠ ᠨᠢ ᠨᠠᠮ ᠤᠨ ᠳᠤᠳᠤᠭᠠᠳᠤ ᠶᠢᠨ ᠬᠢᠨᠠᠯᠳᠠ ᠲᠠᠯᠪᠢᠬᠤ ᠠᠵᠢᠯ ᠢ  ᠪᠦᠬᠦ ᠲᠠᠯ᠎ᠠ ᠪᠠᠷ ᠤᠳᠤᠷᠢᠳᠤᠨ᠎ᠠ︾ ᠭᠡᠪᠡ᠃ ᠨᠠᠮ ᠤᠨ ᠲᠦᠪ ᠬᠤᠷᠢᠶ᠎ᠠ ᠶᠢᠨ ᠵᠤᠬᠢᠶᠠᠨ ᠪᠠᠶᠢᠭᠤᠯᠤᠯᠳᠠ ᠠᠴᠠ ᠲᠦᠷᠦᠭᠦᠯᠡᠨ ᠬᠢᠨᠠᠯᠳᠠ ᠲᠠᠯᠪᠢᠬᠤ ᠬᠠᠷᠢᠭᠤᠴᠠᠯᠭ᠎ᠠ ᠪᠠᠨ ᠬᠦᠢᠴᠡᠳᠬᠡᠬᠦ᠂ ᠡᠨᠡ ᠪᠤᠯ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠭᠤᠤᠯ ᠴᠤᠬᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠲᠡᠭᠡᠷ᠎ᠠ ᠱᠠᠳᠤ ᠠᠴᠠ ᠲᠤᠤᠷ᠎ᠠ ᠱᠠᠳᠤ ᠬᠦᠷᠳᠡᠯ᠎ᠠ ᠬᠢᠨᠠᠯᠳᠠ ᠲᠠᠯᠪᠢᠬᠤ ᠶᠢ ᠴᠢᠩᠭᠠᠳᠬᠠᠵᠤ᠂ ᠬᠢᠨᠠᠯᠳᠠ ᠲᠠᠯᠪᠢᠬᠤ ᠡᠷᠬᠡ ᠰᠦᠷᠳᠤ ᠴᠢᠨᠠᠷ ᠪᠤᠯᠤᠨ ᠪᠦᠳᠤᠮᠵᠢᠳᠤ ᠴᠢᠨᠠᠷ ᠢ  ᠲᠡᠭᠡᠭᠰᠢᠯᠡᠬᠦᠯᠬᠦ ᠵᠠᠩᠬᠢᠯᠠᠭ᠎ᠠ ᠶᠢᠨ ᠱᠠᠭᠠᠷᠳᠠᠯᠭ᠎ᠠ ᠪᠤᠯᠤᠨ᠎ᠠ᠃      ᠭᠤᠷᠪᠠᠳᠤᠭᠠᠷ ᠳᠤ᠂ ᠨᠠᠮ ᠤᠨ ᠲᠦᠪ ᠬᠤᠷᠢᠶ᠎ᠠ ᠶᠢᠨ ᠵᠤᠬᠢᠶᠠᠨ ᠪᠠᠶᠢᠭᠤᠯᠤᠯᠳᠠ ᠶᠢᠨ ᠬᠢᠨᠠᠯᠳᠠ ᠲᠠᠯᠪᠢᠯᠳᠠ ᠶᠢ ᠴᠢᠩᠭᠠᠳᠬᠠᠬᠤ ᠨᠢ ᠪᠦᠬᠦ ᠨᠠᠮ ᠤᠨ ᠡᠯ᠎ᠠ ᠱᠠᠳᠤᠨ ᠤ ᠵᠤᠬᠢᠶᠠᠨ ᠪᠠᠶᠢᠭᠤᠯᠤᠯᠳᠠ ᠪᠤᠯᠤᠨ ᠤᠳᠤᠷᠢᠳᠬᠤ ᠺᠠᠳ᠋ᠷ ᠳᠤ ᠴᠢᠬᠤᠯᠠ ᠵᠢᠱᠢᠶ᠎ᠠ ᠦᠵᠡᠬᠦᠯᠬᠦ ᠪᠠ ᠲᠠᠶᠢᠴᠢᠯᠠᠬᠤ ᠤᠶᠢᠯᠡᠳᠤᠯ ᠲᠠᠢ ᠶᠤᠮ᠃ ᠨᠠᠮ ᠤᠨ ᠲᠦᠪ ᠬᠤᠷᠢᠶ᠎ᠠ ᠶᠢᠨ ᠵᠤᠬᠢᠶᠠᠨ ᠪᠠᠶᠢᠭᠤᠯᠤᠯᠳᠠ ᠨᠢ ᠬᠢᠨᠠᠯᠳᠠ ᠲᠠᠯᠪᠢᠯᠳᠠ ᠶᠢ ᠤᠳᠤᠷᠢᠳᠬᠤ᠂ ᠬᠢᠨᠠᠯᠳᠠ ᠲᠠᠯᠪᠢᠯᠳᠠ ᠦᠷᠨᠢᠬᠦᠯᠬᠦ ᠶᠢᠨ ᠬᠠᠮᠳᠤ᠂ ᠦᠪᠡᠷ ᠢᠶᠠᠨ ᠴᠤ ᠬᠢᠨᠠᠯᠳᠠ ᠶᠢ ᠬᠦᠯᠢᠶᠡᠵᠤ᠂ ᠪᠦᠬᠦ ᠨᠠᠮ ᠢᠶᠠᠷ ᠢᠶᠠᠨ ᠬᠦᠢᠴᠡᠳᠬᠡᠬᠦ ᠶᠢ ᠱᠠᠭᠠᠷᠳᠠᠬᠤ ᠵᠦᠢᠯ ᠢ  ᠨᠠᠮ ᠤᠨ ᠲᠦᠪ ᠬᠤᠷᠢᠶ᠎ᠠ᠂ ᠲᠦᠪ ᠬᠤᠷᠢᠶ᠎ᠠ ᠶᠢᠨ ᠤᠯᠤᠰ ᠲᠦᠷᠤ ᠶᠢᠨ ᠲᠤᠪᠴᠢᠶᠠᠨ ᠤ ᠬᠢᠨ ᠶᠠᠭᠤᠨ ᠤ ᠤᠷᠢᠳ ᠬᠦᠢᠴᠡᠳᠬᠡᠬᠦ ᠭᠡᠷᠡᠭᠳᠠᠢ᠃ ᠡᠷᠬᠡ ᠪᠠᠶᠢᠪᠠᠯ ᠯᠠᠪ ᠬᠠᠷᠢᠭᠤᠴᠠᠯᠭ᠎ᠠ ᠲᠠᠢ᠂ ᠡᠷᠬᠡ ᠪᠠᠨ ᠭᠡᠷᠡᠭᠯᠡᠬᠦ ᠳᠤ ᠬᠢᠨᠠᠯᠳᠠ  ᠶᠢ ᠬᠦᠯᠢᠶᠠᠬᠦ᠂ ᠡᠷᠬᠡ ᠭᠡᠳᠤᠢ ᠶᠡᠭᠡ ᠪᠤᠯ ᠨᠦᠯᠤᠬᠡ ᠲᠡᠳᠤᠢ ᠶᠡᠭᠡ ᠪᠤᠯᠬᠤᠷ ᠴᠠᠭ ᠢᠮᠠᠭᠳᠠ ᠦᠪᠡᠷ ᠢ  ᠪᠠᠨ ᠰᠡᠷᠡᠮᠵᠢᠯᠡᠬᠦᠯᠵᠤ ᠪᠠᠶ᠎ᠠ ᠪᠠᠨ ᠴᠢᠩᠭ᠎ᠠ ᠱᠠᠭᠠᠷᠳᠠᠵᠤ᠂ ᠤᠬᠠᠮᠰᠠᠷ ᠠᠴᠠ ᠪᠠᠨ ᠬᠢᠨᠠᠯᠳᠠ ᠶᠢ ᠬᠦᠯᠢᠶᠡᠬᠦ ᠭᠡᠷᠡᠭᠳᠠᠢ᠃      ᠲᠦᠪ ᠬᠤᠷᠢᠶ᠎ᠠ ᠶᠢᠨ ᠤᠯᠤᠰ ᠲᠦᠷᠦ ᠶᠢᠨ ᠲᠤᠪᠴᠢᠶ᠎ᠠ ᠲᠦᠪ ᠬᠤᠷᠢᠶ᠎ᠠ ᠶᠢᠨ ᠤᠯᠤᠰ ᠲᠦᠷᠦ ᠶᠢᠨ ᠲᠤᠪᠴᠢᠶᠠᠨ ᠤ ᠪᠠᠶᠢᠡᠭᠭᠤ ᠶᠢᠨ ᠬᠤᠷᠢᠶ᠎ᠠ ᠶᠠᠮᠠᠷ ᠶᠠᠮᠠᠷ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠲᠠᠢ ᠪᠤᠢ      ᠨᠠᠮ ᠤᠨ ᠲᠦᠷᠢᠮ ᠤᠨ ᠲᠤᠭᠲᠠᠭᠠᠯ ᠢ ᠦᠨᠳᠦᠰᠦᠯᠡᠪᠡᠯ᠂ ᠲᠦᠪ ᠬᠤᠷᠢᠶ᠎ᠠ ᠶᠢᠨ ᠤᠯᠤᠰ ᠲᠦᠷᠦ ᠶᠢᠨ ᠲᠤᠪᠴᠢᠶ᠎ᠠ ᠲᠦᠪ ᠬᠤᠷᠢᠶ᠎ᠠ ᠶᠢᠨ ᠤᠯᠤᠰ ᠲᠦᠷᠦ ᠶᠢᠨ ᠲᠤᠪᠴᠢᠶᠠᠨ ᠤ ᠪᠠᠶᠢᠡᠭᠭᠤ ᠶᠢᠨ ᠬᠤᠷᠢᠶ᠎ᠠ ᠨᠢ ᠲᠦᠪ ᠬᠤᠷᠢᠶ᠎ᠠ  ᠶᠢᠨ ᠪᠦᠬᠦᠳᠡ ᠬᠤᠷᠠᠯ ᠲᠡᠭᠦᠰᠦᠭᠰᠡᠨ ᠬᠤᠭᠤᠴᠠᠭᠠᠨ ᠳᠤ᠂ ᠲᠦᠪ ᠬᠤᠷᠢᠶ᠎ᠠ ᠶᠢᠨ ᠡᠷᠬᠡ ᠲᠤᠰᠢᠶᠠᠯ ᠢᠶᠠᠨ ᠶᠠᠪᠤᠭᠤᠯᠵᠦ᠂ ᠨᠠᠮ ᠤᠨ ᠲᠤᠲᠤᠭᠠᠳᠦ ᠶᠢᠨ ᠬᠢᠨᠠᠯᠲᠠ ᠲᠠᠯᠪᠢᠬᠤ ᠠᠵᠢᠯ ᠳᠤᠰᠪᠦᠬᠦ ᠲᠠᠯ᠎ᠠ ᠪᠠᠷ ᠤᠳᠤᠷᠢᠳᠬᠤ ᠡᠭᠦᠷᠬᠡ ᠬᠠᠷᠢᠭᠤᠴᠠᠯᠭ᠎ᠠ ᠶᠢ ᠬᠦᠢᠴᠡᠳᠭᠡᠨ᠎ᠡ᠃ ᠲᠦᠪ ᠬᠤᠷᠢᠶ᠎ᠠ ᠶᠢᠨ ᠤᠯᠤᠰ ᠲᠦᠷᠦ ᠶᠢᠨ ᠲᠤᠪᠴᠢᠶ᠎ᠠ᠂ ᠲᠦᠪ ᠬᠤᠷᠢᠶ᠎ᠠ  ᠶᠢᠨ ᠤᠯᠤᠰ ᠲᠦᠷᠦ ᠶᠢᠨ ᠲᠤᠪᠴᠢᠶᠠᠨ ᠤ ᠪᠠᠶᠢᠡᠭᠭᠤ ᠶᠢᠨ ᠬᠤᠷᠢᠶ᠎ᠠ ᠶᠢᠨ ᠬᠢᠨᠠᠯᠲᠠ ᠲᠠᠯᠪᠢᠬᠤ ᠪᠤᠳᠠᠲᠠᠢ ᠡᠭᠦᠷᠭᠡ ᠬᠠᠷᠢᠭᠤᠴᠠᠯᠭ᠎ᠠ ᠶᠢᠨ ᠲᠤᠬᠠᠢ ︽ᠳᠤᠮᠳᠠᠳᠦ ᠤᠯᠤᠰ ᠤᠨ ᠡᠪ ᠬᠠᠮᠲᠦ ᠨᠠᠮ ᠤᠨ ᠨᠠᠮ ᠤᠨ ᠲᠤᠲᠤᠭᠠᠳᠦ ᠶᠢᠨ ᠬᠢᠨᠠᠯᠲᠠ ᠲᠠᠯᠪᠢᠬᠤ ᠲᠦᠷᠢᠮ︾ ︵ᠲᠤᠷᠤᠭᠰᠢ ︽ᠲᠦᠷᠢᠮ︾ ᠭᠡᠵᠦ ᠲᠤᠪᠴᠢᠯᠠᠨ᠎ᠠ︶ ᠤᠨ ᠠᠷᠪᠠᠨ ᠨᠢᠭᠡᠳᠦᠭᠡᠷ ᠵᠦᠢᠯ ᠳᠤ ᠲᠤᠰᠬᠠᠢ ᠲᠤᠭᠲᠠᠭᠠᠯ ᠭᠠᠷᠭᠠᠵᠠᠢ᠃      ᠨᠢᠭᠡᠳᠦᠭᠡᠷ ᠳᠤ᠂ ᠪᠦᠬᠦ ᠨᠠᠮ ᠳᠤ ᠰᠤᠷᠤᠯᠴᠠᠯᠭ᠎ᠠ ᠬᠦᠮᠦᠵᠢᠯ ᠦᠷᠨᠢᠭᠦᠯᠵᠦ᠂ ᠰᠤᠷᠲᠠᠯ ᠴᠡᠭᠴᠡᠯᠡᠬᠦ ᠵᠤᠷᠢᠭ ᠰᠠᠨᠠᠭ᠎ᠠ ᠪᠠᠷ ᠠᠰᠠᠭᠤᠳᠠᠯ ᠢ  ᠡᠷᠢᠬᠦ᠂ ᠵᠦᠷᠢᠶ᠎ᠡ ᠶᠢ ᠵᠠᠯᠠᠷᠠᠭᠤᠯᠬᠤ ᠠᠵᠢᠯᠯᠠᠭ᠎ᠠ ᠶᠢ ᠲᠤᠭᠲᠠᠮᠠᠯ ᠬᠤᠭᠤᠴᠠᠭ᠎ᠠ ᠲᠠᠢ ᠪᠠᠷ ᠰᠤᠳᠤᠯᠵᠦ ᠪᠠᠶᠢᠷᠢᠯᠠᠭᠤᠯᠤᠨ᠎ᠠ᠃ ᠬᠤᠪᠢᠰᠬᠠᠯ᠂ ᠪᠦᠲᠦᠭᠡᠨ ᠪᠠᠶᠢᠭᠤᠯᠤᠯᠲᠠ᠂ ᠦᠭᠡᠷᠡᠴᠢᠯᠡᠯᠲᠡ ᠶᠢᠨ ᠡᠯ᠎ᠡ ᠲᠡᠤᠬᠡᠨ ᠴᠠᠭ ᠳᠤ᠂ ᠮᠠᠨ ᠤ ᠨᠠᠮ ᠲᠦᠪᠯᠡᠷᠡᠩᠭᠦᠢ ᠰᠤᠷᠤᠯᠴᠠᠯᠭ᠎ᠠ ᠬᠦᠮᠦᠵᠢᠯ ᠤᠨ ᠠᠵᠢᠯᠯᠠᠭ᠎ᠠ ᠶᠢ ᠤᠯᠠᠨ ᠤᠳᠠᠭ᠎ᠠ ᠦᠷᠨᠢᠭᠦᠯᠵᠠᠢ᠃ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠨᠠᠮ ᠤᠨ ᠲᠦᠪ ᠬᠤᠷᠢᠶ᠎ᠠ ᠤᠷᠢᠳ ᠬᠤᠵᠢᠳ ᠨᠠᠮ ᠤᠨ ᠤᠯᠠᠨ ᠲᠦᠮᠡᠨᠴᠢ ᠱᠤᠭᠤᠮ ᠤᠨ ᠬᠦᠮᠦᠵᠢᠯ ᠦᠢᠯᠡᠳᠦᠯᠭᠡ ᠶᠢᠨ ᠠᠵᠢᠯᠯᠠᠭ᠎ᠠ᠂ ︽ᠭᠤᠷᠪᠠᠨ ᠴᠢᠩᠭ᠎ᠠ ᠭᠤᠷᠪᠠᠨ ᠪᠤᠳᠠᠲᠠᠢ ᠪᠠᠶᠢᠬᠤ︾ ᠲᠤᠰᠬᠠᠢ ᠰᠡᠳᠦᠪᠲᠦ ᠬᠦᠮᠦᠵᠢᠯ ᠢ  ᠪᠠᠶᠢᠷᠢᠯᠠᠭᠤᠯᠤᠨ ᠦᠷᠨᠢᠭᠦᠯᠪᠡ᠂ ᠤᠳᠤ ︽ᠬᠤᠶᠠᠷ ᠢ  ᠰᠤᠷᠤᠯᠴᠠᠵᠦ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠦᠮᠦᠵᠢᠯ ᠢ  ᠦᠷᠨᠢᠭᠦᠯᠵᠦ ᠪᠤᠢ᠃ ᠡᠳᠡᠭᠡᠷ ᠲᠦᠪᠯᠡᠷᠡᠩᠭᠦᠢ ᠰᠤᠷᠤᠯᠴᠠᠯᠭ᠎ᠠ ᠬᠦᠮᠦᠵᠢᠯ ᠨᠢ ᠨᠠᠮ ᠨᠢ ᠨᠠᠮ ᠢᠶᠠᠨ ᠬᠠᠮᠢᠶᠠᠷᠬᠤ᠂ ᠨᠠᠮ ᠢ  ᠴᠢᠩᠭ᠎ᠠ ᠵᠠᠰᠠᠬᠤ ᠱᠠᠭᠠᠷᠳᠠᠯᠭ᠎ᠠ ᠶᠢ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠰᠤᠷᠤᠯᠴᠠᠯᠭ᠎ᠠ ᠬᠦᠮᠦᠵᠢᠯ᠂ ᠦᠵᠡᠯᠳᠠ ᠲᠠᠨᠢᠯᠲᠠ ᠪᠠᠨ ᠲᠡᠭᠡᠭᠰᠢᠯᠡᠭᠦᠯᠬᠦ ᠪᠠ ᠪᠤᠳᠠᠲᠠᠢ ᠠᠰᠠᠭᠤᠳᠠᠯ ᠢ  ᠰᠢᠢᠳᠪᠤᠷᠢᠯᠡᠬᠦ᠂ ᠠᠵᠢᠯ ᠤᠨ ᠬᠦᠭᠵᠢᠯᠲᠡ ᠪᠠᠨ ᠠᠬᠢᠭᠤᠯᠬᠤ ᠶᠢ ᠨᠢᠬᠲᠠ ᠤᠶᠠᠯᠳᠤᠭᠤᠯᠤᠭᠠᠳ ᠲᠤᠩ ᠰᠠᠶᠢᠨ ᠦᠷ᠎ᠡ ᠪᠦᠲᠦᠮᠵᠢ ᠤᠯᠤᠭᠰᠠᠨ ᠪᠠᠶᠢᠨ᠎ᠠ᠃      ᠬᠤᠶᠠᠳᠤᠭᠠᠷ ᠳᠤ᠂ ᠪᠦᠬᠦ ᠨᠠᠮ ᠤᠨ ᠬᠢᠨ ᠲᠦᠪ ᠤᠨ ᠨᠠᠢᠮᠠᠨ ᠲᠤᠭᠳᠠᠭᠠᠯ ᠤᠨ ᠵᠤᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠰᠤᠨᠤᠰᠤᠨ ᠬᠢᠨᠠᠨ ᠵᠦᠪᠯᠡᠵᠤ᠂ ᠰᠤᠷᠲᠠᠯ ᠤᠨ ᠪᠠᠶᠢᠭᠤᠯᠤᠯᠲᠠ ᠶᠢᠨ ᠪᠠᠶᠢᠳᠠᠯ ᠤᠨ ᠬᠢᠨᠠᠯᠲᠠ ᠪᠠᠶᠢᠴᠠᠭᠠᠯᠲᠠ ᠶᠢ ᠴᠢᠩᠭᠠᠳᠬᠠᠨ᠎ᠠ᠃ ᠦᠢᠯᠡᠳᠦᠯᠭᠡ ᠭᠡᠷᠡᠴᠢᠯᠡᠭᠰᠡᠨ ᠢᠶᠠᠷ᠂ ᠲᠦᠪ ᠬᠤᠷᠢᠶ᠎ᠠ  ᠶᠢᠨ ᠤᠯᠤᠰ ᠲᠦᠷᠦ ᠶᠢᠨ ᠲᠤᠪᠴᠢᠶ᠎ᠠ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠪᠡᠶ᠎ᠠ ᠪᠠᠷ ᠢᠶᠠᠨ ᠳᠠᠭᠤᠷᠢᠶᠠᠯ ᠪᠤᠯᠵᠤ᠂ ᠨᠠᠢᠮᠠᠨ ᠲᠤᠭᠳᠠᠭᠠᠯ ᠢ  ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠭᠰᠠᠨ ᠪᠦᠭᠡᠳ ᠨᠠᠢᠮᠠᠨ ᠲᠤᠭᠳᠠᠭᠠᠯ ᠤᠨ ᠵᠤᠷᠢᠭ ᠰᠠᠨᠠᠭ᠎ᠠ ᠶᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠴᠢᠩᠭ᠎ᠠ ᠠᠳᠬᠤᠵᠤ᠂ ᠪᠦᠬᠦ ᠨᠠᠮ ᠪᠦᠬᠦ ᠨᠡᠶᠢᠭᠡᠮ ᠳᠤ ᠰᠤᠷᠲᠠᠯ ᠤᠨ ᠪᠠᠶᠢᠭᠤᠯᠤᠯᠲᠠ ᠶᠢ ᠴᠦᠬᠦᠷᠡᠰᠢ ᠦᠭᠡᠢ ᠴᠢᠩᠭ᠎ᠠ ᠠᠳᠬᠤᠨ᠎ᠠ ᠭᠡᠬᠦ ᠳᠤᠬᠢᠶ᠎ᠠ ᠦᠭᠴᠦ᠂ ᠨᠠᠮ ᠤᠨ ᠰᠤᠷᠲᠠᠯ ᠵᠠᠰᠠᠭ ᠤᠨ ᠰᠤᠷᠲᠠᠯ ᠤᠨ ᠬᠤᠪᠢᠷᠠᠯᠲᠠ ᠶᠢ ᠶᠡᠬᠡᠪᠡᠷ ᠠᠬᠢᠭᠤᠯᠵᠤ᠂ ᠨᠠᠮ ᠤᠨ ᠠᠷᠠᠳ ᠲᠦᠮᠡᠨ ᠤ ᠰᠡᠳᠭᠢᠯ ᠳᠤᠳᠤᠷᠠᠬᠢ ᠡᠷᠬᠡ ᠰᠦᠷ ᠢ  ᠪᠠᠬᠢᠵᠢᠭᠦᠯᠵᠠᠢ᠃      ᠭᠤᠷᠪᠠᠳᠤᠭᠠᠷ ᠳᠤ᠂ ᠲᠦᠪ ᠤᠨ ᠰᠠᠬᠢᠯᠭ᠎ᠠ ᠪᠠᠲᠦ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢ ᠰᠤᠨᠤᠰᠤᠨ᠎ᠠ᠃ ︽ᠳᠦᠷᠢᠮ︾ ᠨᠢ ᠦᠢᠯᠡᠳᠦᠯᠭᠡ ᠶᠢᠨ ᠲᠤᠷᠰᠢᠯᠭ᠎ᠠ ᠶᠢ ᠳ᠋ᠦᠩᠨᠡᠭᠰᠡᠨ  ᠤ ᠰᠠᠭᠤᠷᠢ ᠳᠡᠭᠡᠷ᠎ᠠ᠂ ᠲᠦᠪ ᠬᠤᠷᠢᠶ᠎ᠠ ᠶᠢᠨ ᠤᠯᠤᠰ ᠲᠦᠷᠦ ᠶᠢᠨ ᠲᠤᠪᠴᠢᠶ᠎ᠠ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠬᠢᠨ ᠲᠦᠪ ᠤᠨ ᠰᠠᠬᠢᠯᠭ᠎ᠠ ᠪᠠᠲᠦ ᠪᠠᠶᠢᠴᠠᠭᠠᠬᠤ ᠬᠤᠷᠢᠶ᠎ᠠ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢ ᠰᠤᠨᠤᠰᠬᠤ ᠬᠡᠷᠡᠭᠲᠡᠢ ᠭᠡᠵᠤ ᠳᠤᠳᠤᠷᠬᠠᠢ ᠲᠤᠭᠳᠠᠭᠠᠵᠠᠢ᠃ ᠡᠨᠡ ᠪᠤᠯ ᠨᠠᠮ ᠤᠨ ᠲᠦᠪ ᠬᠤᠷᠢᠶ᠎ᠠ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠶᠢᠨ ᠲᠤᠬᠠᠢ ᠤᠳᠤᠷᠢᠳᠤᠯᠭ᠎ᠠ ᠪᠠᠨ ᠴᠢᠩᠭᠠᠳᠬᠠᠨ᠂ ᠨᠠᠮ ᠤᠨ ᠳᠤᠳᠤᠭᠠᠳᠦ ᠶᠢᠨ ᠬᠢᠨᠠᠯᠲᠠ ᠶᠢ ᠴᠢᠩᠭᠠᠳᠬᠠᠬᠤ ᠶᠢᠨ ᠲᠦᠯᠦᠭᠡ ᠬᠡᠷᠡᠭᠵᠢᠭᠦᠯᠦᠭᠰᠡᠨ ᠴᠢᠬᠤᠯᠠ ᠠᠷᠭ᠎ᠠ ᠬᠡᠮᠵᠢᠶ᠎ᠠ ᠪᠤᠯᠤᠨ᠎ᠠ᠃      ᠲᠦᠷᠪᠡᠳᠤᠭᠡᠷ ᠳᠤ᠂ ᠲᠦᠪ ᠤᠨ ᠲᠤᠭᠤᠷᠢᠨ ᠪᠠᠶᠢᠴᠠᠭᠠᠬᠰᠠᠨ ᠪᠠᠶᠢᠳᠠᠯ ᠤᠨ ᠲᠤᠬᠠᠢ ᠮᠡᠳᠡᠬᠦᠯᠤᠯᠳᠠ ᠶᠢ ᠰᠤᠨᠤᠰᠴᠤ᠂ ᠨᠢᠬᠡ ᠬᠤᠭᠤᠴᠠᠭᠠᠨ ᠤ ᠲᠤᠰᠢᠶᠠᠯ ᠤᠨ ᠬᠤᠭᠤᠴᠠᠭᠠᠨ ᠳᠤ ᠲᠦᠪ ᠬᠤᠷᠢᠶ᠎ᠠ ᠶᠢᠨ ᠲᠤᠭᠤᠷᠢᠨ ᠪᠠᠶᠢᠴᠠᠭᠠᠬᠤ ᠠᠵᠢᠯ ᠤᠨ ᠪᠦᠬᠦᠨ ᠢ  ᠪᠦᠷᠬᠦᠬᠦᠯᠬᠦ ᠶᠢ ᠪᠡᠶᠡᠯᠡᠬᠦᠯᠤᠨ᠎ᠠ᠃ ︽ᠲᠦᠷᠢᠮ︾ ᠳᠤ᠂ ᠲᠦᠪ ᠤᠨ ᠤᠯᠤᠰ ᠲᠦᠷᠤ ᠶᠢᠨ ᠲᠤᠪᠴᠢᠶ᠎ᠠ ᠵᠢᠴᠢ ᠲᠡᠬᠦᠨ ᠤ ᠪᠠᠶᠢᠩᠭᠤ ᠶᠢᠨ ᠬᠤᠷᠢᠶ᠎ᠠ ᠶᠢᠨ ᠬᠢᠨ ᠲᠦᠪ ᠤᠨ ᠲᠤᠭᠤᠷᠢᠨ ᠪᠠᠶᠢᠴᠠᠭᠠᠬᠰᠠᠨ ᠪᠠᠶᠢᠳᠠᠯ ᠤᠨ ᠲᠤᠬᠠᠢ ᠬᠠᠷᠢᠭᠤ ᠮᠡᠳᠡᠬᠦᠯᠤᠯᠳᠠ ᠶᠢ ᠰᠤᠨᠤᠰᠴᠤ᠂ ᠨᠢᠬᠡ ᠬᠤᠭᠤᠴᠠᠭᠠᠨ ᠤ ᠲᠤᠰᠢᠶᠠᠯ  ᠤᠨ ᠬᠤᠭᠤᠴᠠᠭᠠᠨ ᠳᠤ ᠲᠦᠪ ᠤᠨ ᠲᠤᠭᠤᠷᠢᠨ ᠪᠠᠶᠢᠴᠠᠭᠠᠬᠤ ᠠᠵᠢᠯ ᠤᠨ ᠪᠦᠬᠦᠨ ᠢ  ᠪᠦᠷᠬᠦᠬᠦᠯᠬᠦ ᠶᠢ ᠪᠡᠶᠡᠯᠡᠬᠦᠯᠬᠦ ᠬᠡᠷᠡᠭᠳᠠᠢ᠂ ᠡᠨᠡ ᠨᠢ ᠤᠳᠤᠷᠢᠳᠤᠯᠭ᠎ᠠ ᠶᠢᠨ ᠬᠠᠷᠢᠭᠤᠴᠠᠯᠭ᠎ᠠ ᠪᠤᠯᠬᠤ ᠪᠠᠷ ᠪᠠᠷᠠᠬᠤ ᠦᠬᠡᠢ᠂ ᠮᠦᠨᠴᠤ ᠨᠢᠬᠡ ᠵᠤᠶᠢᠯ  ᠤᠨ ᠴᠢᠬᠤᠯᠠ ᠬᠢᠨᠠᠯᠳᠠ ᠲᠠᠯᠪᠢᠬᠤ ᠬᠠᠷᠢᠭᠤᠴᠠᠯᠭ᠎ᠠ ᠪᠤᠯᠤᠨ᠎ᠠ ᠬᠡᠵᠤ ᠳᠤᠳᠤᠷᠬᠠᠢ ᠲᠤᠭᠳᠠᠭᠠᠪᠠ᠃      ᠲᠠᠪᠤᠳᠤᠭᠠᠷ ᠳᠤ᠂ ᠲᠦᠪ ᠤᠨ ᠤᠯᠤᠰ ᠲᠦᠷᠤ ᠶᠢᠨ ᠲᠤᠪᠴᠢᠶ᠎ᠠ ᠵᠢᠯ ᠪᠦᠷᠢ ᠠᠷᠠᠳᠴᠢᠯᠠᠯ ᠤᠨ ᠠᠮᠢᠳᠤᠷᠠᠯ  ᠤᠨ ᠬᠤᠷᠠᠯ ᠬᠢᠵᠤ᠂ ᠬᠠᠷᠭᠤᠭᠤᠯᠤᠨ ᠪᠠᠶᠢᠴᠠᠭᠠᠬᠤ ᠪᠠ ᠨᠠᠮᠴᠢ ᠴᠢᠨᠠᠷ ᠤᠨ ᠵᠠᠳᠠᠯᠤᠯᠳᠠ ᠬᠢᠵᠤ᠂ ᠲᠤᠰ ᠪᠠᠶ᠎ᠠ ᠶᠢᠨ ᠪᠠᠶᠢᠭᠤᠯᠤᠯᠳᠠ ᠪᠠᠨ ᠴᠢᠩᠭᠠᠳᠬᠠᠬᠤ ᠠᠷᠭ᠎ᠠ ᠶᠢ ᠰᠤᠳᠤᠯᠤᠨ᠎ᠠ᠃ ︽ᠲᠦᠷᠢᠮ︾ ᠳᠤ ᠲᠦᠪ ᠤᠨ ᠤᠯᠤᠰ ᠲᠦᠷᠤ  ᠶᠢᠨ ᠲᠤᠪᠴᠢᠶᠠᠨ ᠤ ᠬᠢᠨ ᠵᠢᠯ ᠪᠦᠷᠢ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠬᠤ ᠶᠢ ᠨᠢᠬᠡ ᠵᠤᠶᠢᠯ ᠤᠨ ᠲᠦᠷᠢᠮ ᠪᠤᠯᠭᠠᠨ᠎ᠠ ᠭᠡᠵᠦ ᠲᠤᠭᠳᠠᠭᠠᠪᠠ᠂ ᠡᠨᠡ ᠪᠤᠯ ᠶᠠᠷᠤᠩᠬᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶᠠᠨ ᠤ ᠵᠤᠷᠢᠬ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠳᠤᠳᠤᠭᠠᠳᠤ ᠶᠢᠨ ᠤᠯᠤᠰ ᠲᠦᠷᠤ ᠶᠢᠨ ᠠᠮᠢᠳᠤᠷᠠᠯ ᠢ  ᠴᠢᠩᠳᠠᠯᠠᠵᠤ᠂ ᠲᠦᠪ ᠤᠨ ᠤᠯᠤᠰ ᠲᠦᠷᠤ ᠶᠢᠨ ᠲᠤᠪᠴᠢᠶᠠᠨ ᠤ ᠲᠤᠰ ᠪᠠᠶ᠎ᠠ ᠶᠢᠨ ᠪᠠᠶᠢᠭᠤᠯᠤᠯᠳᠠ ᠪᠤᠯᠤᠨ ᠬᠢᠨᠠᠯᠳᠠ ᠶᠢ ᠴᠢᠩᠭᠠᠳᠬᠠᠵᠤ ᠪᠠᠶᠢᠭ᠎ᠠ ᠴᠢᠬᠤᠯᠠ ᠠᠷᠭ᠎ᠠ ᠬᠡᠮᠵᠢᠶ᠎ᠠ ᠪᠤᠯᠤᠨ᠎ᠠ᠃      ᠲᠦᠪ ᠬᠤᠷᠢᠶ᠎ᠠ ᠶᠢᠨ ᠤᠯᠤᠰ ᠲᠦᠷᠦ ᠶᠢᠨ ᠲᠤᠪᠴᠢᠶᠠᠨ ᠤ ᠬᠡᠰᠢᠬᠦᠨ ᠶᠠᠮᠠᠷ ᠶᠠᠮᠠᠷ ᠡᠬᠦᠷᠬᠡ ᠬᠠᠷᠢᠭᠤᠴᠠᠯᠭ᠎ᠠ ᠲᠠᠢ ᠪᠤᠢ      ︽ᠲᠤᠮᠳᠠᠳᠤ ᠤᠯᠤᠰ ᠤᠨ ᠡᠪ ᠬᠠᠮᠳᠤ ᠨᠠᠮ ᠤᠨ ᠨᠠᠮ ᠤᠨ ᠲᠤᠳᠤᠭᠠᠳᠤ ᠶᠢᠨ ᠬᠢᠨᠠᠯᠳᠠ ᠲᠠᠯᠪᠢᠬᠤ ᠲᠦᠷᠢᠮ︾ ᠳᠤ᠂ ᠲᠦᠪ ᠬᠤᠷᠢᠶ᠎ᠠ ᠶᠢᠨ ᠤᠯᠤᠰ ᠲᠦᠷᠦ ᠶᠢᠨ ᠲᠤᠪᠴᠢᠶᠠᠨ ᠤ ᠬᠡᠰᠢᠬᠦᠨ ᠤ ᠬᠢᠨᠠᠯᠳᠠ ᠲᠠᠯᠪᠢᠬᠤ ᠲᠠᠯ᠎ᠠ ᠪᠠᠷ ᠬᠦᠢᠴᠡᠳᠭᠡᠬᠦ ᠵᠤᠬᠢᠰᠳᠠᠢ ᠡᠬᠦᠷᠬᠡ ᠬᠠᠷᠢᠭᠤᠴᠠᠯᠭ᠎ᠠ ᠵᠢᠴᠢ ᠨᠠᠮ ᠤᠨ ᠲᠤᠳᠤᠭᠠᠳᠤ ᠶᠢᠨ ᠬᠢᠨᠠᠯᠳᠠ ᠲᠠᠯᠪᠢᠬᠤ ᠲᠤᠮᠳᠠ ᠦᠯᠢᠬᠡᠷ ᠲᠠᠭᠤᠷᠢᠶᠠᠯ ᠤᠨ ᠦᠢᠯᠡᠳᠦᠯ ᠢᠶᠠᠨ ᠬᠡᠷᠬᠢᠨ ᠪᠠᠳᠠᠷᠠᠭᠤᠯᠬᠤ ᠲᠤᠬᠠᠢ ᠲᠤᠭᠳᠠᠭᠠᠯ ᠭᠠᠷᠭᠠᠪᠠ᠃      ︽ᠲᠦᠷᠢᠮ︾ ᠤᠨ ᠠᠷᠪᠠᠨ ᠭᠤᠷᠪᠠᠳᠤᠭᠠᠷ ᠵᠦᠢᠯ ᠳᠤ᠄ ︽ᠲᠦᠪ ᠬᠤᠷᠢᠶ᠎ᠠ ᠶᠢᠨ ᠤᠯᠤᠰ ᠲᠦᠷᠦ ᠶᠢᠨ ᠲᠤᠪᠴᠢᠶᠠᠨ ᠤ ᠬᠡᠰᠢᠬᠦᠨ ᠰᠢᠭᠤᠳ ᠬᠤᠪᠢᠳᠠᠨ ᠬᠠᠮᠢᠶᠠᠷᠴᠦ ᠪᠠᠶᠢᠭ᠎ᠠ ᠰᠠᠯᠠᠭ᠎ᠠ ᠮᠦᠴᠢᠷ᠂ ᠭᠠᠵᠠᠷ ᠤᠷᠤᠨ᠂ ᠬᠦᠷᠢᠶ᠎ᠡ ᠶᠢᠨ ᠨᠠᠮ ᠤᠨ ᠵᠤᠬᠢᠶᠠᠨ ᠪᠠᠶᠢᠭᠤᠯᠤᠯᠳᠠ ᠪᠤᠯᠤᠨ ᠤᠳᠤᠷᠢᠳᠬᠤ ᠪᠠᠭ ᠤᠨ ᠪᠦᠷᠢᠯᠳᠦᠬᠦᠨ ᠳᠤ ᠬᠢᠨᠠᠯᠳᠠ ᠲᠠᠯᠪᠢᠬᠤ ᠶᠢ ᠴᠢᠩᠭᠠᠳᠬᠠᠵᠥ᠂ ᠲᠤᠭᠳᠠᠮᠠᠯ ᠬᠤᠭᠤᠴᠠᠭ᠎ᠠ ᠲᠠᠢ ᠪᠠᠷ ᠬᠠᠮᠢᠶ᠎ᠠ ᠪᠦᠬᠦᠢ ᠭᠠᠵᠠᠷ ᠤᠷᠤᠨ ᠪᠤᠯᠤᠨ ᠰᠠᠯᠠᠭ᠎ᠠ ᠮᠦᠴᠢᠷ ᠤᠨ ᠭᠤᠤᠯ ᠬᠠᠷᠢᠭᠤᠴᠠᠯᠭᠠᠳᠠᠨ ᠲᠠᠢ ᠪᠦᠬᠦ ᠲᠠᠯ᠎ᠠ ᠪᠠᠷ ᠨᠠᠮ ᠢ  ᠴᠢᠩᠭ᠎ᠠ ᠵᠠᠰᠠᠬᠤ ᠬᠠᠷᠢᠭᠤᠴᠠᠯᠭ᠎ᠠ  ᠶᠢ ᠬᠦᠢᠴᠡᠳᠭᠡᠬᠦ᠂ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ ᠵᠡᠷᠬᠡ ᠪᠠᠶᠢᠳᠠᠯ ᠤᠨ ᠲᠤᠬᠠᠢ ᠶᠠᠷᠢᠯᠴᠠᠬᠤ ᠬᠡᠷᠡᠭᠳᠡᠢ︾ ᠭᠡᠵᠤ ᠲᠤᠬᠳᠠᠭᠠᠪᠠ᠃ ︽ᠲᠦᠷᠢᠮ︾ ᠤᠨ ᠲᠤᠭᠳᠠᠭᠠᠯ ᠪᠤᠯᠤᠨ ᠶᠡᠷᠤᠩᠬᠡᠢ ᠱᠦᠵᠢ ᠰᠢ ᠶᠢᠨ ᠫᠢᠩ ᠤᠨ ᠲᠦᠪ ᠬᠤᠷᠢᠶ᠎ᠠ ᠶᠢᠨ ᠤᠯᠤᠰ ᠲᠦᠷᠦ ᠶᠢᠨ ᠲᠤᠪᠴᠢᠶᠠᠨ ᠤ ︽ᠭᠤᠷᠪᠠᠨ ᠴᠢᠩᠭ᠎ᠠ ᠭᠤᠷᠪᠠᠨ ᠪᠤᠳᠠᠳᠠᠢ ᠪᠠᠶᠢᠬᠤ︾ ᠲᠤᠰᠬᠠᠢ ᠰᠡᠳᠤᠪᠳᠤ ᠠᠷᠠᠳᠴᠢᠯᠠᠯ ᠤᠨ ᠠᠮᠢᠳᠤᠷᠠᠯ ᠤᠨ ᠬᠤᠷᠠᠯ ᠲᠡᠭᠡᠷ᠎ᠡ ᠲᠤᠷᠠᠳᠤᠭᠰᠠᠠ ᠱᠠᠭᠠᠷᠳᠠᠯᠭ᠎ᠠ ᠶᠤᠰᠤᠭᠠᠷ᠂ ᠲᠦᠪ ᠬᠤᠷᠢᠶ᠎ᠠ ᠶᠢᠨ ᠤᠯᠤᠰ ᠲᠦᠷᠦ ᠶᠢᠨ ᠲᠤᠪᠴᠢᠶᠠᠨ ᠤ ᠬᠡᠰᠢᠬᠦᠨ ᠬᠤᠪᠢᠳᠠᠨ ᠬᠠᠮᠢᠶᠠᠷᠴᠦ ᠪᠠᠶᠢᠭ᠎ᠠ ᠲᠠᠯ᠎ᠠ ᠶᠢᠨ ᠨᠠᠮ ᠤᠨ ᠵᠤᠬᠢᠶᠠᠨ ᠪᠠᠶᠢᠭᠤᠯᠤᠯᠳᠠ ᠪᠤᠯᠤᠨ ᠤᠳᠤᠷᠢᠳᠬᠤ ᠪᠠᠭ ᠤᠨ ᠪᠦᠷᠢᠯᠳᠦᠬᠦᠨ ᠳᠤ ᠬᠢᠨᠠᠯᠳᠠ ᠲᠠᠯᠪᠢᠬᠤ ᠳᠤ ᠭᠤᠤᠯ ᠨᠢ 4 ᠲᠠᠯ᠎ᠠ ᠪᠠᠭᠳᠠᠨ᠎ᠠ᠃ ᠨᠢᠬᠡ ᠳᠤ᠂ ᠨᠠᠮ ᠤᠨ ᠱᠤᠭᠤᠮ ᠴᠢᠭᠯᠡᠯᠳᠡ ᠲᠦᠷᠦ ᠶᠢᠨ ᠪᠤᠳᠤᠯᠭ᠎ᠠ ᠪᠤᠯᠤᠨ ᠨᠠᠮ  ᠤᠨ ᠲᠦᠪ ᠬᠤᠷᠢᠶ᠎ᠠ ᠶᠢᠨ ᠴᠢᠬᠤᠯᠠ ᠶᠡᠭᠡ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠡᠷᠡᠰ ᠲᠤᠤᠱᠯᠠᠭᠤᠯᠤᠨ ᠬᠡᠷᠡᠭᠵᠢᠬᠦᠯᠵᠥ᠂ ᠨᠠᠮ ᠤᠨ ᠲᠦᠪ ᠬᠤᠷᠢᠶ᠎ᠠ ᠲᠠᠢ ᠨᠢᠬᠡᠳᠤᠯᠳᠡᠢ ᠪᠠᠶᠢᠬᠤ ᠬᠡᠷᠡᠭᠳᠡᠢ᠂ ᠤᠯᠤᠰ ᠲᠦᠷᠦ ᠶᠢᠨ ᠲᠠᠯ᠎ᠠ ᠪᠠᠷ ᠪᠠᠯᠠᠶᠢᠷᠠᠵᠥ᠂ ᠠᠯᠳᠠᠭ᠎ᠠ ᠭᠠᠷᠭᠠᠵᠥ ᠪᠤᠯᠬᠤ ᠦᠭᠡᠢ᠃ ᠬᠤᠶᠠᠷ ᠳᠤ᠂ ᠡᠬᠦᠷᠬᠡ ᠴᠢᠳᠡᠪᠬᠢ ᠪᠠᠨ ᠵᠦᠪ ᠬᠦᠢᠴᠡᠳᠭᠡᠵᠥ᠂ ᠠᠵᠢᠯ ᠤᠨ ᠶᠠᠰᠤ ᠴᠢᠨᠠᠷ ᠪᠤᠯᠤᠨ ᠦᠷ᠎ᠡ ᠪᠦᠳᠦᠮᠵᠢ ᠪᠠᠨ ᠲᠡᠭᠡᠭᠰᠢᠯᠡᠬᠦᠯᠬᠦ ᠬᠡᠷᠡᠭᠳᠡᠢ᠂ ᠠᠯᠪᠠ ᠬᠠᠰᠢᠵᠥ ᠠᠮᠠ ᠪᠦᠭᠯᠡᠵᠥ᠂ ᠰᠢᠯᠳᠠᠭᠯᠠᠨ ᠲᠦᠯᠬᠢᠯᠴᠡᠵᠥ ᠪᠤᠯᠬᠤ ᠦᠭᠡᠢ᠂ ᠡᠬᠦᠷᠬᠡ ᠴᠢᠳᠡᠪᠬᠢ ᠪᠤᠯᠤᠨ ᠤᠯᠭᠤᠮᠵᠢ ᠬᠦᠷᠳᠡᠮᠵᠢ ᠶᠢ ᠪᠤᠯᠢᠶᠠᠯᠴᠠᠵᠥ᠂ ᠰᠠᠯᠠᠭ᠎ᠠ ᠮᠦᠴᠢᠷ ᠤᠨ ᠠᠰᠢᠭ ᠲᠤᠰᠠ ᠤᠯᠬᠤ ᠪᠠᠷ ᠤᠷᠤᠯᠳᠤᠵᠥ ᠪᠤᠯᠬᠤ ᠦᠭᠡᠢ᠃ ᠭᠤᠷᠪᠠ ᠳᠤ᠂ ᠺᠠᠳ᠋ᠷ ᠤᠨ ᠳᠦᠷᠢᠮ ᠪᠤᠯᠤᠨ ᠺᠠᠳ᠋ᠷ ᠤᠨ ᠨᠦᠬᠦᠴᠡᠯ ᠢᠶᠠᠷ ᠬᠦᠮᠦᠨ ᠰᠤᠩᠭᠤᠨ ᠬᠦᠮᠦᠨ ᠬᠡᠷᠡᠭᠯᠡᠵᠤ᠂ ᠡᠯ᠎ᠠ ᠲᠠᠯ᠎ᠠ ᠶᠢᠨ ᠺᠠᠳ᠋ᠷ ᠪᠤᠯᠤᠨ ᠴᠢᠳᠠᠪᠤᠷᠢᠲᠠᠨ ᠳᠤ ᠲᠤᠰ ᠲᠤᠰ ᠲᠤᠨᠢ ᠲᠤᠬᠢᠷᠠᠭᠰᠠᠨ ᠤᠷᠤᠨ ᠪᠠᠶᠢᠷᠢ ᠤᠯᠭᠤᠬᠤ ᠨᠢ ᠰᠢᠯᠢᠳᠡᠭ ᠺᠠᠳ᠋ᠷ ᠴᠤᠯᠭᠤᠷᠠᠨ ᠭᠠᠷᠴᠤ᠂ ᠡᠷᠡᠭᠦᠯ ᠢᠶᠠᠷ ᠪᠤᠶᠢᠵᠢᠬᠤ ᠳᠤ ᠠᠰᠢᠭᠲᠠᠢ ᠪᠤᠯᠭᠠᠬᠤ ᠬᠡᠷᠡᠭᠲᠡᠢ᠂ ᠬᠦᠮᠦᠨ ᠰᠤᠩᠭᠤᠨ ᠬᠦᠮᠦᠨ ᠬᠡᠷᠡᠭᠯᠡᠬᠦ ᠲᠠᠯ᠎ᠠ ᠪᠠᠷ ᠤᠶᠢᠷ᠎ᠠ ᠳᠤᠳᠤᠨᠤ ᠪᠠᠨ ᠪᠤᠳᠤᠯᠬᠢᠯᠠᠵᠤ᠂ ᠠᠶᠢᠮᠠᠭ ᠪᠦᠯᠦᠭ ᠬᠤᠪᠢᠶᠠᠨ᠂ ᠬᠠᠷᠢᠴᠠᠭ᠎ᠠ ᠬᠤᠯᠪᠤᠭ᠎ᠠ ᠶᠢ ᠴᠢᠬᠤᠯᠠᠴᠢᠯᠠᠵᠤ ᠪᠤᠯᠬᠤ ᠦᠭᠡᠢ᠃ ᠳᠦᠷᠪᠡ ᠳᠤ᠂ ᠪᠦᠬᠦ ᠲᠠᠯ᠎ᠠ ᠪᠠᠷ ᠨᠠᠮ ᠢ  ᠴᠢᠩᠭ᠎ᠠ ᠵᠠᠰᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠨᠠᠮ ᠤᠨ ᠪᠠᠶᠢᠭᠤᠯᠤᠯᠲᠠ ᠶᠢᠨ ᠡᠯ᠎ᠠ ᠵᠦᠢᠯ ᠤᠨ ᠳᠦᠷᠢᠮ ᠪᠤᠯᠤᠨ ᠲᠤᠭᠳᠠᠭᠠᠯ ᠢ  ᠴᠢᠩᠭ᠎ᠠ ᠬᠡᠷᠡᠭᠵᠢᠭᠦᠯᠦᠨ᠂ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠪᠤᠢ ᠪᠤᠯᠭᠠᠵᠤ᠂ ᠵᠦᠷᠢᠴᠡᠯ ᠲᠠᠢ ᠪᠤᠯᠤᠭᠰᠠᠨ ᠪᠠᠶᠢᠬᠤ ᠳᠤ ᠬᠠᠮᠢᠶᠠᠷᠬᠤ ᠬᠦᠮᠦᠨ ᠦᠭᠡᠢ᠂ ᠰᠤᠷᠲᠠᠯ ᠮᠠᠭᠤᠳᠠᠭᠰᠠᠨ ᠪᠠᠶᠢᠬᠤ ᠳᠤ ᠬᠠᠶᠢᠬᠤᠷᠬᠤ ᠬᠦᠮᠦᠨ ᠦᠭᠡᠢ ᠪᠠᠶᠢᠵᠤ ᠪᠤᠯᠬᠤ ᠦᠭᠡᠢ᠃ ᠲᠦᠪ ᠬᠤᠷᠢᠶ᠎ᠠ ᠶᠢᠨ ᠤᠯᠤᠰ ᠲᠦᠷᠦ ᠶᠢᠨ ᠲᠤᠪᠴᠢᠶᠠᠨ ᠤ ᠭᠡᠰᠢᠭᠦᠨ ᠲᠤᠭᠳᠠᠮᠠᠯ ᠬᠤᠭᠤᠴᠠᠭ᠎ᠠ ᠲᠠᠢ ᠪᠠᠷ ᠬᠤᠯᠪᠤᠭᠳᠠᠯ ᠪᠦᠬᠦᠢ ᠤᠷᠤᠨ ᠨᠤᠲᠤᠭ ᠪᠤᠯᠤᠨ ᠰᠠᠯᠠᠭ᠎ᠠ ᠮᠦᠴᠢᠷ ᠤᠨ ᠭᠤᠤᠯ ᠬᠠᠷᠢᠭᠤᠴᠠᠯᠭᠠᠲᠠᠨ ᠲᠠᠢ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠬᠠᠷᠢᠭᠤᠴᠠᠯᠭ᠎ᠠ ᠶᠢ ᠭᠦᠢᠴᠡᠳᠭᠡᠵᠤ ᠪᠠᠶᠢᠬᠤ᠂ ᠠᠷᠢᠭᠤᠨ ᠴᠢᠭᠡᠴᠢ ᠪᠠᠷ ᠪᠡᠶ᠎ᠡ ᠪᠠᠨ ᠱᠠᠭᠠᠷᠳᠠᠵᠤ ᠪᠠᠶᠢᠬᠤ ᠵᠡᠷᠭᠡ ᠪᠠᠶᠢᠳᠠᠯ ᠤᠨ ᠲᠤᠬᠠᠢ ᠶᠠᠷᠢᠯᠴᠠᠵᠤ᠂ ᠠᠰᠠᠭᠤᠳᠠᠯ ᠢᠯᠡᠷᠡᠭᠦᠯᠪᠡᠯ᠂ ᠨᠢᠭᠡᠴᠡ ᠶᠢᠨ ᠠᠰᠠᠭᠤᠳᠠᠯ᠂ ᠤᠳᠤᠷᠢᠳᠬᠤ ᠪᠠᠭ ᠤᠨ ᠠᠰᠠᠭᠤᠳᠠᠯ ᠡᠰᠡᠭᠦᠯ᠎ᠠ ᠬᠤᠪᠢ ᠬᠦᠮᠦᠨ ᠤ ᠠᠰᠠᠭᠤᠳᠠᠯ ᠭᠡᠰᠡᠨ ᠦᠭᠡᠢ ᠳᠠᠷᠤᠶᠢᠬᠠᠨ ᠴᠢᠩᠭ᠎ᠠ ᠵᠢᠭᠠᠵᠤ ᠭᠠᠷᠭᠠᠬᠤ ᠪᠦᠭᠡᠳ ᠵᠠᠯᠠᠷᠠᠭᠤᠯᠤᠨ ᠦᠭᠡᠷᠡᠴᠢᠯᠡᠬᠦ ᠶᠢ ᠱᠠᠭᠠᠷᠳᠠᠬᠤ ᠬᠡᠷᠡᠭᠲᠡᠢ᠃      ︽ᠳᠦᠷᠢᠮ︾ ᠤᠨ ᠠᠷᠪᠠᠨ ᠳᠦᠷᠪᠡᠳᠦᠭᠡᠷ ᠵᠤᠶᠢᠯ ᠳᠤ ᠭᠤᠤᠯᠳᠠᠭᠤ 5 ᠲᠠᠯ᠎ᠠ ᠠᠴᠠ ᠲᠦᠪ ᠬᠤᠷᠢᠶ᠎ᠠ ᠶᠢᠨ ᠤᠯᠤᠰ ᠲᠦᠷᠦ ᠶᠢᠨ ᠲᠤᠪᠴᠢᠶᠠᠨ ᠤ ᠭᠡᠰᠢᠭᠦᠨ ᠳᠤ ᠨᠠᠮ ᠤᠨ ᠳᠤᠳᠤᠭᠠᠳᠦ ᠶᠢᠨ ᠬᠢᠨᠠᠯᠲᠠ ᠲᠠᠯᠪᠢᠯᠲᠠ ᠳᠤᠮᠳᠠ ᠳᠠᠭᠤᠷᠢᠶᠠᠯ ᠪᠤᠯᠬᠤ ᠦᠢᠯᠡᠳᠦᠯ ᠢ  ᠪᠠᠳᠠᠷᠠᠭᠤᠯᠬᠤ ᠲᠤᠬᠠᠢ ᠳᠤᠳᠤᠷᠬᠠᠢ ᠱᠠᠭᠠᠷᠳᠠᠯᠭ᠎ᠠ ᠳᠤᠷᠠᠳᠴᠠᠢ᠃      ᠨᠢᠭᠡ ᠳᠤ᠂ ᠲᠦᠪ ᠤᠨ ᠨᠠᠢᠮᠠᠨ ᠲᠤᠭᠳᠠᠭᠠᠯ ᠢ ᠴᠢᠩᠭ᠎ᠠ ᠬᠡᠷᠡᠭᠵᠢᠭᠦᠯᠦᠨ᠎ᠠ᠃ ᠬᠤᠶᠠᠷ ᠳᠤ᠂ ᠤᠬᠠᠮᠰᠠᠷ ᠠᠴᠠ ᠪᠠᠨ ᠬᠤᠶᠠᠷ ᠲᠠᠯ᠎ᠠ ᠶᠢᠨ ᠵᠤᠬᠢᠶᠠᠨ ᠪᠠᠶᠢᠭᠤᠯᠤᠯᠲᠠ ᠶᠢᠨ ᠠᠮᠢᠳᠤᠷᠠᠯ ᠳᠤ ᠤᠷᠤᠯᠴᠠᠨ᠎ᠠ᠃ ᠭᠤᠷᠪᠠ ᠳᠤ᠂ ᠨᠠᠮ ᠤᠨ ᠲᠦᠪ ᠬᠤᠷᠢᠶ᠎ᠠ ᠳᠤ ᠬᠤᠪᠢ ᠶᠢᠨ ᠴᠢᠬᠤᠯᠠ ᠬᠡᠷᠡᠭ ᠶᠠᠪᠤᠳᠠᠯ ᠢᠶᠠᠨ ᠦᠨᠡᠨᠴᠢ ᠪᠠᠷ ᠮᠡᠳᠡᠭᠦᠯᠦᠨ᠎ᠠ᠃ ᠳᠦᠷᠪᠡ ᠳᠤ᠂ ᠰᠠᠶᠢᠨ ᠰᠠᠶᠢᠬᠠᠨ ᠭᠡᠷ ᠪᠦᠯᠢ ᠶᠢᠨ ᠰᠤᠷᠲᠠᠯ ᠢ  ᠪᠤᠢ ᠪᠤᠯᠭᠠᠵᠤ᠂ ᠲᠦᠷᠦᠯ ᠰᠠᠳᠤᠨ ᠪᠤᠯᠤᠨ ᠲᠡᠷᠭᠡᠳᠡ ᠳᠠᠬᠢ ᠠᠵᠢᠯᠳᠠᠨ ᠢᠶᠠᠨ ᠰᠤᠷᠭᠠᠨ ᠬᠦᠮᠦᠵᠢᠭᠦᠯᠬᠦ ᠪᠠ ᠬᠢᠵᠠᠭᠠᠷᠯᠬᠤ ᠶᠢ ᠴᠢᠩᠭᠠᠳᠬᠠᠨ᠎ᠠ᠃ ᠲᠠᠪᠤ ᠳᠤ ᠂ ᠡᠷ᠎ᠡ ᠨᠦᠬᠦᠷ ᠪᠤᠶᠤ ᠡᠬᠡᠨᠡᠷ᠂ ᠦᠷ᠎ᠠ ᠬᠡᠤᠬᠡᠳ ᠵᠢᠴᠢ ᠲᠡᠭᠦᠨ ᠤ ᠡᠷ᠎ᠡ ᠨᠦᠬᠦᠷ ᠪᠤᠶᠤ ᠡᠬᠡᠨᠡᠷ ᠲᠤᠭᠳᠠᠭᠠᠯ ᠢ ᠵᠦᠷᠢᠴᠡᠨ ᠬᠤᠳᠠᠯᠳᠤᠭ᠎ᠠ ᠡᠷᠬᠢᠯᠡᠨ ᠠᠵᠤ ᠠᠬᠤᠶᠢᠯᠠᠯ ᠡᠷᠭᠢᠯᠡᠬᠦ ᠦᠭᠡᠢ ᠪᠠᠶᠢᠬᠤ ᠶᠢ ᠴᠢᠩᠭ᠎ᠠ ᠱᠠᠭᠠᠷᠳᠠᠵᠤ᠂ ᠲᠤᠭᠳᠠᠭᠠᠯ ᠢ ᠵᠦᠷᠢᠴᠡᠨ ᠲᠤᠰᠢᠶᠠᠯ ᠡᠭᠦᠷᠭᠡᠯᠡᠵᠤ᠂ ᠲᠤᠰᠢᠶᠠᠯ ᠬᠠᠪᠰᠤᠷᠭᠠᠵᠤ ᠬᠠᠷᠠᠮᠵᠢ ᠤᠯᠵᠤ ᠪᠣᠯᠬᠤ ᠦᠭᠡᠢ᠃      ︽ᠳᠦᠷᠢᠮ︾ ᠳᠤ ᠨᠠᠮ ᠤᠨ ᠲᠦᠪ ᠬᠤᠷᠢᠶ᠎ᠠ ᠶᠢᠨ ᠤᠯᠤᠰ ᠲᠦᠷᠦ ᠶᠢᠨ ᠲᠤᠪᠴᠢᠶᠠᠨ ᠤ ᠭᠡᠰᠢᠭᠦᠨ ᠳᠤ ᠲᠤᠭᠳᠠᠭᠠᠯ ᠭᠠᠷᠭᠠᠭᠰᠠᠨ ᠨᠢ ᠨᠠᠮ ᠤᠨ ᠲᠦᠪ ᠬᠤᠷᠢᠶ᠎ᠠ ᠶᠢᠨ ᠪᠡᠶ᠎ᠠ ᠪᠠᠷ ᠢᠶᠠᠨ ᠬᠡᠪ ᠳᠠᠭᠤᠷᠢᠶᠠᠯ ᠪᠤᠯᠵᠤ᠂ ᠳᠡᠭᠡᠳᠦ ᠱᠠᠳᠤ ᠨᠢ ᠳᠤᠤᠷᠠᠳᠦ ᠱᠠᠳᠤ ᠪᠠᠨ ᠳᠠᠭᠠᠭᠤᠯᠬᠤ ᠬᠠᠷᠢᠭᠤᠴᠠᠯᠭ᠎ᠠ ᠡᠭᠦᠷᠭᠡᠯᠡᠬᠦ ᠪᠤᠳᠤᠯ ᠢ  ᠭᠦᠢᠴᠡᠳ ᠢᠯᠡᠷᠡᠭᠦᠯᠵᠤ᠂ ᠨᠡᠶᠢᠭᠡᠮ ᠤᠨ ᠠᠩᠬᠠᠷᠤᠯ ᠳᠤ ᠬᠠᠷᠢᠭᠤ ᠳᠤᠰᠬᠠᠯ ᠭᠠᠷᠭᠠᠪᠠ᠂ ᠡᠨᠡ ᠨᠢ ᠮᠦᠨᠴᠤ ᠲᠦᠪ ᠬᠤᠷᠢᠶ᠎ᠠ ᠶᠢᠨ ᠤᠯᠤᠰ ᠲᠦᠷᠦ ᠶᠢᠨ ᠲᠤᠪᠴᠢᠶᠠᠨ ᠤ ᠭᠡᠰᠢᠭᠦᠨ ᠬᠢᠨᠠᠯᠲᠠ ᠲᠠᠯᠪᠢᠯᠲᠠ ᠶᠢᠨ ᠲᠠᠯ᠎ᠠ ᠪᠠᠷ ᠳᠠᠭᠤᠷᠢᠶᠠᠯ ᠪᠤᠯᠬᠤ ᠦᠢᠯᠡᠳᠦᠯ ᠢ  ᠪᠠᠳᠠᠷᠠᠭᠤᠯᠬᠤ ᠴᠢᠬᠤᠯᠠ ᠠᠷᠭ᠎ᠠ ᠬᠡᠮᠵᠢᠶ᠎ᠠ ᠪᠤᠯᠤᠨ᠎ᠠ᠃
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ