ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ 2017 ᠣᠨ ᠤ 3 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2017/2/4
      2 ᠳ᠋ᠤᠭᠠᠷ ᠰᠠᠷ᠎ᠠ ᠶᠢᠨ 3᠎ ᠤ ᠡᠳᠤᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠥ᠂ ᠵᠢᠭᠤᠯᠴᠢᠯᠠᠯ ᠤᠨ ᠦᠢᠯᠡᠰ ᠤᠨ ᠬᠦᠭᠵᠢᠯᠳᠡ ᠶᠢ ᠤᠯᠠᠮ ᠴᠢᠨᠠᠭᠰᠢᠳᠠ ᠲᠦᠷᠭᠡᠳᠭᠡᠬᠦ ᠰᠠᠨᠠᠯ ᠪᠤᠯᠤᠨ ᠦᠪᠡᠷᠳᠡᠭᠡᠨ ᠵᠠᠰᠠᠬᠤ ᠤᠷᠤᠨ ᠤ ︽13·5︾᠎ ᠶᠢᠨ ᠵᠢᠭᠤᠯᠴᠢᠯᠠᠯ ᠤᠨ ᠦᠢᠯᠡᠰ ᠤᠨ ᠬᠦᠭᠵᠢᠯᠳᠡ ᠶᠢᠨ ᠲᠦᠯᠥᠪᠵᠢᠬᠦᠯᠬᠡ᠂ ᠦᠪᠡᠷᠳᠡᠭᠡᠨ ᠵᠠᠰᠠᠬᠤ ᠤᠷᠤᠨ ᠤ ᠬᠠᠤᠯᠢᠵᠢᠯ ᠵᠠᠰᠠᠭ ᠤᠨ ᠤᠷᠳᠤᠨ ᠤ ᠪᠠᠶᠢᠭᠤᠯᠤᠯᠳᠠ ᠶᠢᠨ ᠰᠢᠯᠭᠠᠨ ᠦᠨᠡᠯᠡᠬᠦ ᠠᠷᠭ᠎ᠠ ᠪᠤᠯᠤᠨ ᠬᠦᠢᠴᠡᠳᠭᠡᠬᠦ ᠲᠤᠭ᠎ᠠ ᠎ ᠶᠢᠨ ᠰᠢᠰᠲ᠋ᠧᠮᠵᠢ᠂ ᠵᠠᠰᠠᠭ ᠵᠠᠬᠢᠷᠭᠠᠨ ᠤ ᠰᠢᠳᠭᠡᠯ ᠦᠭᠬᠦ ᠡᠷᠬᠡ ᠶᠢᠨ ᠪᠠᠷᠢᠮᠵᠢᠶ᠎ᠠ ᠶᠢ ᠵᠢᠷᠤᠮᠵᠢᠭᠤᠯᠬᠤ ᠠᠷᠭ᠎ᠠ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠲᠤᠭᠳᠠᠭᠠᠯ ᠵᠡᠷᠬᠡ ᠶᠠᠪᠤᠳᠠᠯ ᠢ ᠰᠤᠳᠤᠯᠪᠠ᠃      ᠬᠤᠷᠠᠯ ᠠᠴᠠ ᠵᠢᠭᠠᠵᠥ ᠭᠠᠷᠭᠠᠭᠰᠠᠠ ᠨᠢ᠂ ᠵᠢᠭᠤᠯᠴᠢᠯᠠᠯ ᠤᠨ ᠦᠢᠯᠡᠰ ᠢ ᠶᠡᠬᠡᠪᠡᠷ ᠬᠦᠭᠵᠢᠬᠦᠯᠬᠦ ᠨᠢ ᠠᠵᠥ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠬᠦ ᠶᠢ ᠠᠬᠢᠭᠤᠯᠬᠤ᠂ ᠠᠵᠢᠯ ᠤᠯᠭᠤᠯᠳᠠ ᠶᠢ ᠦᠷᠭᠡᠳᠭᠡᠬᠦ᠂ ᠤᠯᠠᠨ ᠲᠦᠮᠡᠨ ᠤ ᠤᠷᠤᠯᠭ᠎ᠠ ᠶᠢ ᠨᠡᠮᠡᠭᠳᠡᠬᠦᠯᠬᠦ᠂ ᠭᠠᠵᠠᠷ ᠤᠷᠤᠨ ᠤ ᠨᠦᠯᠥᠬᠡᠯᠡᠬᠦ ᠬᠦᠴᠦᠨ ᠢ ᠲᠡᠭᠡᠭᠰᠢᠯᠡᠬᠦᠯᠬᠦ ᠳᠤ ᠪᠦᠷ ᠴᠢᠬᠤᠯᠠ ᠠᠴᠢ ᠬᠤᠯᠪᠤᠭᠳᠠᠯ ᠲᠠᠢ ᠶᠤᠮ᠃ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ ᠤᠨ ᠬᠢᠨ ᠪᠤᠬᠢᠷᠳᠤᠯ ᠦᠭᠡᠢ ᠬᠦᠭᠵᠢᠯᠳᠡ ᠶᠢᠨ ᠤᠨᠤᠯᠵᠢᠬᠤᠨ ᠢ ᠪᠠᠳᠤ ᠪᠤᠢ ᠪᠤᠯᠭᠠᠵᠥ᠂ ᠮᠠᠨ ᠤ ᠤᠷᠤᠨ ᠤ ᠤᠨᠴᠠᠭᠠᠢ ᠪᠠᠶᠢᠳᠠᠭ ᠵᠢᠭᠤᠯᠴᠢᠯᠠᠯ ᠤᠨ ᠡᠬᠢ ᠪᠠᠶᠠᠯᠢᠭ ᠤᠨ ᠲᠠᠪᠠᠭᠤᠯᠢᠭ ᠢ ᠬᠦᠢᠴᠡᠳ ᠪᠠᠳᠠᠷᠠᠭᠤᠯᠵᠥ᠂ ᠵᠢᠭᠤᠯᠴᠢᠯᠠᠯ ᠤᠨ ᠦᠢᠯᠡᠰ ᠤᠨ ᠬᠦᠭᠵᠢᠯᠳᠡ ᠶᠢᠨ ᠰᠢᠨ᠎ᠡ ᠠᠵᠠ ᠲᠤᠬᠢᠶᠠᠯ ᠢ ᠠᠮᠵᠢᠵᠥ᠂ ᠵᠢᠭᠤᠯᠴᠢᠯᠠᠯ ᠤᠨ ᠰᠠᠭᠤᠷᠢ ᠲᠦᠬᠦᠭᠡᠷᠤᠮᠵᠢ ᠎ ᠶᠢᠨ ᠪᠦᠳᠦᠭᠡᠨ ᠪᠠᠶᠢᠭᠤᠯᠤᠯᠳᠠ ᠶᠢ ᠤᠯᠠᠮ ᠴᠢᠨᠠᠭᠰᠢᠳᠠ ᠴᠢᠩᠭᠠᠳᠬᠠᠵᠥ᠂ ᠵᠢᠭᠤᠯᠴᠢᠯᠠᠯ ᠤᠨ ᠬᠦᠭᠵᠢᠯᠳᠡ ᠶᠢᠨ ᠰᠢᠨ᠎ᠡ ᠪᠠᠶᠢᠷᠢᠰᠢᠯ ᠢ ᠬᠦᠴᠦᠯᠡᠨ ᠡᠬᠦᠳᠴᠦ᠂ ᠵᠢᠭᠤᠯᠴᠢᠯᠠᠯ ᠤᠨ ᠬᠠᠮᠢᠶᠠᠷᠤᠯᠳᠡ ᠪᠤᠯᠤᠨ ᠦᠢᠯᠡᠴᠢᠯᠡᠭᠡ ᠶᠢ ᠴᠢᠩᠭᠠᠳᠬᠠᠵᠥ᠂ ᠵᠢᠭᠤᠯᠴᠢᠯᠠᠯ ᠤᠨ ᠦᠢᠯᠡᠰ ᠤᠨ ᠬᠦᠭᠵᠢᠯᠳᠡ ᠶᠢ ᠰᠢᠨ᠎ᠡ ᠮᠠᠶ᠋ᠢᠭ ᠤᠨ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠲᠤᠯᠭᠠᠭᠤᠷᠢ ᠠᠵᠥ ᠦᠢᠯᠡᠰ ᠪᠤᠯᠭᠠᠬᠤ ᠪᠠᠷ ᠴᠢᠷᠮᠠᠶᠢᠬᠤ ᠬᠡᠷᠡᠭᠳᠡᠢ ᠬᠡᠪᠡ᠃      ᠬᠤᠷᠠᠯ ᠠᠴᠠ ᠵᠢᠭᠠᠵᠥ ᠭᠠᠷᠭᠠᠭᠰᠠᠠ ᠨᠢ᠂ ᠰᠢᠨᠵᠢᠯᠡᠬᠦ ᠤᠬᠠᠭᠠᠨᠴᠢ ᠰᠢᠯᠭᠠᠨ ᠦᠨᠡᠯᠡᠬᠦ ᠠᠷᠭ᠎ᠠ ᠪᠤᠯᠤᠨ ᠬᠦᠢᠴᠡᠳᠭᠡᠬᠦ ᠲᠤᠭ᠎ᠠ ᠶᠢᠨ ᠰᠢᠰᠲ᠋ᠧᠮᠵᠢ ᠶᠢ ᠪᠠᠶᠢᠭᠤᠯᠬᠤ ᠪᠤᠯ ᠬᠠᠤᠯᠢᠵᠢᠯ ᠵᠠᠰᠠᠭ ᠤᠨ ᠤᠷᠳᠤᠨ ᠢ ᠪᠠᠶᠢᠭᠤᠯᠬᠤ ᠴᠢᠬᠤᠯᠠ ᠪᠠᠳᠤᠯᠠᠭ᠎ᠠ ᠮᠥᠨ᠃ ᠡᠯ᠎ᠡ ᠱᠠᠳᠤᠨ ᠤ ᠵᠠᠰᠠᠭ ᠤᠨ ᠤᠷᠳᠤᠨ ᠤᠯᠤᠰ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠰᠢᠨᠵᠢᠯᠡᠬᠦ ᠤᠬᠠᠭᠠᠨᠴᠢ ᠵᠢᠷᠤᠮᠵᠢᠯ ᠲᠠᠢ ᠰᠢᠯᠭᠠᠨ ᠦᠨᠡᠯᠡᠬᠦ ᠰᠢᠰᠲ᠋ᠧᠮᠵᠢ ᠶᠢ ᠲᠤᠭᠳᠠᠭᠠᠵᠥ᠂ ᠰᠢᠯᠭᠠᠨ ᠦᠨᠡᠯᠡᠬᠦ ᠠᠵᠢᠯ ᠢ ᠬᠠᠤᠯᠢᠵᠢᠭᠰᠠᠠ᠂ ᠵᠢᠷᠤᠮᠵᠢᠭᠰᠠᠠ᠂ ᠲᠦᠷᠢᠮᠵᠢᠭᠰᠡᠡ ᠵᠠᠮ ᠳᠤ ᠤᠷᠤᠭᠤᠯᠬᠤ ᠬᠡᠷᠡᠭᠳᠡᠢ᠃ ᠢᠯᠠ ᠪᠠᠶᠢᠬᠤ᠂ ᠪᠤᠰᠤᠳᠴᠢ ᠲᠦᠪ ᠭᠤᠤᠯᠴᠢ ᠪᠠᠶᠢᠬᠤ᠂ ᠱᠠᠳᠤ ᠬᠤᠪᠢᠶᠠᠨ ᠬᠠᠷᠢᠭᠤᠴᠠᠬᠤ᠂ ᠲᠦᠷᠦᠯ ᠬᠤᠪᠢᠶᠠᠨ ᠬᠡᠷᠡᠭᠵᠢᠬᠦᠯᠬᠦ᠂ ᠤᠯᠠᠨ ᠢᠶᠠᠷ ᠢᠶᠠᠨ ᠤᠷᠤᠯᠴᠠᠬᠤ ᠵᠠᠷᠴᠢᠮ ᠢᠶᠠᠷ᠂ ᠬᠠᠤᠯᠢ ᠲᠦᠷᠢᠮ ᠶᠤᠰᠤᠭᠠᠷ ᠰᠢᠨᠵᠢᠯᠡᠬᠦ ᠤᠬᠠᠭᠠᠨᠴᠢ ᠪᠠᠷ ᠰᠢᠯᠭᠠᠨ ᠦᠨᠡᠯᠡᠵᠥ᠂ ᠬᠠᠤᠯᠢᠵᠢᠯ ᠵᠠᠰᠠᠭ ᠤᠨ ᠤᠷᠳᠤᠨ ᠤ ᠪᠠᠶᠢᠭᠤᠯᠤᠯᠳᠠ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠳᠡᠢ ᠬᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠵᠠᠰᠠᠭ ᠵᠠᠬᠢᠷᠭᠠᠨ ᠤ ᠰᠢᠳᠬᠡᠯ ᠦᠭᠬᠦ ᠡᠷᠬᠡ ᠶᠢᠨ ᠪᠠᠷᠢᠮᠵᠢᠶ᠎ᠠ ᠶᠢ ᠵᠢᠷᠤᠮᠵᠢᠭᠤᠯᠬᠤ ᠪᠤᠯ ᠵᠠᠰᠠᠭ ᠵᠠᠬᠢᠷᠭᠠᠨ ᠤ ᠰᠢᠳᠬᠡᠯ ᠤᠨ ᠵᠤᠬᠢᠰᠲᠠᠢ ᠡᠰᠡᠬᠦ ᠳᠤ ᠬᠢᠨᠠᠯᠲᠠ ᠲᠠᠯᠪᠢᠬᠤ ᠴᠢᠬᠤᠯᠠ ᠠᠷᠭ᠎ᠠ ᠬᠡᠮᠵᠢᠶ᠎ᠡ ᠪᠠ ᠠᠷᠭ᠎ᠠ ᠪᠠᠷᠢᠯ ᠪᠤᠯᠤᠨ᠎ᠠ᠂ ᠬᠠᠤᠯᠢ ᠶᠤᠰᠤᠨ ᠤ ᠵᠠᠰᠠᠭ ᠵᠠᠬᠢᠷᠭ᠎ᠠ᠂ ᠵᠦᠢ ᠵᠤᠬᠢᠰᠲᠠᠢ ᠵᠠᠰᠠᠭ ᠵᠠᠬᠢᠷᠭ᠎ᠠ᠂ ᠲᠦᠪ ᠭᠤᠤᠯᠴᠢ ᠬᠠᠤᠯᠢ ᠬᠡᠷᠡᠭᠵᠢᠭᠦᠯᠬᠦ ᠶᠢ ᠪᠦᠬᠦ ᠲᠠᠯ᠎ᠠ ᠪᠠᠷ ᠠᠬᠢᠭᠤᠯᠬᠤ᠂ ᠬᠠᠤᠯᠢᠵᠢᠯ ᠵᠠᠰᠠᠭ ᠤᠨ ᠤᠷᠳᠤᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠳᠤ ᠴᠢᠬᠤᠯᠠ ᠠᠴᠢ ᠬᠤᠯᠪᠤᠭᠳᠠᠯ ᠲᠠᠢ᠃ ᠡᠯ᠎ᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠦᠴᠢᠷ ᠳᠤᠭᠲᠠᠭᠠᠯ ᠤᠨ ᠬᠡᠪᠴᠢᠶ᠎ᠡ᠂ ᠲᠦᠷᠦᠯ ᠵᠦᠢᠯ᠂ ᠬᠡᠮᠵᠢᠶ᠎ᠡ ᠶᠢ ᠦᠨᠳᠦᠰᠦᠯᠡᠨ ᠵᠠᠰᠠᠭ ᠵᠠᠬᠢᠷᠭᠠᠨ ᠤ ᠰᠢᠳᠬᠡᠯ ᠢ ᠬᠡᠷᠡᠭᠵᠢᠭᠦᠯᠵᠦ᠂ ᠲᠦᠪ ᠭᠤᠤᠯᠴᠢ ᠪᠠᠷ ᠬᠠᠤᠯᠢ ᠬᠡᠷᠡᠭᠵᠢᠭᠦᠯᠵᠦ᠂ ᠬᠤᠯᠪᠤᠭᠳᠠᠬᠤ ᠬᠦᠮᠦᠨ ᠤ ᠬᠠᠤᠯᠢ ᠶᠤᠰᠤᠨ ᠤ ᠡᠷᠬᠡ ᠠᠰᠢᠭ ᠢ ᠦᠨᠡᠨᠬᠦ ᠪᠠᠲᠤᠯᠠᠵᠤ᠂ ᠬᠠᠤᠯᠢ ᠴᠠᠭᠠᠵᠠ ᠶᠢᠨ ᠡᠷᠬᠡ ᠰᠦᠷ ᠢ ᠬᠠᠮᠠᠭᠠᠯᠠᠬᠤ ᠬᠡᠷᠡᠭᠲᠡᠢ ᠭᠡᠪᠡ᠃      ᠬᠤᠷᠠᠯ ᠠᠴᠠ ᠱᠠᠭᠠᠷᠳᠠᠭᠰᠠᠨ ᠨᠢ᠂ ᠵᠠᠷᠭᠤ ᠬᠦᠯᠢᠶᠡᠬᠦ ᠠᠵᠢᠯ ᠢ ᠰᠠᠶᠢᠳᠤᠷ ᠬᠢᠪᠡᠯ ᠬᠠᠤᠯᠢ ᠶᠤᠰᠤᠭᠠᠷ ᠨᠡᠶᠢᠭᠡᠮ ᠤᠨ ᠵᠦᠷᠢᠴᠡᠯ ᠵᠢᠭᠤᠷᠠᠭᠠᠨ ᠢ ᠪᠦᠲᠦᠮᠵᠢᠲᠡᠢ ᠰᠢᠢᠳᠪᠦᠷᠢᠯᠡᠬᠦ᠂ ᠵᠠᠰᠠᠭ ᠵᠠᠷᠬᠢᠭᠠᠨ ᠤ ᠠᠵᠢᠯᠯᠠᠭ᠎ᠠ ᠶᠢ ᠵᠢᠷᠤᠮᠵᠢᠭᠤᠯᠬᠤ᠂ ᠵᠠᠰᠠᠭ ᠤᠨ ᠤᠷᠳᠤᠨ ᠤ ᠬᠤᠪᠢ ᠪᠡᠶ᠎ᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠳᠤ ᠴᠢᠬᠤᠯᠠ ᠠᠴᠢ ᠬᠤᠯᠪᠤᠭᠳᠠᠯ ᠲᠠᠢ᠃ ᠡᠯ᠎ᠡ ᠱᠠᠲᠤᠨ ᠤ ᠵᠠᠰᠠᠭ ᠵᠠᠬᠢᠷᠭᠠᠨ ᠤ ᠠᠯᠪᠠᠨ ᠪᠠᠶᠢᠭᠤᠯᠤᠯᠭ᠎ᠠ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠴᠢᠬᠤᠯᠠ ᠪᠠᠶᠢᠷᠢᠨ ᠳᠤ ᠲᠠᠯᠪᠢᠵᠤ᠂ ᠵᠠᠷᠭᠤ ᠬᠦᠯᠢᠶᠡᠬᠦ ᠴᠢᠳᠠᠪᠤᠷᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠠᠷᠠᠳ ᠤᠨ ᠰᠢᠬᠦᠬᠦ ᠬᠤᠷᠢᠶᠠᠨ ᠠᠴᠠ ᠵᠠᠰᠠᠭ ᠵᠠᠷᠬᠢᠭᠠᠨ ᠤ ᠬᠡᠷᠡᠭ ᠢ ᠬᠦᠯᠢᠶᠡᠨ ᠠᠪᠴᠤ ᠰᠢᠢᠳᠪᠦᠷᠢᠯᠡᠬᠦ ᠪᠠ ᠰᠢᠬᠦᠬᠦ ᠶᠢ ᠳᠡᠮᠵᠢᠬᠦ ᠬᠡᠷᠡᠭᠲᠡᠢ᠃ ᠵᠠᠰᠠᠭ ᠵᠠᠬᠢᠷᠭᠠᠨ ᠤ ᠪᠠᠶᠢᠭᠤᠯᠤᠯᠭ᠎ᠠ ᠶᠢᠨ ᠬᠠᠷᠢᠭᠤᠴᠠᠯᠭᠠᠲᠠᠳ ᠵᠠᠰᠠᠭ ᠵᠠᠬᠢᠷᠭᠠᠨ ᠤ ᠵᠠᠷᠭᠤ ᠬᠦᠯᠢᠶᠡᠬᠦ ᠬᠠᠷᠢᠭᠤᠴᠠᠯᠭ᠎ᠠ ᠶᠢ ᠳᠠᠭᠠᠭᠤᠯᠤᠨ ᠬᠦᠢᠴᠡᠳᠬᠡᠵᠦ᠂ ᠤᠬᠠᠮᠰᠠᠷ ᠠᠴᠠ ᠪᠠᠨ ᠬᠠᠤᠯᠢ ᠴᠠᠭᠠᠵᠠ ᠶᠢᠨ ᠡᠷᠬᠡ ᠰᠦᠷ ᠢ ᠬᠠᠮᠠᠭᠠᠯᠠᠬᠤ ᠬᠡᠷᠡᠭᠲᠡᠢ ᠭᠡᠪᠡ᠃ ᠬᠤᠷᠠᠯ ᠠᠴᠠ ᠪᠠᠰᠠ ᠦᠪᠡᠷᠲᠡᠭᠡᠨ ᠵᠠᠰᠠᠬᠤ ᠤᠷᠤᠨ ᠤ ᠰᠢᠭᠤᠳ ᠬᠠᠷᠢᠶ᠎ᠠ ᠰᠠᠯᠠᠭ᠎ᠠ ᠮᠦᠴᠢᠷ ᠤᠨ ᠬᠠᠷᠢᠶ᠎ᠠ ᠠᠵᠤ ᠠᠬᠤᠶᠢᠯᠠᠯ ᠤᠨ ᠬᠠᠷᠢᠴᠠᠭ᠎ᠠ ᠪᠠᠨ ᠰᠠᠯᠭᠠᠬᠤ ᠦᠭᠡᠷᠡᠴᠢᠯᠡᠯᠲᠡ ᠪᠠ ᠡᠵᠡᠩᠨᠡᠯᠲᠡ ᠶᠢᠨ ᠴᠢᠨᠠᠷ ᠲᠠᠢ ᠤᠯᠤᠰ ᠤᠨ ᠦᠮᠴᠢᠯᠠᠯ ᠤᠨ ᠡᠳ᠋ ᠬᠦᠷᠦᠩᠭᠡ ᠶᠢ ᠲᠦᠪᠯᠡᠷᠡᠭᠦᠯᠦᠨ ᠨᠢᠭᠡᠳᠦᠯᠲᠡᠢ ᠬᠢᠨᠡᠨ ᠬᠠᠮᠢᠶᠠᠷᠬᠤ ᠠᠵᠢᠯ ᠤᠨ ᠲᠦᠰᠦᠯ᠂ ᠬᠦᠯᠦᠨ ᠪᠤᠶᠢᠷ ᠤᠨ ᠳᠤᠮᠳᠠᠳᠤ ᠤᠷᠤᠰ ᠮᠤᠩᠭᠤᠯ ᠯᠤᠭ᠎ᠠ ᠶᠢᠨ ᠬᠠᠮᠲᠤᠷᠠᠯᠴᠠᠭᠠᠨ ᠤ ᠵᠠᠮᠴᠢᠯᠠᠬᠤ ᠲᠤᠭᠤᠷᠢᠭ ᠤᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠰᠠᠨᠠᠯ ᠤᠳ᠂ ᠦᠪᠡᠷᠲᠡᠭᠡᠨ ᠵᠠᠰᠠᠬᠤ ᠤᠷᠤᠨ ᠤ ᠡᠳ᠋ ᠤᠨ ᠵᠠᠰᠠᠭ ᠤᠨ ᠰᠢᠨᠵᠢᠯᠡᠭᠡᠨ ᠤ ᠲᠦᠷᠦᠯ ᠵᠦᠢᠯ ᠤᠨ ᠪᠡᠯᠡ ᠮᠦᠩᠭᠦ ᠶᠢᠨ ᠬᠠᠮᠢᠶᠠᠷᠤᠯᠲᠠ ᠶᠢ ᠤᠯᠠᠮ ᠴᠢᠨᠠᠭᠰᠢᠲᠠ ᠲᠡᠭᠦᠯᠳᠡᠷᠵᠢᠭᠦᠯᠬᠦ ᠵᠡᠷᠭᠡ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠰᠠᠨᠠᠯ ᠢ ᠰᠤᠳᠤᠯᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号