2017 ᠣᠨ ᠳᠤ᠂ ᠪᠠᠶᠠᠨᠨᠠᠭᠤᠷ ᠬᠤᠲᠠ ᠨᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ | ᠡᠪᠡᠳᠴᠢᠨ ᠤ ᠳᠠᠭᠠᠳᠬᠠᠯ ᠤᠨ ᠰᠢᠨ᠎ᠡ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠪᠠᠷ ᠪᠠᠶᠢᠨ᠎ᠠ᠃ ᠦᠢᠷ᠎ᠠ ᠳᠤ᠂ | ᠪᠠᠶᠠᠨᠨᠠᠭᠤᠷ ᠬᠤᠲᠠ ︽ᠪᠠᠶᠠᠨᠨᠠᠭᠤᠷ ᠬᠤᠲᠠ ᠶᠢᠨ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ | ᠡᠪᠡᠳᠴᠢᠨ ᠤ ᠳᠠᠭᠠᠳᠬᠠᠯ ᠤᠨ ᠬᠡᠷᠡᠭᠵᠢᠭᠦᠯᠬᠦ ᠠᠷᠭ᠎ᠠ︾ ᠢ ᠨᠡᠶᠢᠲᠡᠯᠡᠪᠡ᠂ ᠡᠮᠬᠢᠯᠡᠨ ᠨᠡᠶᠢᠯᠡᠭᠦᠯᠦᠭᠰᠡᠨ ᠤ ᠳᠠᠷᠠᠭᠠᠬᠢ | ᠬᠦᠨᠳᠦ ᠡᠪᠡᠳᠴᠢᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠨᠢ ᠡᠬᠢᠯᠡᠵᠦ ᠥᠭᠬᠦ ᠬᠢᠵᠠᠭᠠᠷ ᠢ | ᠳᠣᠷᠣᠭᠰᠢᠯᠠᠭᠤᠯᠵᠤ᠂ ᠲᠠᠩᠰᠠ ᠲᠠᠶᠢᠯᠬᠤ ᠬᠠᠷᠢᠴᠠᠯ ᠵᠢᠴᠢ ᠲᠡᠩᠰᠠᠠ ᠠᠴᠠ ᠳᠠᠶᠢᠯᠠᠬᠤ ᠳᠡᠭᠡᠳᠦ ᠬᠢᠵᠠᠭᠠᠷ ᠢ | ᠳᠡᠭᠡᠭᠰᠢᠯᠡᠭᠦᠯᠦᠨ᠂ ᠭᠡᠷ ᠪᠦᠯᠢ ᠶᠢᠨ ᠭᠠᠶ ᠭᠠᠮᠰᠢᠭ ᠤᠨ ᠴᠢᠨᠠᠷᠲᠠᠶ ᠡᠮᠴᠢᠯᠡᠭᠡᠨ ᠤ ᠵᠠᠷᠤᠳᠠᠯ ᠢ ᠬᠠᠮᠤᠭ ᠤᠨ ᠶᠡᠭᠡ | ᠬᠡᠮᠵᠢᠶ᠎ᠡ ᠪᠠᠷ ᠪᠠᠭᠠᠰᠬᠠᠵᠤ᠂ ᠬᠤᠪᠢ ᠬᠥᠮᠦᠨ ᠤ ᠡᠮᠴᠢᠯᠡᠭᠡᠨ ᠤ ᠵᠠᠷᠤᠳᠠᠯ ᠤᠨ ᠳᠠᠷᠤᠭᠠᠰᠤ ᠶᠢ ᠬᠥᠩᠭᠡᠯᠡᠨ᠂ | ᠡᠪᠡᠳᠴᠢᠨ ᠠᠴᠠ ᠪᠤᠯᠵᠤ ᠶᠠᠳᠠᠭᠤᠷᠠᠬᠤ᠂ ᠡᠪᠡᠳᠴᠢᠨ ᠤ ᠬᠠᠷᠠᠭ᠎ᠠ ᠪᠠᠷ ᠳᠠᠭᠢᠵᠤ ᠶᠠᠳᠠᠭᠤᠷᠠᠬᠤ ᠶᠠᠪᠤᠳᠠᠯ ᠢ | ᠪᠦᠲᠦᠮᠵᠢᠲᠡᠢ ᠰᠡᠷᠭᠡᠶᠢᠯᠡᠬᠦ ᠪᠣᠯᠣᠨ᠎ᠠ᠃ | ᠡᠬᠢᠯᠡᠵᠦ ᠥᠭᠬᠦ ᠬᠢᠵᠠᠭᠠᠷ | ᠪᠠᠶᠠᠨᠨᠠᠭᠤᠷ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠬᠢᠷᠢ ᠬᠡᠮᠵᠢᠶ᠎ᠡ ᠶᠢ | ᠦᠨᠳᠦᠰᠦᠯᠡᠨ᠂ ᠬᠦᠨᠳᠦ ᠡᠪᠡᠳᠴᠢᠨ ᠤ ᠳᠠᠭᠠᠳᠬᠠᠯ ᠤᠨ ᠡᠬᠢᠯᠡᠵᠦ ᠥᠭᠬᠦ ᠬᠢᠵᠠᠭᠠᠷ ᠢ 1.5 ᠲᠦᠮᠡᠨ | ᠲᠥᠭᠦᠷᠢᠭ ᠢᠶᠠᠷ ᠶᠡᠷᠦᠩᠬᠡᠶᠢᠯᠡᠨ ᠲᠣᠭᠲᠠᠭᠠᠪᠠ᠃ | ᠳᠠᠩᠰᠠ ᠲᠠᠶᠢᠯᠬᠤ ᠬᠠᠷᠢᠴᠠᠯ | ᠬᠦᠨᠳᠦ ᠡᠪᠡᠳᠴᠢᠨ ᠤ ᠳᠠᠭᠠᠳᠬᠠᠯ ᠤᠨ ᠵᠠᠷᠤᠳᠠᠯ ᠥᠭᠬᠦ ᠬᠠᠷᠢᠴᠠᠯ᠂ ᠡᠬᠢᠯᠡᠵᠦ ᠥᠭᠬᠦ ᠬᠢᠵᠠᠭᠠᠷ ᠨᠢ 5 | ᠲᠦᠮᠡᠨ ᠲᠥᠭᠦᠷᠢᠭ ᠪᠣᠯ 75% ᠠᠴᠠ ᠳᠣᠤᠷ᠎ᠠ ᠦᠭᠡᠢ ᠪᠠᠷ ᠲᠥᠯᠥᠪᠦᠷᠢ ᠥᠭᠭᠦᠨ᠎ᠡ︔ 5 ᠲᠦᠮᠡᠨ | ᠲᠥᠭᠦᠷᠢᠭ ᠠᠴᠠ ᠳᠡᠭᠡᠭᠰᠢ ᠪᠦᠭᠡᠳ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠦᠶᠳᠬᠡᠯ ᠤᠨ ᠳᠡᠭᠡᠳᠦ | ᠬᠢᠵᠠᠭᠠᠷ ᠬᠦᠷᠦᠭᠰᠡᠨ ᠪᠣᠯ 85% ᠪᠠᠷ ᠲᠥᠯᠥᠪᠦᠷᠢ ᠥᠭᠭᠦᠨ᠎ᠡ︔ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ | ᠰᠦᠶᠳᠬᠡᠯ ᠤᠨ ᠳᠡᠭᠡᠳᠦ ᠬᠢᠵᠠᠭᠠᠷ ᠨᠢ 20 ᠲᠦᠮᠡᠨ ᠲᠥᠭᠦᠷᠢᠭ ᠠᠴᠠ ᠳᠡᠭᠡᠭᠰᠢ ᠪᠦᠭᠡᠳ ᠲᠣᠭᠲᠠᠭᠠᠯ ᠳᠤ ᠨᠡᠶᠢᠴᠡᠬᠦ | ᠡᠮᠴᠢᠯᠡᠭᠡᠨ ᠤ ᠵᠠᠷᠤᠳᠠᠯ ᠢ ᠪᠣᠯ 95% ᠪᠠᠷ ᠲᠥᠯᠥᠪᠦᠷᠢ ᠥᠭᠭᠦᠨ᠎ᠡ᠃ | ᠳᠠᠩᠰᠠ ᠲᠠᠶᠢᠯᠬᠤ ᠬᠢᠵᠠᠭᠠᠷ ᠲᠤᠭ᠎ᠠ | ᠬᠦᠨᠳᠦ ᠡᠪᠡᠳᠴᠢᠨ ᠤ ᠳᠠᠭᠠᠳᠬᠠᠯ ᠤᠨ ᠲᠥᠯᠥᠪᠦᠷᠢ ᠰᠦᠶᠳᠬᠡᠯ ᠤᠨ ᠳᠡᠭᠡᠳᠦ ᠬᠢᠵᠠᠭᠠᠷ ᠨᠢ 30 ᠲᠦᠮᠡᠨ | ᠲᠥᠭᠦᠷᠢᠭ ᠪᠣᠯᠤᠨ᠎ᠠ᠃ ᠤᠤᠯ ᠤᠨ ᠬᠥᠳᠡᠭᠡ ᠲᠣᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ᠂ ᠬᠤᠳᠠ | ᠪᠠᠯᠭᠠᠰᠤᠨ ᠤ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠤᠨ ᠳᠠᠩᠰᠠ ᠲᠠᠶᠢᠯᠬᠤ ᠳᠡᠭᠡᠳᠦ | ᠬᠢᠵᠠᠭᠠᠷ ᠢ ᠲᠤᠰ ᠲᠤᠰ ᠤᠤᠯ ᠤᠨ 15 ᠲᠦᠮᠡᠨ ᠲᠥᠭᠦᠷᠢᠭ᠂ 8 ᠲᠦᠮᠡᠨ ᠲᠥᠭᠦᠷᠢᠭ ᠪᠠᠶᠢᠭᠰᠠᠨ ᠠᠴᠠ ᠨᠢ 30 | ᠲᠦᠮᠡᠨ ᠲᠥᠭᠦᠷᠢᠭ ᠪᠣᠯᠭᠠᠨ ᠳᠡᠭᠡᠭᠰᠢᠯᠡᠭᠦᠯᠦᠨ᠎ᠡ᠃ | ᠪᠡᠯᠡ ᠮᠥᠩᠭᠦ ᠴᠤᠭᠯᠠᠭᠤᠯᠬᠤ ᠪᠠᠷᠢᠮᠵᠢᠶ᠎ᠠ | ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠤᠨ ᠰᠠᠭᠤᠷᠢ ᠮᠥᠩᠭᠦ ᠶᠢ | ᠳᠡᠭᠡᠷ᠎ᠡ ᠵᠢᠯ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠨᠡᠯᠭᠡ ᠶᠢᠨ ᠳᠠᠭᠠᠳᠬᠠᠯ ᠤᠨ | ᠰᠠᠭᠤᠷᠢ ᠮᠥᠩᠭᠦᠨ ᠤ ᠬᠥᠮᠦᠨ ᠳᠤᠮᠳᠠᠴᠢ ᠶᠢᠨ ᠪᠠᠯᠠ ᠴᠤᠭᠯᠠᠭᠤᠯᠬᠤ ᠪᠠᠷᠢᠮᠵᠢᠶ᠎ᠠ ᠶᠢᠨ 5% ᠠᠴᠠ ᠳᠣᠣᠷ᠎ᠠ | ᠦᠭᠡᠢ ᠪᠠᠷ ᠴᠤᠭᠯᠠᠭᠤᠯᠤᠨ᠎ᠠ᠂ ᠪᠠᠶᠠᠨᠨᠠᠭᠤᠷ ᠬᠤᠳᠠ ᠶᠢᠨ ᠪᠡᠯᠡ ᠮᠥᠩᠭᠦ ᠴᠤᠭᠯᠠᠭᠤᠯᠬᠤ ᠪᠠᠷᠢᠮᠵᠢᠶ᠎ᠠ ᠨᠢ ᠬᠥᠮᠦᠨ | ᠨᠢᠭᠡᠪᠦᠷᠢ ᠵᠢᠯ ᠪᠦᠷᠢ 30 ᠲᠥᠭᠦᠷᠢᠭ ᠪᠣᠯᠤᠨ᠎ᠠ᠃ ᠬᠦᠨᠳᠦ ᠡᠪᠡᠳᠴᠢᠨ ᠤ ᠳᠠᠭᠠᠳᠬᠠᠯ ᠤᠨ ᠪᠡᠯᠡ ᠮᠥᠩᠭᠦ ᠶᠢ ᠡᠩ | ᠲᠡᠷᠢᠭᠦᠨ ᠳᠤ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠨᠢᠭᠡᠳᠦᠯᠲᠡᠶ | ᠲᠥᠯᠥᠪᠯᠡᠬᠦ ᠰᠠᠭᠤᠷᠢ ᠮᠥᠩᠭᠦ ᠶᠢᠨ ᠳᠣᠲᠣᠷ᠎ᠠ ᠠᠴᠠ ᠭᠠᠷᠭᠠᠨ᠎ᠠ᠂ ᠬᠤᠪᠢ ᠬᠥᠮᠦᠨ ᠳᠠᠭᠠᠳᠬᠠᠯ ᠤᠨ ᠰᠦᠢᠳᠬᠡᠯ | ᠲᠤᠰᠢᠶᠠᠬᠤ ᠦᠭᠡᠢ᠃ | ᠬᠠᠷᠠᠭᠠᠯᠵᠠᠯ ᠤᠨ ᠲᠥᠷᠥ ᠶᠢᠨ ᠪᠤᠳᠦᠯᠭ᠎ᠠ | ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠢ ᠬᠥᠮᠦᠨ ᠠᠮᠠ ᠶᠢᠨ ᠬᠦᠨᠳᠦ | ᠡᠪᠡᠳᠴᠢᠨ ᠤ ᠳᠠᠭᠠᠳᠬᠠᠯ ᠤᠨ ᠳᠠᠩᠰᠠ ᠲᠠᠶᠢᠯᠬᠤ ᠳᠤ ᠡᠬᠢᠯᠡᠵᠦ ᠥᠭᠬᠦ ᠬᠢᠵᠠᠭᠠᠷ ᠢ ᠡᠩ ᠤᠨ ᠳᠠᠭᠠᠳᠬᠠᠯ ᠳᠤ | ᠣᠷᠣᠯᠴᠠᠭᠰᠠᠨ ᠰᠠᠭᠤᠭᠠᠯᠢ ᠠᠷᠠᠳ ᠤᠨ ᠰᠠᠭᠤᠷᠢᠨ ᠳᠡᠭᠡᠷ᠎ᠡ ᠳᠠᠬᠢᠨ ᠨᠢᠭᠡ ᠤᠳᠠᠭ᠎ᠠ 50% ᠪᠠᠷ ᠪᠠᠭᠤᠷᠠᠭᠤᠯᠵᠤ᠂ | ᠬᠡᠰᠡᠭ ᠬᠤᠪᠢᠶᠠᠨ ᠳᠠᠩᠰᠠ ᠲᠠᠶᠢᠯᠬᠤ ᠬᠠᠷᠢᠴᠠᠯ ᠢ ᠬᠡᠰᠡᠭ ᠪᠦᠷᠢ 5 ᠵᠠᠭᠤᠨ ᠤ ᠴᠡᠭ ᠢᠶᠠᠷ ᠳᠡᠭᠡᠭᠰᠢᠯᠡᠭᠦᠯᠵᠦ᠂ ᠡᠯ᠎ᠡ | ᠵᠦᠢᠯ ᠤᠨ ᠠᠬᠢᠭᠤᠯᠤᠨ ᠨᠡᠮᠡᠵᠦ ᠨᠥᠬᠦᠪᠥᠷᠢ ᠥᠭᠬᠦ ᠬᠠᠷᠢᠴᠠᠯ ᠢ ᠬᠠᠮᠤᠭ ᠤᠨ ᠥᠨᠳᠥᠷ ᠲᠡᠭᠡᠨ 95% ᠠᠴᠠ | ᠳᠠᠪᠠᠭᠤᠯᠬᠤ ᠤᠶᠢᠭᠡᠢ᠃ ᠣᠨᠴᠠ ᠬᠦᠴᠢᠷᠳᠡᠯᠲᠡᠶ ᠠᠰᠠᠷᠠᠭᠤᠯᠤᠨ ᠲᠡᠵᠢᠭᠡᠯᠭᠡᠵᠦ ᠪᠠᠶᠢᠭ᠎ᠠ ᠬᠥᠮᠦᠰ᠂ ᠥᠨᠥᠴᠢᠨ | ᠬᠡᠤᠬᠡᠳ ᠵᠢᠴᠢ ᠬᠦᠨᠳᠦ ᠵᠡᠮᠳᠡᠭᠴᠦᠳ ᠬᠤᠰᠢᠭᠤ ᠰᠢᠶᠠᠨ ᠤ ᠱᠠᠲᠤ᠂ ᠰᠤᠮᠤ ᠰᠢᠶᠠᠩ ᠪᠠᠯᠭᠠᠰᠤ ᠶᠢᠨ ᠱᠠᠲᠤᠨ ᠤ | ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠡᠮᠨᠡᠯᠭᠡ ᠳᠤ ᠰᠠᠭᠤᠵᠤ ᠡᠮᠴᠢᠯᠡᠭᠦᠯᠪᠡᠯ᠂ ᠡᠬᠢᠯᠡᠵᠦ ᠥᠭᠬᠦ | ᠱᠤᠭᠤᠮ ᠢ ᠬᠦᠴᠦᠨ ᠦᠭᠡᠢ ᠪᠣᠯᠭᠠᠵᠤ᠂ ᠰᠢᠭᠤᠳ ᠬᠠᠷᠢᠴᠠᠯ ᠶᠣᠰᠣᠭᠠᠷ ᠲᠠᠩᠰᠠ ᠲᠠᠶᠢᠯᠵᠤ ᠥᠭᠭᠦᠨ᠎ᠡ᠃ | |