ᠯᠢ ᠵᠢᠢ ᠡᡁᠧᠩ᠄ ᠬᠠᠨᠴᠤᠢ ᠰᠢᠮᠠᠯᠠᠨ ᠬᠦᠴᠦᠯᠡᠨ ᠴᠢᠷᠮᠠᠶᠢᠵᠥ ᠰᠢᠨᠳᠠᠰᠤ ᠡᠷᠴᠢᠯᠡᠨ ᠨᠠᠶᠢᠳᠠᠪᠤᠷᠢᠵᠢᠭᠤᠯᠤᠯᠳᠠ ᠶᠢ ᠠᠳᠬᠤᠵᠥ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠪᠠ ᠠᠵᠥ ᠠᠬᠤᠢ ᠨᠡᠶᠢᠭᠡᠮ ᠤᠨ ᠬᠦᠭᠵᠢᠯᠳᠡ ᠶᠢᠨ ᠰᠢᠨ᠎ᠡ ᠢᠯᠠᠯᠳᠡ ᠶᠢ ᠲᠠᠰᠤᠷᠠᠯᠳᠡ ᠦᠭᠡᠢ ᠲᠡᠮᠡᠴᠡᠨ ᠤᠯᠬᠤ ᠬᠡᠷᠡᠭᠳᠡᠢ
ᠨᠡᠶᠢᠲᠡᠯᠡᠭᠰᠡᠨ ᠴᠠᠭ᠄
2017/2/8
     2 ᠳ᠋ᠤᠭᠠᠷ ᠰᠠᠷ᠎ᠠ ᠶᠢᠨ 5᠎ ᠤ ᠦᠳᠡ ᠶᠢᠨ ᠬᠤᠶᠢᠨ᠎ᠠ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠯᠢ ᠵᠢᠢ ᠾᠧᠩ ᠲᠦᠷᠪᠡᠳ ᠬᠤᠰᠢᠭᠤᠨ ᠤ ᠬᠢᠷᠰᠡᠲᠠᠢ ᠪᠠᠯᠭᠠᠰᠤ ᠶᠢᠨ ᠲᠠᠩ ᠹᠠᠩ ᠪᠦᠸᠧ ᠽᠢ ᠲᠤᠰᠬᠤᠨ ᠤ ᠶᠠᠳᠠᠭᠤ ᠬᠦᠴᠢᠷᠳᠡᠯᠲᠠᠢ ᠡᠷᠦᠬᠡ ᠭᠦᠸᠧ ᠮᠤᠤ ᠰᠢᠶᠤᠤ ᠶᠢᠨ ᠬᠢᠨ ᠢ ᠡᠷᠬᠢᠨ ᠦᠵᠡᠵᠦ ᠲᠤᠬᠤᠨᠢᠭᠤᠯᠤᠨ᠂ ᠶᠠᠳᠠᠭᠤ ᠠᠴᠠ ᠠᠩᠬᠢᠵᠢᠷᠠᠭᠤᠯᠵᠤ ᠬᠠᠪᠰᠤᠷᠤᠨ ᠲᠠᠳᠬᠦᠬᠦ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠎ ᠢ ᠤᠶᠢᠯᠠᠭᠠᠪᠠ᠃      2 ᠳ᠋ᠤᠭᠠᠷ ᠰᠠᠷ᠎ᠠ ᠶᠢᠨ 5᠎ ᠠᠴᠠ 7᠎ ᠤ ᠡᠳᠤᠷ ᠪᠤᠯᠳᠠᠯ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠯᠢ ᠵᠢᠢ ᠡᡁᠧᠩ ᠤᠯᠠᠭᠠᠨᠴᠠᠪ ᠬᠤᠳᠠ ᠳᠤ ᠪᠠᠶᠢᠴᠠᠭᠠᠨ ᠰᠤᠳᠤᠯᠤᠯᠳᠡ ᠬᠢᠪᠡ᠃ ᠲᠠᠷᠡ ᠴᠢᠬᠤᠯᠠᠴᠢᠯᠠᠭᠰᠠᠨ ᠨᠢ᠂ ᠶᠡᠷᠤᠩᠬᠡᠢ ᠱᠦᠵᠢ ᠰᠢ ᠶᠢᠨ ᠫᠢᠩ ᠤᠨ ᠶᠠᠳᠠᠭᠤ ᠶᠢ ᠲᠡᠳᠬᠦᠵᠥ ᠨᠡᠬᠡᠬᠡᠨ ᠬᠦᠭᠵᠢᠬᠦᠯᠬᠦ ᠪᠠᠶᠢᠯᠳᠤᠬᠤ ᠪᠤᠳᠤᠯᠭ᠎ᠠ ᠶᠢᠨ ᠦᠵᠡᠯ ᠰᠠᠨᠠᠭ᠎ᠠ ᠶᠢ ᠬᠦᠨᠵᠡᠬᠡᠢ ᠲᠤᠤᠱᠯᠠᠭᠤᠯᠵᠥ᠂ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠡᠮ ᠤᠨ ᠲᠦᠯᠥᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠥ᠂ ᠨᠡᠩ ᠶᠡᠭᠡ ᠢᠳᠡᠬᠡᠯ ᠵᠤᠷᠢᠭ ᠪᠤᠯᠤᠨ ᠰᠦᠷ ᠬᠦᠴᠦᠨ ᠢᠶᠠᠷ᠂ ᠨᠡᠩ ᠴᠢᠩᠭ᠎ᠠ ᠠᠷᠭ᠎ᠠ ᠤᠬᠠᠭᠠᠨ ᠢᠶᠠᠷ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠠᠯᠳᠠ ᠶᠢ ᠵᠠᠪᠠᠯ ᠤᠯᠵᠥ᠂ ᠦᠭᠡᠷᠡᠴᠢᠯᠡᠯᠳᠡ ᠬᠦᠭᠵᠢᠯᠳᠡ ᠲᠤᠭᠳᠠᠭᠤᠨ ᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠵᠥ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠪᠤᠯᠤᠨ ᠠᠵᠥ ᠠᠬᠤᠢ ᠨᠡᠶᠢᠭᠡᠮ ᠤᠨ ᠬᠦᠭᠵᠢᠯᠳᠡ ᠶᠢᠨ ᠰᠢᠨ᠎ᠡ ᠢᠯᠠᠯᠳᠡ ᠶᠢ ᠲᠠᠰᠤᠷᠠᠯᠳᠡ ᠦᠭᠡᠢ ᠲᠡᠮᠡᠴᠡᠨ ᠤᠯᠬᠤ ᠬᠡᠷᠡᠭᠳᠡᠢ ᠬᠡᠵᠥ ᠴᠢᠬᠤᠯᠠᠴᠢᠯᠠᠪᠠ᠃      ᠴᠠᠭᠠᠨ ᠰᠠᠷ᠎ᠠ ᠶᠢᠨ ᠪᠠᠶᠠᠷ ᠪᠠᠭ᠋ᠠᠳᠤᠯ ᠤᠨ ᠲᠤᠮᠳᠠ᠂ ᠯᠢ ᠵᠢᠢ ᠡᡁᠧᠩ ᠲᠦᠷᠪᠡᠳ ᠬᠤᠰᠢᠭᠤ᠂ ᠴᠠᠬᠠᠷ ᠪᠠᠷᠠᠭᠤᠨ ᠭᠠᠷᠤᠨ ᠲᠤᠮᠳᠠᠳᠤ ᠬᠤᠰᠢᠭᠤ ᠪᠤᠯᠤᠨ ᠵᠢᠨᠢᠩ ᠲᠤᠭᠤᠷᠢᠭ ᠲᠤ ᠬᠦᠨᠵᠡᠬᠡᠶᠢᠷᠡᠨ ᠬᠦᠴᠢᠷᠳᠡᠯᠳᠡᠢ ᠤᠯᠠᠨ ᠲᠦᠮᠡᠨ ᠢ ᠡᠷᠬᠢᠨᠦᠵᠡᠵᠥ ᠳᠤᠬᠤᠨᠢᠭᠤᠯᠤᠨ᠂ ᠶᠠᠳᠠᠭᠤ ᠠᠴᠠ ᠠᠩᠬᠢᠵᠢᠷᠠᠭᠤᠯᠬᠤ᠂ ᠪᠤᠭᠤᠮᠳᠠ ᠰᠢᠪᠳᠤᠯᠬᠤ᠂ ᠠᠵᠥ ᠦᠢᠯᠡᠰ ᠤᠨ ᠬᠦᠭᠵᠢᠯᠳᠡ᠂ ᠠᠵᠥ ᠦᠢᠯᠡᠳᠪᠤᠷᠢ ᠶᠢᠨ ᠬᠦᠷᠢᠶᠡᠯᠡᠩ ᠲᠤᠭᠤᠷᠢᠭ ᠤᠨ ᠪᠦᠳᠦᠭᠡᠨ ᠪᠠᠶᠢᠭᠤᠯᠤᠯᠳᠠ᠂ ᠰᠠᠭᠤᠷᠢ ᠲᠦᠬᠦᠭᠡᠷᠤᠮᠵᠢ ᠶᠢᠨ ᠪᠦᠳᠦᠭᠡᠨ ᠪᠠᠶᠢᠭᠤᠯᠤᠯᠳᠠ᠂ ᠨᠡᠶᠢᠭᠡᠮ ᠤᠨ ᠵᠦᠷᠢᠴᠡᠯ ᠢ ᠪᠠᠶᠢᠴᠠᠭᠠᠨ ᠨᠠᠮᠳᠠᠭᠤᠯᠬᠤ ᠪᠡ ᠦᠨᠳᠦᠰᠦᠨ ᠱᠠᠳᠤᠨ ᠤ ᠵᠤᠬᠢᠶᠠᠨ ᠪᠠᠶᠢᠭᠤᠯᠤᠯᠳᠠ ᠶᠢᠨ ᠴᠤᠭᠴᠠᠯᠠᠯᠳᠡ ᠵᠡᠷᠬᠡ ᠪᠠᠶᠢᠳᠠᠯ ᠳᠤ ᠪᠠᠶᠢᠴᠠᠭᠠᠨ ᠰᠤᠳᠤᠯᠤᠯᠳᠡ ᠬᠢᠪᠡ᠃      ᠳᠦᠷᠪᠡᠳ ᠬᠤᠰᠢᠭᠤ ᠪᠤᠯ ᠤᠯᠤᠰ ᠤᠨ ᠳᠡᠰ ᠤᠨ ᠶᠠᠳᠠᠭᠤ ᠬᠦᠴᠢᠷᠳᠡᠯᠲᠠᠢ ᠬᠤᠰᠢᠭᠤ ᠪᠠᠶᠢᠵᠤ᠂ ᠴᠠᠭᠠᠨ ᠰᠠᠷ᠎ᠠ ᠳᠤ ᠶᠠᠳᠠᠭᠤ ᠬᠦᠴᠢᠷᠳᠡᠯᠲᠠᠢ ᠤᠯᠠᠨ ᠲᠦᠮᠡᠨ ᠤ ᠠᠮᠢᠳᠤᠷᠠᠯ ᠶᠠᠮᠠᠷ ᠪᠠᠶᠢᠳᠠᠭ ᠪᠤᠯ︖ ᠯᠢ ᠵᠢᠢ ᠾᠧᠩ ᠡᠬᠦᠨ ᠎ ᠢ ᠲᠦᠢᠯ ᠢᠶᠠᠷ ᠰᠠᠨᠠᠭᠠᠰᠢᠷᠠᠵᠤ ᠪᠠᠶᠢᠪᠠ᠃ ᠲᠡᠷᠡ ᠤᠷᠢᠳ ᠬᠤᠵᠢᠳ ᠵᠡᠭᠦᠨ ᠨᠠᠶᠢᠮᠠᠳᠤᠭᠠᠷ ᠰᠢᠶᠠᠩ ᠤᠨ ᠯᠢᠶᠠᠩ ᠳ᠋ᠢ ᠲᠤᠰᠬᠤᠨ ᠤ ᠶᠠᠳᠠᠭᠤ ᠬᠦᠴᠢᠷᠳᠡᠯᠲᠠᠢ ᠡᠷᠦᠬᠡ ᠭᠦᠸᠧ ᠯᠠᠨ ᠭᠧᠨ᠂ ᠬᠢᠷᠰᠡᠲᠠᠢ ᠪᠠᠯᠭᠠᠰᠤ ᠶᠢᠨ ᠲᠠᠩ ᠹᠠᠩ ᠪᠦᠸᠧ ᠽᠢ ᠲᠤᠰᠬᠤᠨ ᠤ ᠶᠠᠳᠠᠭᠤ ᠬᠦᠴᠢᠷᠳᠡᠯᠲᠠᠢ ᠡᠷᠦᠬᠡ ᠭᠦᠸᠧ ᠮᠤᠤ ᠰᠢᠶᠤᠤ ᠶᠢᠨ ᠭᠡᠷ ᠲᠤ ᠬᠦᠷᠴᠤ᠂ ᠲᠡᠳᠡᠨ ᠳᠤ ᠰᠠᠷ᠎ᠠ ᠰᠢᠨ᠎ᠠ ᠶᠢᠨ ᠮᠡᠨᠳᠦ ᠬᠦᠷᠭᠡᠭᠰᠡᠨ ᠪᠦᠭᠡᠳ ᠬᠠᠨᠵᠤᠨ ᠳᠡᠭᠡᠷ᠎ᠠ ᠨᠢ ᠰᠠᠭᠤᠯᠴᠠᠵᠤ ᠪᠠᠶᠢᠭᠠᠳ ᠬᠠᠮᠲᠦ ᠳᠠᠭᠠᠨ ᠶᠠᠳᠠᠭᠤ ᠶᠢ ᠳᠡᠳᠭᠦᠬᠦ ᠳᠠᠩᠰᠠ ᠪᠤᠳᠤᠵᠤ᠂ ᠶᠠᠳᠠᠭᠤ ᠠᠴᠠ ᠠᠩᠭᠢᠵᠢᠷᠠᠭᠤᠯᠬᠤ ᠠᠷᠭ᠎ᠠ ᠶᠢ ᠰᠤᠳᠤᠯᠪᠠ᠃ ᠵᠡᠭᠦᠨ ᠨᠠᠶᠢᠮᠠᠳᠤᠭᠠᠷ ᠰᠢᠶᠠᠩ ᠤᠨ ᠲᠸᠤ ᠬᠤᠤ ᠲᠤᠰᠬᠤᠨ ᠤ ᠶᠠᠳᠠᠭᠤ ᠠᠴᠠ ᠠᠩᠭᠢᠵᠢᠷᠠᠭᠰᠠᠨ ᠡᠷᠦᠬᠡ ᠴᠧᠩ ᠯᠢᠶᠠᠨ ᠸᠧᠢ ᠶᠢᠨ ᠭᠡᠷ ᠲᠤ ᠬᠦᠷᠴᠤ᠂ ᠲᠡᠳᠡᠨᠠᠶᠢᠬᠢᠨ ᠦᠩᠬᠡᠷᠡᠭᠰᠡᠨ ᠳᠤ ᠬᠤᠶᠠᠷ ᠬᠡᠤᠬᠡᠳ ᠤᠨ ᠢᠶᠠᠨ ᠰᠤᠷᠤᠯᠭ᠎ᠠ ᠶᠢᠨ ᠵᠠᠷᠤᠳᠠᠯ ᠠᠴᠠ ᠪᠤᠯᠵᠤ ᠶᠠᠳᠠᠭᠤᠷᠠᠵᠤ᠂ ᠤᠳᠤ ᠨᠢᠭᠡᠨᠲᠡ ᠶᠠᠳᠠᠭᠤ ᠠᠴᠠ ᠠᠩᠭᠢᠵᠢᠷᠠᠭᠰᠠᠨ ᠢ ᠮᠡᠳᠡᠭᠡᠳ ᠯᠢ ᠵᠢᠢ ᠾᠧᠩ ᠶᠡᠬᠡᠳᠡ ᠪᠠᠶᠠᠷᠯᠠᠵᠤ᠂ ᠴᠧᠩ ᠯᠢᠶᠠᠨ ᠸᠧᠢ ᠶᠢᠨ ᠶᠡᠭᠡ ᠰᠤᠷᠭᠠᠭᠤᠯᠢ ᠳᠤ ᠰᠤᠷᠤᠯᠴᠠᠵᠤ ᠪᠠᠶᠢᠭ᠎ᠠ ᠬᠦᠦ ᠶᠢ ᠴᠢᠷᠮᠠᠶᠢᠨ ᠰᠤᠷᠤᠯᠴᠠᠭᠠᠷᠠᠢ ᠭᠡᠵᠤ ᠵᠤᠷᠢᠭᠵᠢᠭᠤᠯᠤᠭᠰᠠᠨ ᠪᠦᠭᠡᠳ᠄ ︽︿ᠡᠷᠦᠬᠡ ᠭᠡᠷ ᠲᠤ ᠭᠠᠵᠠᠷ ᠲᠠᠷᠢᠶ᠎ᠠ ᠲᠦᠮᠡᠨ ᠴᠢᠩ ᠪᠠᠶᠢᠭᠰᠠᠨ ᠠᠴᠠ ᠦᠪᠡᠷ ᠤᠨ ᠪᠡᠶ᠎ᠠ ᠳᠡᠭᠡᠨ ᠦᠴᠦᠬᠡᠨ ᠡᠷᠳᠡᠮ ᠠᠭᠤᠯᠵᠤ ᠪᠠᠶᠢᠬᠤ ᠨᠢ ᠳᠡᠭᠡᠷ᠎ᠠ﹀ ᠶᠤᠮ᠂ ᠤᠷᠤᠨ ᠨᠤᠲᠤᠭ ᠤᠨ ᠨᠠᠮ ᠤᠨ ᠬᠤᠷᠢᠶ᠎ᠠ ᠵᠠᠰᠠᠭ ᠤᠨ ᠤᠷᠳᠤᠨ ᠦᠵᠡᠯ ᠰᠠᠨᠠᠭ᠎ᠠ ᠲᠠᠨᠢᠯᠲᠠ ᠶᠢᠨ ᠠᠵᠢᠯ ᠢ ᠠᠯᠤᠰ ᠬᠡᠳᠦ ᠶᠢᠨ ᠲᠤᠮᠤ ᠤᠴᠢᠷ ᠪᠤᠯᠭᠠᠨ ᠠᠳᠬᠤᠵᠤ᠂ ᠠᠯᠢ ᠨᠢᠭᠡᠨ ᠰᠤᠷᠤᠭᠴᠢ ᠶᠢ ᠴᠤ ᠶᠠᠳᠠᠭᠤ ᠠᠴᠠ ᠪᠤᠯᠵᠤ ᠰᠤᠷᠤᠯᠭ᠎ᠠ ᠠᠴᠠ ᠨᠢ ᠵᠤᠭᠰᠤᠭᠠᠵᠤ ᠪᠤᠯᠬᠤ ᠦᠭᠡᠢ᠂ ᠠᠯᠢ ᠨᠢᠭᠡᠨ ᠭᠡᠷ ᠪᠦᠯᠢ ᠶᠢ ᠴᠤ ᠰᠤᠷᠤᠯᠭ᠎ᠠ ᠶᠢᠨ ᠵᠠᠷᠤᠳᠠᠯ ᠠᠴᠠ ᠪᠤᠯᠵᠤ ᠶᠠᠳᠠᠭᠤᠷᠠᠭᠤᠯᠵᠤ ᠪᠤᠯᠬᠤ ᠦᠭᠡᠢ᠂ ᠶᠠᠳᠠᠭᠤ ᠬᠦᠴᠢᠷᠳᠡᠯ ᠦᠶ᠎ᠠ ᠳᠠᠷᠠᠭᠠᠯᠠᠨ ᠵᠠᠯᠭᠠᠮᠵᠢᠯᠠᠬᠳᠠᠬᠤ ᠶᠢ ᠦᠨᠡᠨᠬᠦ ᠬᠤᠷᠢᠭᠯᠠᠬᠤ ᠬᠡᠷᠡᠭᠲᠡᠢ︾ ᠬᠡᠵᠤ ᠬᠡᠯᠡᠭᠰᠡᠨ ᠪᠠᠶᠢᠨ᠎ᠠ᠃ ᠲᠠᠩ ᠹᠠᠩ ᠪᠦᠸᠧ ᠽᠢ ᠲᠤᠰᠬᠤᠨ ᠤ ᠵᠦᠪᠯᠡᠯ ᠳᠤ᠂ ᠯᠢ ᠵᠢᠢ ᠾᠧᠩ ᠬᠡᠰᠡᠭ ᠦᠨᠳᠦᠰᠦᠨ ᠱᠠᠳᠤᠨ ᠤ ᠺᠠᠳ᠋ᠷ᠂ ᠶᠠᠳᠠᠭᠤ ᠶᠢ ᠳᠡᠳᠭᠦᠬᠦ ᠠᠵᠢᠯᠲᠠᠨ ᠪᠤᠯᠤᠨ ᠶᠠᠳᠠᠭᠤ ᠬᠦᠴᠢᠷᠳᠡᠯᠲᠠᠢ ᠡᠷᠦᠬᠡ ᠶᠢᠨ ᠲᠦᠯᠦᠭᠡᠯᠡᠭᠴᠢ ᠲᠠᠢ ᠶᠠᠷᠢᠯᠴᠠᠬᠤ ᠶᠢᠨ ᠬᠠᠮᠲᠦ ᠬᠦᠮᠦᠨ ᠪᠦᠷᠢ ᠶᠢᠨ ᠶᠠᠷᠢᠶ᠎ᠠ ᠶᠢ ᠨᠠᠷᠢᠨ ᠬᠢᠨᠠᠮᠠᠭᠠᠢ ᠰᠤᠨᠤᠰᠴᠤ᠂ ᠤᠯᠠᠨ ᠤ ᠠᠵᠢᠯ ᠤᠨ ᠠᠮᠵᠢᠯᠳᠠ ᠶᠢ ᠭᠦᠢᠴᠡᠳ ᠨᠤᠲᠠᠯᠠᠵᠥ᠂ ᠶᠠᠳᠠᠭᠤ ᠬᠦᠴᠢᠷᠳᠡᠯᠲᠠᠢ ᠡᠷᠦᠬᠡ ᠶᠢᠨ ᠠᠮᠢᠳᠤᠷᠠᠯ ᠤᠨ ᠬᠤᠪᠢᠷᠠᠯᠲᠠ ᠶᠢ ᠦᠵᠡᠭᠡᠳ ᠦᠨᠡᠨ ᠰᠡᠳᠭᠢᠯ ᠠᠴᠠ ᠪᠠᠨ ᠪᠠᠶᠠᠷᠯᠠᠯ᠎ᠠ᠃ ᠲᠡᠷᠡ ᠴᠢᠬᠤᠯᠠᠴᠢᠯᠠᠭᠰᠠᠨ ᠨᠢ᠂ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠶᠢ ᠰᠢᠪᠲᠤᠯᠬᠤ ᠳᠤ ᠵᠠᠪᠠᠯ ᠤᠨᠢᠨ ᠲᠡᠭᠡᠷ᠎ᠡ ᠨᠢ ᠬᠢᠬᠦ ᠳᠤ ᠬᠦᠴᠦ ᠲᠠᠯᠪᠢᠨ ᠰᠢᠪᠲᠤᠯᠤᠯᠲᠠ ᠭᠠᠷᠭᠠᠬᠤ ᠪᠠᠷ ᠴᠢᠷᠮᠠᠶᠢᠵᠦ᠂ ᠡᠷᠦᠭᠡ ᠡᠷᠦᠬᠡ ᠬᠦᠮᠦᠨ ᠬᠦᠮᠦᠨ ᠢᠶᠠᠷ ᠬᠠᠪᠰᠤᠷᠤᠨ ᠲᠡᠳᠬᠦᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠦ᠂ ᠬᠠᠪᠰᠤᠷᠴᠤ ᠲᠡᠳᠬᠦᠬᠦ ᠡᠬᠢ ᠪᠠᠶᠠᠯᠢᠭ ᠢ ᠲᠤᠬᠢᠷᠠᠭᠤᠯᠤᠨ ᠠᠶᠢᠯ ᠡᠷᠦᠭᠡ ᠬᠦᠮᠦᠨ ᠠᠮᠠ ᠶᠢ ᠦᠨᠳᠦᠰᠦᠯᠡᠨ ᠬᠠᠪᠰᠤᠷᠴᠤ ᠲᠡᠳᠭᠦᠭᠦ ᠲᠦᠯᠦᠪᠵᠢᠬᠦᠯᠭᠡ ᠲᠤᠭᠲᠠᠭᠠᠵᠦ᠂ ᠬᠠᠪᠰᠤᠷᠴᠤ ᠲᠡᠳᠭᠦᠬᠦ ᠠᠷᠭ᠎ᠠ ᠬᠡᠮᠵᠢᠶ᠎ᠡ ᠶᠢ ᠬᠡᠷᠡᠭᠵᠢᠭᠦᠯᠤᠨ ᠶᠠᠳᠠᠭᠤ ᠶᠢ ᠲᠡᠳᠬᠦᠭᠦ ᠲᠦᠷᠦᠯ ᠵᠦᠢᠯ᠂ ᠪᠡᠯᠡ ᠮᠦᠡᠭᠭᠦ᠂ ᠠᠷᠭ᠎ᠠ ᠬᠡᠮᠵᠢᠶ᠎ᠡ ᠪᠠ ᠬᠦᠴᠦᠨ ᠴᠢᠳᠠᠯ ᠢ ᠪᠦᠷ ᠶᠠᠳᠠᠭᠤ ᠬᠦᠴᠢᠷᠳᠡᠯᠳᠠᠢ ᠬᠦᠮᠦᠨ ᠨᠢᠭᠡᠪᠤᠷᠢ ᠳᠤ ᠤᠨᠤᠪᠴᠢᠲᠠᠢ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠵᠦ᠂ ᠤᠨᠢᠨ ᠲᠡᠭᠡᠷ᠎ᠡ ᠨᠢ ᠲᠡᠳᠭᠦᠨ ᠦᠨᠳᠦᠰᠦᠨ ᠠᠴᠠ ᠨᠢ ᠲᠡᠳᠭᠦᠬᠦ ᠬᠡᠷᠡᠭᠲᠠᠢ ᠬᠡᠵᠠᠢ᠃      ᠠᠵᠦ ᠦᠢᠯᠡᠰ ᠢᠶᠠᠷ ᠶᠠᠳᠠᠭᠤ ᠶᠢ ᠲᠡᠳᠬᠦᠬᠦ ᠳᠤ ᠲᠠᠭᠠᠭᠤᠯᠤᠭᠴᠢ ᠠᠵᠦ ᠠᠬᠤᠶᠢᠶᠢᠯᠠᠯ ᠤᠨ ᠲᠠᠶᠢᠴᠢᠯᠠᠬᠤ ᠦᠢᠯᠡᠳᠦᠯ ᠲᠤᠶᠢᠯ ᠤᠨ ᠴᠢᠬᠤᠯᠠ ᠪᠠᠶᠢᠳᠠᠭ᠃ ᠯᠢ ᠵᠢᠢ ᠾᠧᠩ ᠤᠷᠢᠳ ᠬᠤᠵᠢᠳ ᠥᠪᠤᠷ ᠮᠤᠩᠭᠤᠯ ᠤᠨ ᠵᠦᠩ ᠵᠢᠶᠠ ᠬᠦᠳᠡᠭᠡ ᠠᠵᠦ ᠠᠬᠤᠢ ᠶᠢᠨ ᠠᠮᠢᠳᠤ ᠪᠤᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠦ ᠺᠤᠮᠫᠠᠨᠢ᠂ ᠰᠠᠢ ᠨᠦᠸᠧ ᠲᠠᠯ᠎ᠠ ᠨᠤᠲᠤᠭ ᠤᠨ ᠬᠤᠨᠢᠨ ᠤ ᠦᠢᠯᠡᠰ ᠤᠨ ᠬᠢᠵᠠᠭᠠᠷᠲᠦ ᠺᠤᠮᠫᠠᠨᠢ᠂ ᠮᠤᠨᠠ ᠠᠭᠤᠯᠠ ᠶᠢᠨ ᠶᠤᠤᠮᠠᠢ ᠢᠳᠡᠭᠡᠨ ᠤ ᠬᠢᠵᠠᠭᠠᠷᠲᠦ ᠺᠤᠮᠫᠠᠨᠢ ᠪᠤᠯᠤᠨ ᠬᠤᠸᠠ ᠢ ᠺᠤᠮᠫᠠᠨᠢ ᠶᠢᠨ ᠭᠡᠷᠡᠯᠴᠢ ᠴᠡᠨᠡᠭ ᠤᠨ ᠠᠵᠦ ᠦᠢᠯᠡᠰ ᠤᠨ ᠶᠠᠳᠠᠭᠤ ᠶᠢ ᠲᠡᠳᠭᠦᠬᠦ ᠲᠦᠷᠦᠯ ᠵᠦᠢᠯ ᠤᠨ ᠲᠤᠬᠠᠢ ᠶᠢᠨ ᠭᠠᠵᠠᠷ ᠲᠤ ᠬᠦᠷᠴᠤ ᠠᠵᠦ ᠠᠬᠤᠶᠢᠯᠠᠯ ᠤᠨ ᠦᠢᠯᠡᠳᠪᠤᠷᠢᠯᠡᠯ ᠡᠵᠡᠩᠨᠡᠯᠲᠡ ᠪᠤᠯᠤᠨ ᠶᠠᠳᠠᠭᠤ ᠬᠦᠴᠢᠷᠳᠡᠯᠲᠠᠢ ᠮᠠᠯᠴᠢᠨ ᠲᠠᠷᠢᠶᠠᠴᠢᠨ ᠢ ᠲᠠᠶᠢᠴᠢᠯᠠᠨ ᠤᠷᠤᠯᠭ᠎ᠠ ᠶᠢ ᠨᠢ ᠨᠡᠮᠡᠭᠳᠡᠭᠦᠯᠦᠭᠰᠡᠨ ᠪᠠᠶᠢᠳᠠᠯ ᠢ ᠤᠶᠢᠯᠠᠭᠠᠪᠠ᠃ ᠯᠢ ᠵᠢᠢ ᠾᠧᠩ ᠵᠢᠭᠠᠵᠤ ᠭᠠᠷᠭᠠᠭᠰᠠᠨ ᠨᠢ᠂ ᠬᠠᠮᠤᠷᠬᠤ ᠬᠡᠪᠴᠢᠶ᠎ᠡ ᠪᠠᠷ ᠶᠡᠭᠡ᠂ ᠲᠠᠶᠢᠴᠢᠯᠠᠬᠤ ᠡᠷᠴᠢᠮ ᠢᠶᠠᠷ ᠴᠢᠩᠭ᠎ᠠ᠂ ᠬᠦᠭᠵᠢᠯᠳᠡ ᠶᠢᠨ ᠴᠢᠨᠠᠷ ᠢᠶᠠᠷ ᠰᠠᠶᠢᠨ ᠲᠠᠭᠠᠭᠤᠯᠤᠭᠴᠢ ᠠᠵᠦ ᠠᠬᠤᠶᠢᠯᠠᠯ ᠢ ᠶᠡᠬᠡᠪᠡᠷ ᠪᠤᠶᠢᠵᠢᠭᠤᠯᠤᠨ ᠲᠡᠳᠭᠦᠵᠦ᠂ ᠠᠵᠦ ᠠᠬᠤᠶᠢᠯᠠᠯ ᠪᠤᠯᠤᠨ ᠮᠠᠯᠴᠢᠨ ᠲᠠᠷᠢᠶᠠᠴᠢᠨ ᠤ ᠠᠰᠢᠬ ᠲᠤᠰᠠ ᠶᠢᠨ ᠬᠤᠯᠪᠤᠭᠠᠨ ᠤ ᠲᠤᠭᠲᠠᠴᠠ ᠶᠢ ᠲᠡᠭᠦᠯᠳᠡᠷᠵᠢᠭᠦᠯᠵᠦ᠂ ᠲᠠᠭᠠᠭᠤᠯᠤᠭᠴᠢ ᠠᠵᠦ ᠠᠬᠤᠶᠢᠯᠠᠯ ᠢ ᠲᠡᠳᠬᠦᠬᠦ᠂ ᠤᠨᠴᠠᠯᠢᠬᠲᠦ ᠠᠵᠦ ᠦᠢᠯᠡᠰ ᠢ ᠬᠦᠭᠵᠢᠭᠦᠯᠬᠦ ᠪᠠᠷ ᠲᠡᠮᠵᠢᠭᠤᠯᠤᠨ ᠶᠠᠳᠠᠭᠤ ᠬᠦᠴᠢᠷᠳᠡᠯᠲᠠᠢ ᠤᠯᠠᠨ ᠲᠦᠮᠡᠨ ᠤ ᠤᠷᠤᠯᠭ᠎ᠠ ᠶᠢᠨ ᠲᠤᠭᠲᠠᠭᠤᠨ ᠢᠶᠠᠷ ᠨᠡᠮᠡᠭᠳᠡᠬᠦ ᠶᠢ ᠲᠠᠶᠢᠴᠢᠯᠠᠬᠤ ᠬᠡᠷᠡᠭᠲᠠᠢ ᠬᠡᠪᠡ᠃      ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠤ᠂ ᠯᠢ ᠵᠢᠢ ᠾᠧᠩ ᠤᠯᠠᠭᠠᠨᠴᠠᠪ ᠬᠤᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠤᠨᠤᠰᠴᠤ᠂ ᠲᠤᠰ ᠬᠤᠲᠠ ᠶᠢᠨ ᠡᠯ᠎ᠡ ᠵᠦᠢᠯ ᠤᠨ ᠦᠢᠯᠡᠰ ᠤᠨ ᠬᠦᠭᠵᠢᠯᠲᠡ ᠶᠢᠨ ᠰᠢᠨ᠎ᠡ ᠠᠮᠵᠢᠯᠲᠠ ᠶᠢ ᠨᠤᠲᠠᠯᠠᠭᠰᠠᠨ ᠪᠠᠶᠢᠨ᠎ᠠ᠃ ᠲᠡᠷᠡ ᠴᠢᠬᠤᠯᠠᠴᠢᠯᠠᠭᠰᠠᠨ ᠨᠢ᠂ ᠤᠯᠠᠭᠠᠨᠴᠠᠪ ᠬᠤᠳᠠ ᠶᠢᠨ ᠬᠢᠨ ᠶᠠᠳᠠᠭᠤ ᠠᠴᠠ ᠠᠩᠬᠢᠵᠢᠷᠠᠭᠤᠯᠵᠤ ᠴᠢᠨᠡᠭᠡᠯᠢᠭᠵᠢᠬᠦᠯᠬᠦ ᠶᠢ ᠲᠡᠷᠢᠬᠦᠨ ᠴᠢᠬᠤᠯᠠ ᠶᠠᠪᠤᠳᠠᠯ ᠪᠠ ᠲᠠᠷᠢᠬᠦᠨ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ ᠪᠤᠯᠭᠠᠵᠤ᠂ ︽ᠴᠠᠭᠠᠨ ᠭᠡᠷᠡᠮ ᠳᠤ ᠡᠰᠡ ᠬᠦᠷᠪᠡᠰᠤ ᠰᠠᠶᠢᠨ ᠡᠷ᠎ᠠ ᠪᠤᠰᠤ︾ ᠬᠡᠮᠡᠬᠦ ᠵᠤᠷᠢᠬ ᠢ ᠪᠠᠷᠢᠮᠳᠠᠯᠠᠨ ︽ᠨᠠᠷᠠᠨ ᠰᠠᠷᠠᠨ ᠢ ᠵᠢᠭᠠᠨ ᠵᠠᠬᠢᠷᠴᠤ ᠰᠢᠨ᠎ᠠ ᠤᠷᠴᠢᠯᠠᠩ ᠪᠤᠯᠭᠠᠬᠤ︾ ᠴᠤᠬ ᠰᠦᠯᠳᠠ ᠶᠢ ᠡᠪᠤᠷᠯᠠᠵᠤ᠂ ︽ᠬᠠᠯᠳᠠᠷ᠎ᠠ ᠢᠷᠡᠭᠰᠡᠨ ᠲᠠᠶᠢᠰᠤᠨ ᠢ ᠤᠰᠠᠳᠬᠠᠬᠤ ᠦᠬᠡᠢ ᠪᠤᠯ ᠬᠠᠷᠢ ᠶᠢᠨ ᠨᠤᠳᠤᠬ ᠲᠠᠭᠠᠨ ᠦᠯᠤ ᠪᠤᠴᠠᠬᠤ︾ ᠡᠷᠴᠢ ᠵᠤᠷᠢᠬ ᠢᠶᠠᠷ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠵᠤᠷᠢᠭ ᠰᠢᠭᠤᠳᠤᠨ ᠪᠠᠶᠡᠳᠡᠨ ᠠᠳᠬᠤᠵᠤ ᠬᠦᠴᠤᠯᠠᠨ ᠠᠬᠢᠭᠤᠯᠬᠤ ᠭᠡᠷᠡᠭᠳᠠᠢ᠃ ᠦᠷᠬᠡᠨ ᠤᠯᠠᠨ ᠨᠠᠮ ᠤᠨ ᠬᠡᠰᠢᠬᠦᠨ ᠺᠠᠳ᠋ᠷ᠂ ᠤᠨᠴᠠᠭᠠᠶᠢᠯᠠᠨ ᠡᠮᠤᠨ᠎ᠠ ᠹᠷᠣᠨᠲ ᠤᠨ ᠶᠠᠳᠠᠭᠤ ᠶᠢ ᠲᠡᠳᠬᠦᠬᠦ ᠺᠠᠳ᠋ᠷ ᠲᠡᠰᠪᠤᠷᠢ ᠬᠠᠳᠠᠭᠤᠵᠢᠯᠳᠠᠢ ᠲᠡᠮᠡᠴᠡᠬᠦ᠂ ᠴᠤᠴᠠᠯᠳᠠ ᠦᠬᠡᠢ ᠤᠷᠤᠬᠰᠢᠯᠠᠬᠤ ᠮᠤᠩᠭᠤᠯ ᠮᠤᠷᠢᠨ ᠤ ᠵᠤᠷᠢᠬ ᠰᠠᠨᠠᠭ᠎ᠠ ᠪᠠᠷ ᠬᠦᠴᠢᠷ ᠢ ᠲᠤᠭᠤᠯᠤᠨ ᠪᠡᠷᠬᠡ ᠶᠢ ᠲᠠᠪᠠᠵᠤ᠂ ᠬᠤᠳᠠ ᠶᠢ ᠲᠠᠭᠠᠷᠢᠨ ᠭᠠᠵᠠᠷ ᠢ ᠡᠵᠠᠯᠠᠵᠤ᠂ ᠬᠦᠴᠢᠷ ᠠᠰᠠᠭᠤᠳᠠᠯ ᠢ ᠨᠢᠬᠡᠳ ᠨᠢᠬᠡ ᠪᠠᠷ ᠰᠢᠢᠳᠪᠤᠷᠢᠯᠠᠨ ᠠᠵᠢᠯ ᠢ ᠨᠢᠬᠡᠳ ᠨᠢᠬᠡ ᠪᠠᠷ ᠠᠬᠢᠭᠤᠯᠵᠤ᠂ ᠺᠠᠳ᠋ᠷᠴᠤᠳ ᠤᠨ ᠬᠦᠴᠤ ᠬᠦᠯᠤᠰᠤ ᠪᠠᠷ ᠠᠷᠠᠳ ᠤᠯᠠᠨ ᠤ ᠶᠠᠳᠠᠭᠤ ᠠᠴᠠ ᠠᠩᠬᠢᠵᠢᠷᠠᠭᠤᠯᠬᠤ ᠶᠢ ᠰᠤᠯᠢᠨ ᠠᠪᠴᠢᠷᠠᠵᠤ᠂ ᠺᠠᠳ᠋ᠷᠴᠤᠳ ᠤᠨ ᠰᠢᠷᠭᠠᠭᠤ ᠴᠢᠷᠮᠠᠶᠢᠯᠭ᠎ᠠ ᠪᠠᠷ ᠤᠯᠠᠨ ᠲᠦᠮᠡᠨ ᠤ ᠵᠤᠯ ᠵᠢᠷᠭᠠᠯ ᠢ ᠰᠤᠯᠢᠨ ᠠᠪᠴᠢᠷᠠᠬᠤ ᠭᠡᠷᠡᠭᠳᠠᠢ᠃ ᠦᠪᠡᠷᠳᠡᠬᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠤᠬᠡᠯᠡᠭᠴᠢᠳ ᠤᠨ ᠶᠡᠭᠡ ᠬᠤᠷᠠᠯ ᠤᠨ ᠵᠤᠷᠢᠬ ᠰᠠᠨᠠᠭ᠎ᠠ ᠶᠢ ᠬᠦᠨᠵᠡᠬᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠨᠡᠮᠡᠭᠳᠡᠯ ᠢ ᠬᠦᠴᠤᠯᠠᠨ ᠲᠤᠭᠳᠠᠪᠤᠷᠢᠵᠢᠭᠤᠯᠵᠤ᠂ ᠠᠵᠤ ᠤᠶᠢᠯᠡᠰ ᠤᠨ ᠲᠡᠰ ᠲᠡᠪᠰᠢᠯᠳᠠ ᠶᠢ ᠬᠦᠴᠤᠯᠠᠨ ᠠᠬᠢᠭᠤᠯᠵᠤ᠂ ︽ᠲᠤᠯᠤᠭᠠᠨ ᠲᠤᠤᠷᠵᠢᠯ︾᠎ ᠤᠨ ᠪᠦᠳᠤᠬᠡᠨ ᠪᠠᠶᠢᠭᠤᠯᠤᠯᠳᠠ ᠶᠢ ᠬᠦᠴᠤᠯᠠᠨ ᠴᠢᠩᠭᠠᠳᠬᠠᠵᠤ᠂ ᠬᠠᠮᠵᠢᠯᠴᠠᠭ᠎ᠠ ᠶᠢ ᠬᠦᠴᠤᠯᠠᠨ ᠬᠦᠨᠵᠡᠬᠡᠶᠢᠷᠡᠬᠦᠯᠵᠤ᠂ ᠠᠵᠤ ᠠᠬᠤᠢ ᠨᠡᠶᠢᠬᠡᠮ ᠤᠨ ᠬᠦᠭᠵᠢᠯᠳᠠ ᠶᠢᠨ ᠰᠢᠨ᠎ᠠ ᠪᠠᠶᠢᠳᠠᠯ ᠢ ᠲᠠᠰᠤᠷᠠᠯᠳᠠ ᠦᠬᠡᠢ ᠨᠡᠬᠡᠬᠡᠨ ᠡᠬᠦᠳᠬᠦ ᠭᠡᠷᠡᠭᠳᠠᠢ᠃ ᠨᠡᠶᠢᠬᠡᠮ ᠤᠨ ᠵᠦᠷᠢᠴᠠᠯ ᠢ ᠵᠢᠬᠰᠭᠠᠠᠨ ᠪᠠᠶᠢᠴᠠᠭᠠᠵᠤ ᠰᠢᠢᠳᠪᠤᠷᠢᠯᠡᠬᠦ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠵᠤ᠂ ᠨᠡᠶᠢᠬᠡᠮ ᠤᠨ ᠵᠦᠷᠢᠴᠠᠯ ᠤᠨ ᠲᠠᠷᠤᠬᠳᠠᠮᠠᠯ ᠭᠡᠷᠡᠭ ᠢ ᠰᠢᠢᠳᠪᠤᠷᠢᠯᠡᠬᠦ ︽ᠵᠠᠭᠤᠨ ᠡᠳᠤᠷ ᠤᠨ ᠪᠤᠭᠤᠮᠳᠠ ᠰᠢᠪᠳᠤᠯᠬᠤ︾ ᠠᠵᠢᠯᠯᠠᠭ᠎ᠠ ᠶᠢ ᠨᠠᠷᠢᠨ ᠬᠢᠨᠠᠮᠠᠭᠠᠢ ᠦᠷᠨᠢᠬᠦᠯᠵᠤ᠂ ᠨᠡᠶᠢᠬᠡᠮ ᠤᠨ ᠵᠦᠷᠢᠴᠠᠯ ᠢ ᠰᠡᠷᠬᠡᠶᠢᠯᠡᠬᠦ ᠪᠠ ᠰᠢᠢᠳᠪᠤᠷᠢᠯᠡᠬᠦ ᠤᠷᠳᠤ ᠬᠤᠭᠤᠴᠠᠭ᠎ᠠ ᠶᠢᠨ ᠪᠦᠳᠤᠮᠵᠢᠳᠠᠢ ᠲᠤᠭᠳᠠᠴᠠ ᠶᠢ ᠬᠠᠶᠢᠨ ᠪᠠᠶᠢᠭᠤᠯᠵᠤ᠂ ᠨᠡᠶᠢᠬᠡᠮ ᠤᠨ ᠡᠶ᠎ᠡ ᠵᠤᠬᠢᠴᠠᠩᠭᠤᠢ ᠲᠤᠭᠳᠠᠭᠤᠨ ᠢ ᠦᠨᠡᠨᠬᠦ ᠬᠠᠮᠠᠭᠠᠯᠠᠬᠤ ᠭᠡᠷᠡᠭᠳᠠᠢ᠃ ᠠᠷᠪᠠᠨ ᠨᠠᠶᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠤᠨ ᠵᠤᠷᠢᠬ ᠰᠠᠨᠠᠭ᠎ᠠ ᠶᠢ ᠬᠦᠨᠵᠡᠬᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠴᠢᠬᠤᠯᠠ ᠶᠡᠭᠡ ᠤᠯᠤᠰ ᠲᠦᠷᠤ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠤᠪᠤᠷ ᠲᠦᠪ ᠰᠤᠷᠳᠠᠯ ᠴᠢᠭᠡᠴᠢ᠂ ᠶᠠᠪᠤᠳᠠᠯ ᠪᠦᠳᠤᠬᠡᠵᠤ ᠤᠶᠢᠯᠡᠰ ᠪᠤᠰᠬᠠᠬᠤ ᠶᠡᠭᠡ ᠰᠠᠶᠢᠨ ᠤᠯᠤᠰ ᠲᠦᠷᠤ ᠶᠢᠨ ᠠᠮᠢ ᠠᠬᠤᠢ ᠢᠶᠢᠦᠨᠡᠨᠬᠦ ᠪᠤᠢ ᠪᠤᠯᠭᠠᠬᠤ ᠭᠡᠷᠡᠭᠳᠠᠢ ᠬᠡᠪᠡ᠃      ᠦᠪᠡᠷᠳᠡᠬᠡᠨ ᠵᠠᠰᠠᠬᠤ ᠤᠷᠤᠨ ᠤ ᠤᠳᠤᠷᠢᠳᠤᠯᠭ᠎ᠠ ᠯᠦᠸᠧ ᠶᠦᠩ ᠭᠠᠩ ᠪᠠᠷ᠎ᠠ ᠪᠤᠯᠵᠤ ᠪᠠᠶᠢᠴᠠᠭᠠᠨ ᠰᠤᠳᠤᠯᠤᠯᠳᠠ ᠬᠢᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号