ᠮᠠᠨ ᠤ ᠣᠷᠣᠨ ᠡᠨᠡ ᠵᠢᠯ ᠤᠯᠤᠰ ᠤᠨ ᠠᠯᠪᠠᠨ ᠲᠣᠮᠢᠯᠠᠯᠲᠠ ᠪᠠᠷ ᠭᠠᠳᠠᠭᠠᠳᠤ ᠳᠤ ᠰᠤᠷᠤᠯᠴᠠᠭᠰᠠᠳ ᠢ 32500 ᠬᠥᠮᠦᠨ ᠰᠣᠩᠭᠤᠨ ᠲᠣᠮᠢᠯᠠᠬᠤ ᠪᠠᠷ ᠲᠥᠯᠥᠪᠯᠡᠵᠦ ᠪᠤᠢ  ᠪᠠᠷᠠᠭᠤᠨ ᠣᠷᠣᠨ ᠤ ᠴᠢᠳᠠᠪᠤᠷᠢᠲᠠᠨ ᠢ ᠬᠥᠮᠦᠵᠢᠭᠦᠯᠬᠦ ᠣᠨᠴᠠᠭᠠᠢ ᠲᠥᠷᠥᠯ ᠵᠦᠢᠯ ᠢ ᠤᠳᠠᠯ ᠦᠭᠡᠢ ᠰᠦᠯᠵᠢᠶᠡᠨ ᠳᠡᠭᠡᠷ᠎ᠡ ᠠᠴᠠ ᠭᠤᠶᠤᠴᠢᠯᠠᠵᠤ ᠪᠣᠯᠣᠨ᠎ᠠ
ᠨᠡᠶᠢᠲᠡᠯᠡᠭᠰᠡᠨ ᠴᠠᠭ᠄
2017/2/9
     2017 ᠣᠨ ᠳᠤ ᠮᠠᠨ ᠤ ᠣᠷᠣᠨ ᠤᠯᠤᠰ ᠤᠨ ᠠᠯᠪᠠᠨ ᠲᠣᠮᠢᠯᠠᠯᠲᠠ ᠪᠠᠷ ᠡᠯ᠎ᠡ ᠲᠦᠷᠦᠯ ᠤᠨ ᠭᠠᠳᠠᠭᠠᠳᠤ ᠳᠤ ᠰᠤᠷᠤᠯᠴᠠᠭᠰᠠᠳ ᠢ 32500 ᠬᠥᠮᠥᠨ ᠰᠣᠩᠭᠤᠨ ᠲᠣᠮᠢᠯᠠᠬᠤ ᠪᠠᠷ ᠲᠥᠯᠥᠪᠯᠡᠵᠦ᠂ ᠡᠭᠦᠨ ᠳᠤ ︽ᠪᠠᠷᠠᠭᠤᠨ ᠣᠷᠣᠨ ᠤ ᠴᠢᠳᠠᠪᠤᠷᠢᠲᠠᠨ ᠢ ᠬᠥᠮᠦᠵᠢᠭᠦᠯᠬᠦ ᠣᠨᠴᠠᠭᠠᠢ ᠲᠥᠷᠥᠯ ᠵᠦᠢᠯ︾᠎ ᠢ ᠭᠤᠶᠤᠴᠢᠯᠠᠬᠤ ᠪᠠ ᠬᠦᠯᠢᠶᠡᠨ ᠠᠪᠴᠤ ᠭᠦᠢᠴᠡᠳᠬᠡᠬᠦ ᠶᠢ ᠠᠰᠠᠭᠤᠨ ᠯᠠᠪᠯᠠᠬᠤ ᠠᠵᠢᠯ ᠨᠢᠭᠡᠨᠲᠡ ᠡᠬᠢᠯᠡᠪᠡ᠂ ᠪᠠᠷᠠᠭᠤᠨ ᠣᠷᠣᠨ ᠤ ᠲᠥᠷᠥᠯ ᠵᠦᠢᠯ ᠢ ᠰᠦᠯᠵᠢᠶᠡᠨ ᠳᠡᠭᠡᠷ᠎ᠡ ᠭᠤᠶᠤᠴᠢᠯᠠᠬᠤ ᠴᠠᠭ ᠨᠢ 2017 ᠣᠨ ᠤ 4 ᠳ᠋ᠦ᠋ᠭᠡᠷ ᠰᠠᠷ᠎ᠠ ᠶᠢᠨ 1᠎ ᠤ ᠡᠳᠦᠷ -15᠎ ᠤ ᠡᠳᠦᠷ ᠪᠣᠯᠲᠠᠯ᠎ᠠ ᠶᠠᠪᠤᠭᠳᠠᠵᠤ᠂ 7 ᠳ᠋ᠤᠭᠠᠷ ᠰᠠᠷ᠎ᠠ ᠳᠤ ᠡᠯᠰᠡᠭᠰᠡᠨ ᠦᠷ᠎ᠡ ᠳ᠋ᠦᠩ ᠢ ᠨᠡᠶᠢᠲᠡᠯᠡᠨ᠎ᠡ᠂ ᠬᠢᠷᠢ ᠬᠡᠮ ᠢ ᠨᠢ 2018 ᠣᠨ ᠤ 9 ᠳ᠋ᠦ᠋ᠭᠡᠷ ᠰᠠᠷ᠎ᠠ ᠶᠢᠨ 31᠎ ᠤ ᠡᠳᠦᠷ ᠪᠣᠯᠲᠠᠯ᠎ᠠ ᠬᠦᠴᠦᠨ ᠲᠠᠢ ᠪᠠᠶᠢᠯᠭᠠᠨ᠎ᠠ᠃      ᠱᠠᠭᠠᠷᠳᠠᠯᠭ᠎ᠠ ᠶᠣᠰᠣᠭᠠᠷ᠂ ᠡᠯ᠎ᠡ ᠨᠢᠭᠡᠴᠡ ᠡᠷᠬᠡᠪᠰᠢ 2017 ᠣᠨ ᠤ 4 ᠳ᠋ᠦ᠋ᠭᠡᠷ ᠰᠠᠷ᠎ᠠ ᠶᠢᠨ 10᠎ ᠤ ᠡᠳᠦᠷ ᠠᠴᠠ ᠡᠮᠦᠨ᠎ᠡ ᠵᠢᠱᠢᠭᠳᠡᠭᠰᠡᠳ ᠢ ᠨᠢᠭᠡᠳᠦᠯᠲᠡᠶ ᠵᠣᠬᠢᠶᠠᠨ ᠪᠠᠶᠢᠭᠤᠯᠤᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠵᠦ ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ 2017 ᠣᠨ ᠤ 4 ᠳ᠋ᠦ᠋ᠭᠡᠷ ᠰᠠᠷ᠎ᠠ ᠶᠢᠨ 10᠎ ᠤ ᠡᠳᠦᠷ —15᠎ ᠤ ᠡᠳᠦᠷ ᠪᠣᠯᠲᠠᠯ᠎ᠠ ᠰᠦᠯᠵᠢᠶᠡᠨ ᠳᠡᠭᠡᠷ᠎ᠡ ᠨᠡᠷ᠎ᠡ ᠮᠡᠳᠡᠭᠦᠯᠦᠭᠰᠡᠨ ᠮᠡᠳᠡᠭᠡ ᠵᠠᠩᠭᠢ ᠶᠢ ᠵᠣᠬᠢᠶᠠᠨ ᠪᠠᠶᠢᠭᠤᠯᠤᠨ ᠬᠢᠨᠠᠨ ᠬᠠᠷᠭᠤᠭᠤᠯᠵᠤ᠂ ᠭᠤᠶᠤᠴᠢᠯᠠᠯ ᠤᠨ ᠮᠠᠲ᠋ᠧᠷᠢᠶᠠᠯ ᠢ ᠡᠮᠬᠢᠳᠬᠡᠬᠦ ᠶᠢᠨ ᠬᠠᠮᠲᠤ ᠭᠤᠶᠤᠴᠢᠯᠠᠭᠰᠠᠨ ᠮᠠᠲ᠋ᠧᠷᠢᠶᠠᠯ ᠤᠳ ᠢ ᠭᠠᠳᠠᠭᠠᠳᠤ ᠳᠤ ᠭᠠᠷᠴᠤ ᠰᠤᠷᠤᠯᠴᠠᠬᠤ ᠤᠯᠤᠰ ᠤᠨ ᠰᠠᠭᠤᠷᠢ ᠮᠥᠩᠭᠦᠨ ᠤ ᠵᠥᠪᠯᠡᠯ ᠳᠤ ᠮᠡᠳᠡᠭᠦᠯᠦᠨ ᠬᠦᠷᠭᠡᠬᠦ ᠪᠣᠯᠣᠨ᠎ᠠ᠃      2017 ᠣᠨ ᠳᠤ ᠮᠠᠨ ᠤ ᠣᠷᠣᠨ ᠤ ᠪᠠᠷᠠᠭᠤᠨ ᠣᠷᠣᠨ ᠤ ᠴᠢᠳᠠᠪᠤᠷᠢᠲᠠᠨ ᠢ ᠬᠥᠮᠦᠵᠢᠭᠦᠯᠬᠦ ᠲᠤᠰᠬᠠᠶ ᠲᠥᠷᠥᠯ ᠵᠦᠢᠯ ᠳᠤ ᠰᠣᠩᠭᠤᠨ ᠲᠣᠮᠢᠯᠠᠬᠤ ᠲᠦᠷᠦᠯ ᠳᠤ᠄ ᠳᠡᠭᠡᠳᠦ ᠵᠡᠷᠭᠡ ᠶᠢᠨ ᠰᠤᠳᠤᠯᠬᠤ ᠡᠷᠳᠡᠮᠲᠡᠨ᠂ ᠰᠤᠷᠪᠤᠯᠵᠢᠯᠠᠬᠤ ᠡᠷᠳᠡᠮᠲᠡᠨ ︵ᠫᠤᠰᠲ ᠳ᠋ᠣᠺᠲ᠋ᠣᠷ ᠪᠠᠭᠲᠠᠬᠤ ᠦᠭᠡᠢ︶᠂ ᠣᠬᠤᠷ ᠬᠤᠭᠤᠴᠠᠭᠠᠨ ᠤ ᠰᠤᠳᠤᠯᠤᠨ ᠰᠤᠷᠤᠯᠴᠠᠭᠰᠠᠳ ᠪᠠᠭᠲᠠᠨ᠎ᠠ᠃      2017 ᠣᠨ ᠤ ᠪᠠᠷᠠᠭᠤᠨ ᠣᠷᠣᠨ ᠤ ᠲᠥᠷᠥᠯ ᠵᠦᠢᠯ ᠤᠨ ᠲᠤᠰᠠᠯᠠᠨ ᠲᠡᠳᠬᠦᠬᠦ ᠪᠡᠯᠡ ᠮᠥᠩᠭᠦ ᠶᠢ ᠪᠣᠯ ᠮᠥᠨᠬᠦ ᠰᠤᠷᠭᠠᠨ ᠬᠥᠮᠦᠵᠢᠯ ᠤᠨ ᠶᠠᠮᠤᠨ ᠤ ᠭᠠᠳᠠᠭᠠᠳᠤ ᠳᠤ ᠭᠠᠷᠴᠤ ᠰᠤᠷᠤᠯᠴᠠᠬᠤ ᠤᠯᠤᠰ ᠤᠨ ᠰᠠᠭᠤᠷᠢ ᠮᠥᠩᠭᠦᠨ ᠤ ᠵᠥᠪᠯᠡᠯ ᠠᠴᠠ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠯᠦᠭᠡ ᠲᠣᠭᠲᠠᠭᠰᠠᠨ ᠵᠥᠪᠳᠡᠯᠴᠡᠭᠡᠷ ᠢ ᠦᠨᠳᠦᠰᠦᠯᠡᠨ 6᠄ 4᠎ ᠤᠨ ᠬᠠᠷᠢᠴᠠᠯ ᠢᠶᠠᠷ ᠪᠡᠯᠡ ᠭᠠᠷᠭᠠᠨ᠎ᠠ᠃ ᠣᠷᠣᠨ ᠨᠤᠲᠤᠭ ᠤᠨ ᠢᠵᠢ ᠪᠦᠷᠢᠳᠦᠭᠦᠯᠬᠦ ᠪᠡᠯᠡ ᠮᠥᠩᠭᠦ ᠶᠢᠨ 40%᠎ ᠶᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠪᠣᠯᠣᠨ ᠰᠣᠩᠭᠤᠨ ᠲᠣᠮᠢᠯᠠᠬᠤ ᠨᠢᠭᠡᠴᠡ ᠬᠠᠮᠲᠤᠪᠠᠷ ᠡᠭᠦᠷᠭᠡᠯᠡᠨ᠎ᠡ᠃      2017 ᠣᠨ ᠤ ᠪᠠᠷᠠᠭᠤᠨ ᠣᠷᠣᠨ ᠤ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠬᠥᠮᠦᠰ ᠭᠠᠳᠠᠭᠠᠳᠤ ᠶᠢᠨ ᠶᠡᠭᠡ ᠰᠤᠷᠭᠠᠭᠤᠯᠢ ᠪᠤᠶᠤ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠵᠢᠩᠬᠢᠨᠢ ᠤᠷᠢᠯᠭ᠎ᠠ ᠶᠢᠨ ᠪᠢᠴᠢᠭ ᠲᠤᠰᠢᠶᠠᠬᠤ ᠬᠡᠷᠡᠭᠲᠡᠢ᠃ ᠭᠠᠳᠠᠭᠠᠳᠤ ᠳᠤ ᠭᠠᠷᠴᠤ ᠰᠤᠷᠤᠯᠴᠠᠬᠤ ᠤᠯᠤᠰ ᠤᠨ ᠰᠠᠭᠤᠷᠢ ᠮᠥᠩᠭᠦᠨ ᠤ ᠵᠥᠪᠯᠡᠯ ᠪᠣᠯᠤᠨ ᠭᠠᠳᠠᠭᠠᠳᠤ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠬᠠᠮᠲᠤᠷᠠᠯᠴᠠᠭᠠᠨ ᠤ ᠵᠥᠪᠳᠡᠯᠴᠡᠭᠡᠷ ᠤᠨ ᠲᠣᠮᠢᠯᠠᠭᠰᠠᠳ ᠢᠶᠠᠷ ᠭᠤᠶᠤᠴᠢᠯᠠᠭᠰᠠᠳ ᠤᠷᠢᠯᠭ᠎ᠠ ᠶᠢᠨ ᠪᠢᠴᠢᠭ ᠢᠶᠠᠨ ᠲᠤᠰᠢᠶᠠᠬᠤ ᠦᠭᠡᠢ᠃ ᠭᠤᠶᠤᠴᠢᠯᠠᠭᠰᠠᠳ ᠭᠠᠳᠠᠭᠠᠳᠤ ᠬᠡᠯᠡᠨ ᠤ ᠬᠢᠷᠢ ᠲᠦᠪᠰᠢᠨ ᠳᠡᠭᠡᠨ ︽ᠭᠠᠳᠠᠭᠠᠳᠤ ᠳᠤ ᠭᠠᠷᠴᠤ ᠰᠤᠷᠤᠯᠴᠠᠬᠤ ᠤᠯᠤᠰ ᠤᠨ ᠰᠠᠭᠤᠷᠢ ᠮᠥᠩᠭᠦ ᠪᠠᠷ ᠲᠤᠰᠠᠯᠠᠭᠤᠯᠤᠨ ᠭᠠᠳᠠᠭᠠᠳᠤ ᠳᠤ ᠭᠠᠷᠴᠤ ᠰᠤᠷᠤᠯᠴᠠᠬᠤ ᠭᠠᠳᠠᠭᠠᠳᠤ ᠬᠡᠯᠡᠨ ᠤ ᠨᠥᠬᠦᠴᠡᠯ︾᠎ ᠳᠤ ᠲᠣᠭᠲᠠᠭᠰᠠᠨ ᠭᠤᠷᠪᠠᠨ ᠵᠦᠢᠯ ᠤᠨ ᠬᠠᠲᠠᠭᠤ ᠨᠥᠬᠦᠴᠡᠯ ᠤᠨ ᠨᠢᠭᠡ ᠪᠤᠶᠤ ᠲᠣᠸ᠋ᠹᠯ᠂ ᠢᠸ᠋ᠯᠲᠰ ᠵᠢᠴᠢ ᠪᠤᠰᠤᠳ ᠬᠡᠯᠡᠨ ᠤ ᠬᠢᠷᠢ ᠲᠦᠪᠰᠢᠨ ᠤ ᠰᠢᠯᠭᠠᠯᠲᠠ ᠶᠢᠨ ᠪᠠᠷᠢᠮᠵᠢᠶ᠎ᠠ ᠳᠤ ᠬᠦᠷᠦᠭᠰᠡᠨ ᠬᠢᠷᠢ ᠪᠦᠲᠦᠮᠵᠢ ᠪᠠᠨ ᠲᠤᠰᠢᠶᠠᠬᠤ ᠬᠡᠷᠡᠭᠲᠡᠢ᠃ ᠭᠤᠶᠤᠴᠢᠯᠠᠬᠤ ᠦᠶ᠎ᠡ ᠳᠤ ᠭᠠᠳᠠᠭᠠᠳᠤ ᠬᠡᠯᠡᠨ ᠤ ᠪᠠᠷᠢᠮᠵᠢᠶ᠎ᠠ ᠳᠤ ᠬᠦᠷᠦᠭᠰᠡᠨ ᠦᠭᠡᠶ ᠪᠣᠯᠪᠠᠴᠤ ᠲᠤᠬᠠᠢ ᠶᠢᠨ ᠨᠢᠭᠡᠴᠡ ᠨᠢ ᠭᠤᠣᠯᠳᠠᠯᠭ᠎ᠠ ᠲᠠᠢ ᠲᠠᠨᠢᠯᠴᠠᠭᠤᠯᠤᠭᠰᠠᠨ ᠬᠥᠮᠥᠨ ᠪᠣᠯ ᠮᠥᠨᠬᠦ ᠭᠤᠶᠤᠴᠢᠯᠠᠨ ᠮᠡᠳᠡᠭᠦᠯᠵᠦ ᠪᠣᠯᠣᠨ᠎ᠠ᠂ ᠭᠡᠬᠦ ᠳᠡᠭᠡᠨ ᠡᠷᠬᠡᠪᠰᠢ ᠭᠠᠳᠠᠭᠠᠳᠤ ᠬᠡᠯᠡᠨ ᠤ ᠬᠢᠷᠢ ᠲᠦᠪᠰᠢᠨ ᠢ ᠨᠢ ᠲᠤᠰᠬᠠᠭᠰᠠᠨ ᠭᠠᠳᠠᠭᠠᠳᠤ ᠬᠡᠯᠡᠨ ᠤ ᠲᠤᠰᠬᠠᠢ ᠰᠢᠯᠭᠠᠯᠲᠠ ᠶᠢᠨ ᠬᠢᠷᠢ ᠪᠦᠲᠦᠮᠵᠢ ᠶᠢᠨ ᠭᠡᠷᠡᠴᠢ ᠶᠢ ᠲᠤᠰᠢᠶᠠᠬᠤ ᠪᠥᠭᠡᠳ ᠡᠷᠬᠡᠪᠰᠢ ᠠᠯᠪᠠᠨ ᠲᠣᠮᠢᠯᠠᠯᠲᠠ ᠪᠠᠷ ᠭᠠᠳᠠᠭᠠᠳᠤ ᠳᠤ ᠰᠤᠷᠤᠯᠴᠠᠬᠤ ᠠᠩᠭ᠍ᠯᠢ ᠬᠡᠯᠨ ᠶᠢ ᠴᠢᠩᠭᠠᠳᠬᠠᠬᠤ ᠪᠣᠯᠪᠠᠰᠤᠷᠠᠭᠤᠯᠤᠯ ᠤᠨ ᠠᠩᠭᠢ ᠳᠤ ᠣᠷᠣᠯᠴᠠᠬᠤ ᠬᠡᠷᠡᠭᠲᠡᠢ᠂ ᠪᠣᠯᠪᠠᠰᠤᠷᠠᠭᠤᠯᠤᠯ ᠤᠨ ᠠᠩᠭᠢ ᠶᠢ ᠦᠷᠭᠦᠯᠵᠢᠯᠡᠨ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠳᠤ ᠡᠷᠬᠢᠯᠡᠬᠦ ᠪᠣᠯᠤᠨ᠎ᠠ᠃      ᠭᠤᠶᠤᠴᠢᠯᠠᠭᠰᠠᠳ 2017 ᠣᠨ ᠤ ᠤᠯᠤᠰ ᠤᠨ ᠠᠯᠪᠠᠨ ᠲᠣᠮᠢᠯᠠᠯᠲᠠ ᠪᠠᠷ ᠭᠠᠳᠠᠭᠠᠳᠤ ᠳᠤ ᠰᠤᠷᠤᠯᠴᠠᠭᠰᠠᠳ ᠤᠨ ᠪᠦᠬᠦ ᠤᠯᠤᠰ ᠤᠨ ᠭᠠᠳᠠᠭᠠᠳᠤ ᠬᠡᠯᠡᠨ ᠤ ᠬᠢᠷᠢ ᠲᠦᠪᠰᠢᠨ ᠤ ᠰᠢᠯᠭᠠᠯᠲᠠ ︵WSK/ PET'S 5︶᠎ ᠳᠤ ᠥᠪᠡᠷ ᠢᠶᠠᠨ ᠨᠡᠷ᠎ᠡ ᠮᠡᠳᠡᠭᠦᠯᠦᠨ ᠣᠷᠣᠯᠴᠠᠵᠤ ᠪᠣᠯᠤᠨ᠎ᠠ᠂ ᠨᠡᠷ᠎ᠡ ᠮᠡᠳᠡᠭᠦᠯᠬᠦ ᠴᠠᠭ ᠨᠢ 2017 ᠣᠨ ᠤ 4 ᠳ᠋ᠦ᠋ᠭᠡᠷ ᠰᠠᠷ᠎ᠠ ᠶᠢᠨ ᠳᠤᠮᠳᠠᠴᠢ ᠪᠠ 10 ᠳ᠋ᠤᠭᠠᠷ ᠰᠠᠷ᠎ᠠ ᠶᠢᠨ ᠳᠤᠮᠳᠠᠴᠢ ᠪᠣᠯᠣᠨ᠎ᠠ᠃ ᠨᠡᠷ᠎ᠡ ᠮᠡᠳᠡᠭᠦᠯᠬᠦ ᠭᠠᠵᠠᠷ ᠨᠢ ᠥᠪᠥᠷ ᠮᠣᠩᠭᠤᠯ ᠤᠨ ᠠᠵᠤ ᠦᠶᠯᠡᠳᠪᠦᠷᠢ ᠶᠢᠨ ᠶᠡᠭᠡ ᠰᠤᠷᠭᠠᠭᠤᠯᠢ ᠪᠣᠯᠤᠨ᠎ᠠ᠃      ᠣᠶᠢᠯᠭᠠᠭᠰᠠᠨ ᠢᠶᠠᠷ᠂ ᠪᠠᠷᠠᠭᠤᠨ ᠣᠷᠣᠨ ᠤ ᠲᠥᠷᠥᠯ ᠵᠦᠢᠯ ᠤᠨ ᠠᠯᠪᠠᠨ ᠲᠣᠮᠢᠯᠠᠯᠲᠠ ᠪᠠᠷ ᠭᠠᠳᠠᠭᠠᠳᠤ ᠳᠤ ᠰᠤᠷᠤᠯᠴᠠᠭᠰᠠᠳ ᠤᠨ ᠬᠢᠷᠢ ᠬᠡᠮ ᠨᠢ 2018 ᠣᠨ ᠤ 9 ᠳ᠋ᠦ᠋ᠭᠡᠷ ᠰᠠᠷ᠎ᠠ ᠶᠢᠨ 31᠎ ᠤ ᠡᠳᠦᠷ ᠪᠣᠯᠲᠠᠯ᠎ᠠ ᠬᠦᠴᠦᠨ ᠲᠠᠢ᠃ ᠡᠯᠰᠡᠭᠰᠡᠳ ᠡᠷᠬᠡᠪᠰᠢ 2018 ᠣᠨ ᠤ 7 ᠳ᠋ᠤᠭᠠᠷ ᠰᠠᠷ᠎ᠠ ᠶᠢᠨ 31᠎ ᠤ ᠡᠳᠦᠷ ᠠᠴᠠ ᠡᠮᠦᠨ᠎ᠡ ᠲᠣᠮᠢᠯᠠᠬᠤ ᠵᠥᠪᠰᠢᠶᠡᠷᠡᠯ ᠢ ᠭᠦᠢᠴᠡᠳᠬᠡᠵᠦ ᠥᠭᠬᠦ ᠬᠡᠷᠡᠭᠲᠡᠢ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号