ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ 2017 ᠣᠨ ᠤ 4 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2017/3/1
     2 ᠳ᠋ᠤᠭᠠᠷ ᠰᠠᠷ᠎ᠠ ᠶᠢᠨ 28᠎ ᠤ ᠡᠳᠤᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ 2017 ᠣᠨ ᠤ ᠲᠦᠷᠪᠡᠳᠦᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠥ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ︽13·5︾᠎ ᠶᠢᠨ ᠲᠦᠯᠥᠪᠵᠢᠬᠦᠯᠬᠡ ᠶᠢᠨ ᠬᠦᠳᠦᠯᠪᠦᠷᠢ ᠶᠢ ᠬᠡᠷᠡᠭᠵᠢᠭᠦᠯᠬᠦ ᠲᠤᠭᠳᠠᠴᠠ ᠶᠢ ᠪᠠᠶᠢᠭᠤᠯᠣᠨ ᠪᠦᠷᠢᠨᠰᠢᠭᠦᠯᠬᠦ ᠳᠣᠬᠠᠢ ᠰᠠᠨᠠᠯ᠂ ᠦᠪᠡᠷᠳᠡᠭᠡᠨ ᠵᠠᠰᠠᠬᠤ ᠤᠷᠤᠨ ᠤ ︽13·5︾᠎ ᠶᠢᠨ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠳᠤᠯᠬᠤ ᠲᠦᠯᠦᠪᠵᠢᠭᠦᠯᠭᠡ᠂ ᠦᠪᠡᠷᠳᠡᠭᠡᠨ ᠵᠠᠰᠠᠬᠤ ᠤᠷᠤᠨ ᠤ ᠤᠳᠤ ᠦᠶ᠎ᠡ ᠶᠢᠨ ᠶᠡᠷᠦᠩᠭᠡᠶᠢᠯᠡᠭᠰᠡᠨ ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠶᠢᠨ ᠪᠦᠳᠦᠭᠡᠨ ᠪᠠᠶᠢᠭᠤᠯᠣᠯᠳᠠ ᠶᠢ ᠲᠦᠷᠭᠡᠳᠭᠡᠬᠦ ᠳᠤᠬᠠᠢ ᠰᠠᠨᠠᠯ ᠵᠡᠷᠭᠡ ᠵᠦᠢᠯᠡᠰ ᠢ ᠰᠤᠳᠤᠯᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ︽13·5︾᠎ ᠶᠢᠨ ᠲᠦᠯᠥᠪᠵᠢᠬᠦᠯᠬᠡ ᠶᠢᠨ ᠬᠦᠳᠦᠯᠪᠦᠷᠢ ᠶᠢ ᠬᠡᠷᠡᠭᠵᠢᠭᠦᠯᠬᠦ ᠲᠤᠭᠳᠠᠴᠠ ᠶᠢ ᠪᠠᠶᠢᠭᠤᠯᠬᠤ ᠨᠢ᠂ ᠲᠦᠯᠦᠪᠵᠢᠭᠦᠯᠭᠡ ᠶᠢᠨ ᠬᠦᠳᠦᠯᠦᠨ ᠳᠠᠭᠠᠭᠤᠯᠬᠤ ᠦᠢᠯᠡᠳᠦᠯ ᠪᠠ ᠬᠦᠯᠢᠶᠡᠰᠦᠯᠡᠨ ᠬᠢᠵᠠᠭᠠᠷᠯᠠᠬᠤ ᠦᠢᠯᠡᠳᠦᠯ ᠢ ᠪᠠᠳᠠᠷᠠᠭᠤᠯᠵᠣ᠂ ᠴᠢᠨᠡᠭᠡᠯᠢᠭ ᠨᠡᠶᠢᠭᠡᠮ ᠢ ᠪᠦᠬᠦ ᠳᠠᠯ᠎ᠠ ᠪᠠᠷ ᠪᠡᠶᠡᠯᠡᠭᠦᠯᠬᠦ ᠬᠠᠷᠠᠯᠳᠠ ᠡᠭᠦᠷᠭᠡ ᠶᠢ ᠪᠡᠶᠡᠯᠡᠬᠦᠯᠬᠦ ᠶᠢ ᠦᠨᠡᠨᠬᠦ ᠪᠠᠳᠣᠯᠠᠬᠤ ᠳᠤ ᠴᠢᠬᠤᠯᠠ ᠪᠠᠳᠤᠯᠠᠪᠣᠷᠢ ᠪᠣᠯᠣᠨ ᠲᠤᠯᠭᠠᠭᠤᠷᠢᠯᠠᠯ ᠤᠨ ᠦᠢᠯᠡᠳᠦᠯ ᠲᠠᠢ᠃ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ ᠠᠵᠢᠯ ᠤᠨ ᠬᠤᠪᠢᠶᠠᠷᠢ ᠪᠠᠨ ᠦᠨᠳᠦᠰᠦᠯᠡᠨ᠂ ᠬᠡᠷᠡᠭᠵᠢᠭᠦᠯᠬᠦ ᠬᠠᠷᠢᠭᠤᠴᠠᠯᠭ᠎ᠠ ᠶᠢ ᠳᠤᠳᠤᠷᠬᠠᠶᠢᠯᠠᠵᠤ᠂ ᠬᠡᠷᠡᠭᠵᠢᠭᠦᠯᠬᠦ ᠲᠤᠭᠳᠠᠴᠠ ᠶᠢᠨ ᠰᠢᠨ᠎ᠡ ᠶᠢ ᠡᠭᠦᠳᠴᠤ᠂ ᠲᠦᠯᠦᠪᠵᠢᠭᠦᠯᠭᠡ ᠶᠢ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠬᠤ ᠬᠡᠷᠡᠭᠳᠠᠢ᠃ ᠲᠦᠯᠦᠪᠵᠢᠭᠦᠯᠭᠡ ᠶᠢ ᠬᠡᠷᠡᠭᠵᠢᠭᠦᠯᠬᠦ ᠬᠦᠳᠡᠯᠦᠩᠭᠦᠢ ᠬᠢᠨᠠᠨ ᠦᠨᠡᠯᠡᠬᠦ ᠰᠢᠰᠲ᠋ᠧᠮᠵᠢ ᠶᠢ ᠪᠠᠶᠢᠭᠤᠯᠣᠨ ᠪᠦᠷᠢᠨᠰᠢᠭᠦᠯᠵᠦ᠂ ᠬᠢᠨᠠᠯᠳᠠ ᠳᠠᠯᠪᠢᠨ ᠰᠢᠯᠭᠠᠨ ᠪᠠᠶᠢᠴᠠᠭᠠᠬᠤ ᠳᠤᠭᠳᠠᠴᠠ ᠶᠢ ᠳᠡᠭᠦᠯᠳᠡᠷᠵᠢᠭᠦᠯᠤᠨ᠂ ᠬᠠᠷᠠᠯᠲᠠ ᠡᠭᠦᠷᠭᠡ ᠶᠢ ᠨᠠᠷᠢᠯᠢᠭᠵᠢᠭᠤᠯᠣᠨ ᠬᠤᠪᠢᠶᠠᠵᠣ᠂ ᠲᠦᠷᠦᠯ ᠵᠦᠢᠯ ᠢ ᠨᠠᠶᠢᠳᠠᠪᠤᠷᠢᠵᠢᠭᠤᠯᠣᠨ ᠦᠷ᠎ᠡ ᠪᠦᠳᠦᠮᠵᠢ ᠣᠯᠬᠤ ᠶᠢ ᠴᠢᠩᠭᠠᠷᠠᠭᠤᠯᠵᠣ᠂ ︽13·5︾᠎ ᠶᠢᠨ ᠲᠦᠯᠦᠪᠵᠢᠭᠦᠯᠭᠡ ᠶᠢᠨ ᠡᠯ᠎ᠡ ᠵᠦᠢᠯ ᠤᠨ ᠬᠠᠷᠠᠯᠳᠠ ᠡᠭᠦᠷᠭᠡ ᠳᠣᠭᠳᠠᠭᠰᠠᠨ ᠬᠤᠭᠤᠴᠠᠭᠠᠨ ᠳᠤ ᠪᠡᠶᠡᠯᠡᠭᠳᠡᠬᠦ ᠶᠢ ᠦᠨᠡᠨᠬᠦ ᠪᠠᠳᠤᠯᠠᠬᠤ ᠬᠡᠷᠡᠭᠳᠠᠢ ᠭᠡᠵᠡᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠳᠤᠯᠬᠤ ᠠᠵᠢᠯ ᠎ ᠢ ᠭᠦᠨᠵᠡᠭᠡᠢ ᠠᠬᠢᠭᠤᠯᠬᠤ ᠪᠤᠯ᠂ ᠶᠠᠳᠠᠭᠤ ᠬᠦᠴᠢᠷᠳᠡᠯᠳᠠᠢ ᠭᠠᠵᠠᠷ ᠤᠷᠤᠨ ᠳᠤ ᠴᠢᠨᠡᠭᠡᠯᠢᠭ ᠨᠡᠶᠢᠭᠡᠮ ᠢ ᠪᠦᠬᠦ ᠳᠠᠯ᠎ᠠ ᠪᠠᠷ ᠪᠡᠶᠡᠯᠡᠭᠦᠯᠬᠦ ᠶᠢ ᠦᠨᠡᠨᠬᠦ ᠪᠠᠳᠣᠯᠠᠬᠤ ᠪᠠᠶᠢᠯᠳᠤᠬᠤ ᠪᠤᠳᠤᠯᠭ᠎ᠠ ᠶᠢᠨ ᠠᠷᠭ᠎ᠠ ᠬᠡᠮᠵᠢᠶ᠎ᠡ ᠪᠤᠯᠤᠨ᠎ᠠ᠃ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠳᠤᠯᠬᠤ ᠠᠵᠢᠯ ᠤᠨ ︽ᠲᠦᠷᠪᠡᠨ ᠦᠨᠡᠨᠬᠦ︾᠂ ︽ᠳᠠᠪᠤᠨ ᠨᠢᠭᠡ ᠪᠦᠯᠦᠭ︾᠂ ︽ᠵᠢᠷᠭᠤᠭᠠᠨ ᠤᠨᠤᠪᠴᠢᠳᠠᠢ︾᠎ ᠶᠢᠨ ᠱᠠᠭᠠᠷᠳᠠᠯᠭ᠎ᠠ ᠶᠣᠰᠣᠭᠠᠷ᠂ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠳᠤᠯᠬᠤ ᠪᠠᠶᠢᠭᠤᠯᠤᠮᠵᠢ ᠲᠤᠭᠳᠠᠴᠠ ᠶᠢ ᠴᠢᠨᠠᠭᠰᠢᠳᠠ ᠰᠢᠨᠡᠴᠢᠯᠡᠵᠦ᠂ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠳᠤᠯᠬᠤ ᠬᠠᠷᠠᠯᠳᠠ ᠡᠭᠦᠷᠭᠡ ᠶᠢ ᠲᠤᠳᠤᠷᠬᠠᠶᠢᠯᠠᠵᠤ᠂ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠪᠡᠯᠡ ᠤᠷᠤᠭᠤᠯᠤᠯᠳᠠ ᠪᠠᠨ ᠨᠡᠮᠡᠭᠳᠡᠭᠦᠯᠵᠤ᠂ ᠰᠠᠯᠠᠭ᠎ᠠ ᠮᠦᠴᠢᠷ ᠤᠨ ᠬᠤᠭᠤᠷᠤᠨᠳᠤᠬᠢ ᠬᠠᠮᠵᠢᠯᠴᠠᠭ᠎ᠠ ᠶᠢ ᠴᠢᠩᠭᠠᠷᠠᠭᠤᠯᠵᠣ᠂ ᠨᠡᠶᠢᠬᠡᠮ ᠤᠨ ᠬᠦᠴᠦᠨ ᠢ ᠳᠠᠶᠢᠴᠢᠯᠠᠵᠣ᠂ ᠦᠨᠳᠦᠰᠤᠨ ᠱᠠᠳᠤᠨ ᠤ ᠠᠮᠢᠵᠢᠷᠠᠯ ᠤᠨ ᠬᠦᠴᠦᠨ ᠢ ᠬᠦᠭᠵᠢᠭᠡᠵᠦ᠂ ᠭᠦᠴᠦᠨ ᠢᠶᠠᠨ ᠲᠦᠪᠯᠡᠷᠡᠭᠦᠯᠦᠨ ᠪᠣᠭᠤᠮᠳᠠ ᠰᠢᠪᠳᠣᠯᠣᠨ ᠬᠦᠴᠢᠷ ᠢ ᠲᠤᠭᠤᠯᠵᠣ᠂ ᠤᠨᠢᠨ ᠳᠡᠭᠡᠷ᠎ᠡ ᠨᠢ ᠶᠠᠳᠠᠭᠤ ᠶᠢ ᠳᠡᠳᠬᠦᠬᠦ᠂ ᠤᠨᠢᠨ ᠳᠡᠭᠡᠷ᠎ᠡ ᠨᠢ ᠶᠠᠳᠠᠭᠤ ᠠᠴᠠ ᠠᠩᠬᠢᠵᠢᠷᠠᠭᠤᠯᠬᠤ ᠶᠢ ᠪᠦᠬᠦ ᠳᠠᠯ᠎ᠠ ᠪᠠᠷ ᠠᠬᠢᠭᠤᠯᠵᠤ᠂ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠳᠤᠯᠬᠤ ᠡᠭᠦᠷᠭᠡ ᠶᠢ ᠳᠣᠭᠳᠠᠭᠰᠠᠨ ᠴᠠᠭ ᠲᠠᠭᠠᠨ ᠪᠡᠶᠡᠯᠡᠬᠦᠯᠬᠦ ᠶᠢ ᠦᠨᠡᠨᠬᠦ ᠪᠠᠳᠤᠯᠠᠬᠤ ᠬᠡᠷᠡᠭᠳᠠᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠵᠠᠮ ᠬᠠᠷᠢᠯᠴᠠᠭ᠎ᠠ ᠶᠢᠨ ᠰᠠᠭᠤᠷᠢ ᠪᠡᠯᠡᠳᠬᠡᠮᠵᠢ ᠶᠢᠨ ᠪᠦᠳᠦᠭᠡᠨ ᠪᠠᠶᠢᠭᠤᠯᠤᠯᠳᠠ ᠶᠢ ᠴᠢᠨᠠᠭᠰᠢᠳᠠ ᠲᠦᠷᠬᠡᠳᠭᠡᠵᠤ᠂ ᠠᠮᠤᠷ ᠲᠦᠪᠰᠢᠨ ᠲᠦᠭᠦᠮ ᠳᠦᠳᠡ᠂ ᠰᠠᠭᠠᠳ ᠦᠭᠡᠢ ᠦᠨᠳᠦᠷ ᠪᠦᠳᠦᠮᠵᠢᠳᠡᠢ᠂ ᠪᠤᠬᠢᠷᠳᠣᠯ ᠦᠭᠡᠢ ᠤᠶᠤᠨᠴᠢᠯᠠᠭᠰᠠᠨ ᠤᠳᠤ ᠦᠶ᠎ᠡ ᠶᠢᠨ ᠶᠡᠷᠦᠩᠭᠡᠶᠢᠯᠡᠭᠰᠡᠨ ᠵᠠᠮ ᠬᠠᠷᠢᠯᠴᠠᠭ᠎ᠠ ᠳᠡᠭᠡᠭᠡᠪᠦᠷᠢ ᠶᠢᠨ ᠰᠢᠰᠲ᠋ᠧᠮᠵᠢ ᠶᠢ ᠲᠦᠷᠭᠡᠳᠭᠡᠨ ᠪᠠᠶᠢᠭᠤᠯᠬᠤ ᠨᠢ᠂ ᠮᠠᠨ ᠤ ᠤᠷᠤᠨ ᠴᠢᠨᠡᠭᠡᠯᠢᠭ ᠨᠡᠶᠢᠭᠡᠮ ᠢ ᠪᠦᠬᠦ ᠳᠠᠯ᠎ᠠ ᠪᠠᠷ ᠪᠡᠶᠡᠯᠡᠭᠦᠯᠬᠦ ᠶᠢᠨ ᠪᠠᠳᠤ ᠪᠠᠬᠢ ᠰᠠᠭᠤᠷᠢ ᠪᠣᠯᠣᠨ ᠪᠦᠳᠦᠮᠵᠢᠳᠡᠢ ᠴᠢᠬᠤᠯᠠ ᠪᠠᠳᠤᠯᠠᠭ᠎ᠠ ᠪᠤᠯᠤᠨ᠎ᠠ᠃ ᠡᠯ᠎ᠡ ᠭᠠᠵᠠᠷ ᠤᠷᠤᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠪᠦᠳᠦᠭᠡᠨ ᠪᠠᠶᠢᠭᠤᠯᠣᠯᠳᠠ ᠶᠢᠨ ᠬᠠᠮᠢᠶᠠᠷᠤᠯᠳᠠ ᠶᠢᠨ ᠪᠠᠶᠢᠭᠤᠯᠤᠮᠵᠢ ᠶᠢ ᠳᠡᠭᠦᠯᠳᠡᠷᠵᠢᠭᠦᠯᠵᠤ᠂ ᠵᠠᠮ ᠬᠠᠷᠢᠯᠴᠠᠭ᠎ᠠ ᠶᠢᠨ ᠪᠦᠳᠦᠭᠡᠨ ᠪᠠᠶᠢᠭᠤᠯᠤᠯᠳᠠ ᠶᠢᠨ ᠪᠦᠳᠦᠮᠵᠢᠳᠡᠢ ᠪᠡᠯᠡ ᠤᠷᠤᠭᠤᠯᠤᠯᠳᠠ ᠶᠢ ᠨᠠᠶᠢᠳᠠᠪᠤᠷᠢᠵᠢᠭᠤᠯᠵᠣ᠂ ᠪᠡᠯᠡ ᠤᠷᠤᠭᠤᠯᠵᠤ ᠪᠡᠯᠡ ᠴᠤᠭᠯᠠᠭᠤᠯᠬᠤ ᠠᠷᠭ᠎ᠠ ᠬᠡᠯᠪᠡᠷᠢ ᠶᠢᠨ ᠰᠢᠨ᠎ᠡ ᠶᠢ ᠡᠬᠦᠳᠦᠨ᠂ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠ ᠬᠢᠨᠠᠯᠳᠠ ᠦᠨᠡᠯᠡᠯᠳᠡ ᠪᠠᠨ ᠴᠢᠩᠭᠠᠳᠬᠠᠵᠦ᠂ ᠦᠪᠡᠷᠳᠡᠭᠡᠨ ᠵᠠᠰᠠᠬᠤ ᠤᠷᠤᠨ ᠤ ᠤᠳᠤ ᠦᠶ᠎ᠡ ᠶᠢᠨ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠶᠢᠨ ᠪᠦᠳᠦᠭᠡᠨ ᠪᠠᠶᠢᠭᠤᠯᠤᠯᠳᠠ ᠶᠢᠨ ᠤᠷᠤᠭᠰᠢᠳᠠᠢ ᠠᠬᠢᠬᠤ ᠶᠢ ᠦᠨᠡᠨᠬᠦ ᠪᠠᠳᠤᠯᠠᠬᠤ ᠬᠡᠷᠡᠭᠳᠠᠢ ᠬᠡᠪᠡ᠃      ᠬᠤᠷᠠᠯ ᠠᠴᠠ ᠪᠠᠰᠠ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠬᠦᠯᠬᠦ ᠨᠠᠷᠢᠨ ᠲᠦᠷᠢᠮ᠂ ᠬᠢᠯᠢ ᠳᠠᠭᠠᠦ ᠭᠤᠤᠯᠳᠠᠯᠭ᠎ᠠ ᠲᠠᠢ ᠭᠠᠵᠠᠷ ᠤᠷᠤᠨ ᠢ ᠨᠡᠭᠡᠭᠡᠨ ᠬᠦᠭᠵᠢᠭᠦᠯᠵᠦ ᠨᠡᠭᠡᠭᠡᠯᠳᠡ ᠬᠢᠬᠦ ᠳᠣᠬᠠᠢ ᠬᠡᠷᠡᠭᠵᠢᠭᠦᠯᠬᠦ ᠰᠠᠨᠠᠯ᠂ ︽13·5︾᠎ ᠶᠢᠨ ᠬᠤᠭᠤᠴᠠᠭᠠᠨ ᠳᠠᠬᠢ ᠴᠡᠷᠢᠭ ᠤᠨ ᠬᠡᠷᠡᠭᠯᠡᠭᠡᠨ ᠤ ᠪᠠ ᠠᠷᠠᠳ ᠤᠨ ᠬᠡᠷᠡᠭᠯᠡᠭᠡᠨ ᠤ ᠠᠵᠤ ᠦᠢᠯᠡᠰ ᠢ ᠭᠦᠨᠵᠡᠭᠡᠢ ᠠᠭᠤᠰᠤᠯᠴᠠᠭᠤᠯᠤᠨ ᠬᠦᠭᠵᠢᠬᠦᠯᠬᠦ ᠲᠦᠯᠦᠪᠵᠢᠭᠦᠯᠭᠡ ᠪᠣᠯᠣᠨ ᠦᠪᠡᠷᠳᠡᠭᠡᠨ ᠵᠠᠰᠠᠬᠤ ᠤᠷᠤᠨ ᠤ ᠬᠠᠤᠯᠢ ᠴᠠᠭᠠᠵᠠ ᠶᠢᠨ ᠲᠤᠰᠬᠠᠢ ᠮᠡᠷᠭᠡᠵᠢᠯᠳᠡᠳ ᠤᠨ ᠬᠦᠮᠦᠷᠭᠡ ᠶᠢ ᠪᠠᠶᠢᠭᠤᠯᠬᠤ ᠠᠵᠢᠯ ᠵᠡᠷᠭᠡ ᠵᠦᠢᠯᠡᠰ ᠢ ᠰᠤᠳᠤᠯᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号