| ᠥᠪᠥᠷ ᠮᠣᠩᠭᠤᠯ ᠬᠢᠭᠡᠳ ᠲᠥᠪ ᠤᠨ ᠠᠵᠤ ᠠᠬᠤᠶᠢᠯᠠᠯ ᠤᠨ ᠬᠠᠮᠲᠤᠷᠠᠯᠴᠠᠭᠠᠨ ᠤ ᠵᠥᠪᠳᠡᠯᠴᠡᠭᠡᠷ ᠲᠣᠭᠲᠠᠬᠤ | ᠶᠠᠷᠢᠯᠴᠠᠬᠤ ᠬᠤᠷᠠᠯ ᠤᠨ ᠠᠬᠤᠢ ᠲᠠᠯᠠᠪᠠᠢ | 2 ᠳ᠋ᠤᠭᠠᠷ ᠰᠠᠷ᠎ᠠ ᠶᠢᠨ 27 ᠤ ᠡᠳᠦᠷ ᠶᠠᠪᠤᠭᠳᠠᠭᠰᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ | ᠬᠢᠭᠡᠳ ᠲᠥᠪ ᠤᠨ ᠠᠵᠤ ᠠᠬᠤᠶᠢᠯᠠᠯ ᠤᠨ ᠬᠠᠮᠲᠤᠷᠠᠯᠴᠠᠭᠠᠨ ᠤ ᠶᠠᠷᠢᠯᠴᠠᠬᠤ ᠬᠤᠷᠠᠯ ᠳᠡᠭᠡᠷ᠎ᠡ᠂ ᠲᠤᠰ ᠡᠳᠦᠷ ᠤᠨ | ᠦᠳᠡ ᠶᠢᠨ ᠡᠮᠦᠨ᠎ᠡ 88 ᠴᠢᠬᠤᠯᠠ ᠶᠡᠭᠡ ᠲᠦᠷᠦᠯ ᠵᠦᠢᠯ ᠤᠨ ᠵᠥᠪᠳᠡᠯᠴᠡᠭᠡᠷ ᠲᠣᠭᠲᠠᠵᠤ ᠶᠡᠷᠦᠩᠬᠡᠶ ᠪᠡᠯᠡ | ᠣᠷᠣᠭᠤᠯᠤᠯᠲᠠ ᠨᠢ 4020 ᠳ᠋ᠦᠩᠰᠢᠭᠤᠷ ᠲᠥᠭᠦᠷᠢᠭ ᠲᠤ ᠬᠦᠷᠪᠡ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠯᠢ ᠵᠢᠶ ᠾᠧᠩ | ᠵᠢᠭᠠᠵᠤ ᠭᠠᠷᠭᠠᠭᠰᠠᠨ ᠨᠢ᠂ ᠥᠪᠡᠷᠲᠡᠭᠡᠨ ᠵᠠᠰᠠᠬᠤ ᠣᠷᠣᠨ ᠬᠢᠭᠡᠳ ᠲᠥᠪ ᠤᠨ ᠠᠵᠤ ᠠᠬᠤᠶᠢᠯᠠᠯ ᠤᠨ | ᠬᠠᠮᠲᠤᠷᠠᠯᠴᠠᠭᠠᠨ ᠤ ᠶᠠᠷᠢᠯᠴᠠᠬᠤ ᠬᠤᠷᠠᠯ ᠬᠤᠷᠠᠯᠳᠤᠭᠤᠯᠵᠤ᠂ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ | ᠵᠥᠪᠳᠡᠯᠴᠡᠭᠡᠷ ᠲᠣᠭᠲᠠᠭᠰᠠᠨ ᠶᠠᠪᠤᠳᠠᠯ ᠨᠢ᠂ ᠲᠥᠪ ᠤᠨ ᠠᠵᠤ ᠠᠬᠤᠶᠢᠯᠠᠯ ᠬᠢᠭᠡᠳ ᠣᠷᠣᠨ ᠨᠤᠲᠤᠭ ᠤᠨ | ᠬᠠᠮᠲᠤᠷᠠᠯᠴᠠᠭ᠎ᠠ ᠶᠢ ᠨᠡᠩ ᠠᠬᠢᠭᠤᠯᠬᠤ ᠨᠢ ᠯᠠᠪᠲᠠᠶ ᠶᠤᠮ ᠭᠡᠪᠡ᠃ | ᠲᠦᠷᠦ ᠶᠢᠨ ᠶᠠᠪᠤᠳᠠᠯ ᠤᠨ ᠬᠤᠷᠢᠶ᠎ᠠ ᠶᠢᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ | ᠬᠠᠮᠢᠶᠠᠷᠤᠯᠲᠠ ᠶᠢᠨ ᠵᠥᠪᠯᠡᠯ ᠤᠨ ᠨᠠᠮ ᠤᠨ ᠬᠤᠷᠢᠶ᠎ᠠ ᠶᠢᠨ ᠱᠦᠵᠢ ᠬᠤᠤ ᠫᠸᠡᠭ ᠶᠠᠷᠢᠶᠠᠨ ᠳᠠᠭᠠᠨ ᠵᠢᠭᠠᠵᠤ | ᠭᠠᠷᠭᠠᠭᠰᠠᠨ ᠨᠢ᠂ ᠲᠥᠪ ᠤᠨ ᠠᠵᠤ ᠠᠬᠤᠶᠢᠯᠠᠯ ᠨᠢ ᠨᠡᠩ ᠳᠡᠭᠡᠳᠦ ᠳᠡᠰ ᠳᠠᠪᠬᠤᠷᠭ᠎ᠠ᠂ ᠨᠡᠩ ᠥᠷᠭᠡᠨ ᠬᠦᠷᠢᠶᠡᠨ | ᠳᠤ ᠥᠪᠥᠷ ᠮᠣᠩᠭᠤᠯ ᠯᠤᠭ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠨ᠂ ᠥᠪᠥᠷ | ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠲᠠᠢ ᠮᠥᠷᠥ ᠵᠡᠷᠭᠡᠴᠡᠨ ᠤᠷᠤᠭᠰᠢᠯᠠᠵᠤ᠂ | ᠥᠪᠡᠷ ᠢ ᠪᠠᠨ ᠰᠠᠶᠢᠨ ᠪᠥᠭᠡᠳ ᠲᠦᠷᠭᠡᠨ ᠬᠥᠭᠵᠢᠭᠦᠯᠬᠦ ᠶᠢᠨ ᠬᠠᠮᠲᠤ᠂ ᠥᠪᠥᠷ ᠮᠣᠩᠭᠤᠯ ᠤᠨ ᠠᠵᠤ ᠠᠬᠤᠶ ᠶᠢᠨ | ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠳᠤᠨᠢ ᠳᠡᠮᠵᠢᠯᠭᠡ ᠦᠵᠡᠭᠦᠯᠵᠦ᠂ ᠥᠪᠥᠷ ᠮᠣᠩᠭᠤᠯ ᠤᠨ ᠠᠵᠤ | ᠠᠬᠤᠢ ᠶᠢᠨ ᠡᠶ᠎ᠡ ᠵᠣᠬᠢᠴᠠᠩᠭᠤᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠪᠡ᠃ |