2016 ᠣᠨ ᠳᠤ᠂ ᠤᠯᠠᠭᠠᠨᠴᠠᠪ ᠬᠤᠲᠠ ᠶᠢᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠥᠳᠥᠭᠡᠨ | ᠪᠠᠶᠢᠭᠤᠯᠤᠯᠲᠠ ᠶᠢᠨ ᠠᠵᠢᠯ ᠢᠯᠡᠳᠲᠡ ᠦᠷ᠎ᠡ ᠪᠦᠲᠦᠮᠵᠢ ᠤᠯᠪᠠ᠃ ᠬᠤᠲᠠ ᠶᠢᠨ ᠪᠥᠳᠤᠭᠡᠨ ᠪᠠᠶᠢᠭᠤᠯᠤᠯᠲᠠ ᠶᠢᠨ | ᠪᠡᠯᠡ ᠣᠷᠣᠭᠤᠯᠤᠯᠲᠠ ᠨᠢ ᠯᠠᠪᠳᠠᠭᠤᠨ ᠢᠶᠠᠷ ᠨᠡᠮᠡᠭᠳᠡᠪᠡ᠃ ᠤᠯᠠᠭᠠᠨᠴᠠᠪ ᠬᠤᠲᠠ ᠬᠤᠲᠠ ᠶᠢᠨ ᠪᠦᠲᠦᠭᠡᠨ | ᠪᠠᠶᠢᠭᠤᠯᠤᠯᠲᠠ ᠶᠢᠨ 570 ᠲᠦᠷᠦᠯ ᠵᠦᠢᠯ ᠢ ᠬᠡᠷᠡᠭᠵᠢᠬᠦᠯᠵᠤ᠂ 102 ᠳ᠋ᠦᠡᠭᠰᠢᠭᠤᠷ ᠲᠥᠭᠦᠷᠢᠭ ᠤᠨ ᠪᠡᠯᠡ | ᠣᠷᠣᠭᠤᠯᠤᠯᠲᠠ ᠶᠢ ᠪᠡᠶᠡᠯᠡᠭᠦᠯᠵᠦ᠂ ᠳᠡᠭᠡᠷ᠎ᠡ ᠵᠢᠯ ᠤᠨ ᠬᠢ ᠠᠴᠠ 9.4% ᠪᠠᠷ ᠨᠡᠮᠡᠭᠳᠡᠪᠡ᠃ ᠬᠤᠲᠠ ᠶᠢᠨ | ᠤᠮᠪᠠᠯᠲᠠ ᠶᠢᠨ ᠣᠷᠳᠣᠨ᠂ ᠲᠣᠣᠷ ᠪᠥᠮᠪᠦᠭᠡ ᠶᠢᠨ ᠣᠷᠳᠣᠨ ᠂ ᠮᠸᠡᠭ ᠶᠤᠸᠠᠨ ᠰᠣᠶᠣᠯ ᠤᠨ ᠦᠵᠡᠭᠦᠯᠦᠯᠭᠡ ᠶᠢᠨ | ᠬᠦᠷᠢᠶᠡᠯᠡᠩ ᠵᠡᠷᠭᠡ ᠨᠢᠭᠡ ᠪᠦᠯᠦᠭ ᠭᠤᠣᠯᠳᠠᠯᠭ᠎ᠠ ᠲᠠᠢ ᠢᠨᠵᠧᠨᠧᠷᠢᠩ ᠢ ᠵᠠᠯᠭᠠᠭ᠎ᠠ ᠪᠠᠷ ᠪᠠᠶᠢᠭᠤᠯᠵᠤ ᠡᠬᠢᠯᠡᠪᠡ᠃ | ᠬᠤᠳᠠ ᠶᠢᠨ ᠪᠦᠳᠦᠭᠡᠨ ᠪᠠᠶᠢᠭᠤᠯᠤᠯᠲᠠ ᠨᠢ ᠬᠡᠪᠴᠢᠶ᠎ᠡ ᠶᠢ ᠦᠷᠭᠡᠳᠭᠡᠵᠤ ᠪᠠᠶᠢᠭᠰᠠᠨ ᠠᠴᠠ ᠪᠠᠨ ᠴᠢᠨᠠᠷ ᠢ | ᠳᠡᠭᠡᠭᠰᠢᠯᠡᠬᠦᠯᠬᠦ ᠲᠡᠰᠢ ᠴᠢᠬᠤᠯᠠ ᠶᠡᠭᠡ ᠬᠤᠪᠢᠷᠠᠯᠲᠠ ᠭᠠᠷᠭᠠᠵᠤ᠂ ᠬᠤᠳᠠ ᠪᠠᠯᠭᠠᠰᠤᠵᠢᠯᠲᠡ ᠶᠢᠨ ᠨᠣᠷᠮ᠎ᠠ ᠨᠢ | 48.3% ᠳᠤ ᠬᠦᠷᠦᠭᠰᠡᠨ ᠪᠠᠶᠢᠨ᠎ᠠ᠃ ᠬᠢᠮᠳᠠ ᠲᠣᠬᠢᠯᠢᠭ ᠣᠷᠣᠨ ᠰᠠᠭᠤᠴᠠ ᠶᠢᠨ ᠢᠨᠵᠧᠨᠧᠷᠢᠩ ᠢ ᠡᠮᠬᠢ | ᠵᠢᠷᠤᠮ ᠲᠠᠢ ᠪᠠᠷ ᠲᠦᠯᠬᠢᠨ ᠠᠬᠢᠭᠤᠯᠪᠠ᠃ ᠤᠯᠠᠭᠠᠨᠴᠠᠪ ᠬᠤᠲᠠ ᠬᠤᠲᠠ ᠶᠢᠨ 16595 ᠳᠥᠭᠦᠮ ᠪᠦᠳᠦᠴᠡᠳᠦ | ᠣᠷᠣᠨ ᠰᠠᠭᠤᠴᠠ ᠶᠢᠨ ᠲᠣᠭᠤᠷᠢᠭ ᠢ ᠦᠭᠡᠷᠡᠴᠢᠯᠡᠨ ᠰᠢᠨ᠎ᠡ ᠪᠠᠷ ᠪᠠᠷᠢᠯᠭ᠎ᠠ ᠡᠬᠢᠯᠡᠬᠦᠯᠵᠤ᠂ ᠪᠠᠷᠢᠯᠭ᠎ᠠ ᠡᠬᠢᠯᠡᠭᠰᠡᠨ | ᠨᠣᠷᠮ᠎ᠠ ᠨᠢ 100.3% ᠳᠤ ᠬᠦᠷᠴᠦ᠂ ᠵᠤᠭᠤᠰᠴᠢᠯᠠᠭᠰᠠᠨ ᠲᠥᠪᠬᠢᠨᠡᠭᠦᠯᠦᠯᠲᠡ ᠶᠢᠨ ᠨᠤᠷᠮ᠎ᠠ ᠨᠢ 98.2% ᠲᠤ | ᠬᠦᠷᠪᠡ᠃ ᠮᠠᠯᠵᠢᠬᠤ ᠲᠠᠷᠢᠶᠠᠯᠠᠬᠤ ᠣᠷᠣᠨ ᠤ 4.1 ᠲᠦᠮᠡᠨ ᠡᠷᠦᠬᠡ ᠨᠤᠷᠠᠬᠤ ᠠᠶᠤᠯᠲᠠᠶ ᠭᠡᠷ ᠪᠠᠶᠢᠰᠢᠩ ᠢ | ᠦᠭᠡᠷᠡᠴᠢᠯᠡᠵᠤ᠂ ᠮᠠᠯᠵᠢᠬᠤ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ | ᠴᠡᠭᠴᠡᠯᠡᠨ ᠰᠠᠶᠢᠵᠢᠷᠠᠭᠤᠯᠬᠤ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠳᠦᠭᠡᠠ ᠪᠠᠶᠢᠭᠤᠯᠬᠤ | ᠦᠬᠡᠷᠡᠷᠴᠢᠯᠡᠯᠲᠡ ᠢᠯᠡᠳᠲᠡ ᠦᠷ᠎ᠡ ᠪᠦᠲᠦᠮᠵᠢ ᠤᠯᠪᠠ᠃ ᠭᠡᠷ ᠭᠠᠵᠠᠷ ᠬᠦᠷᠦᠩᠭᠡ ᠶᠢᠨ ᠦᠯᠡᠬᠦᠦ ᠬᠠᠳᠠᠭᠠᠯᠠᠮᠵᠢ ᠶᠢ | ᠦᠭᠡᠶᠢᠰᠬᠡᠬᠦ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠪᠠ᠃ ᠤᠷᠢᠳ ᠬᠤᠵᠢᠳ ︽ᠬᠡᠷ ᠭᠠᠵᠠᠷ | ᠬᠥᠷᠥᠩᠭᠡ ᠶᠢᠨ ᠦᠯᠡᠭᠦᠤ ᠬᠠᠳᠠᠭᠠᠯᠠᠮᠵᠢ ᠶᠢ ᠦᠭᠡᠶᠢᠰᠬᠡᠬᠦ ᠠᠵᠢᠯ ᠢ ᠰᠠᠶᠢᠲᠤᠷ ᠬᠢᠵᠦ ᠭᠡᠷ ᠭᠠᠵᠠᠷ ᠬᠦᠷᠦᠩᠭᠡ ᠶᠢ | ᠲᠣᠭᠲᠠᠭᠤᠨ ᠢᠶᠠᠷ ᠬᠦᠭᠵᠢᠬᠦᠯᠬᠦ ᠶᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾ ᠪᠣᠯᠤᠨ ︽ᠤᠯᠠᠭᠠᠨᠴᠠᠪ | ᠬᠤᠲᠠ ᠶᠢᠨ ᠬᠡᠷ ᠭᠠᠵᠠᠷ ᠬᠥᠷᠥᠩᠭᠡ ᠶᠢᠨ ᠦᠯᠡᠬᠦᠦ ᠬᠠᠳᠠᠭᠠᠯᠠᠮᠵᠢ ᠶᠢ ᠦᠭᠡᠶᠢᠰᠭᠡᠬᠦ ᠲᠤᠬᠠᠶ ᠵᠢᠯᠣᠭᠤᠳᠬᠤ ᠰᠠᠨᠠᠯ︾ | ᠢ ᠨᠡᠶᠢᠲᠡᠯᠡᠵᠤ᠂ ︽ᠤᠷᠤᠨ ᠰᠠᠭᠤᠴᠠ ᠶᠢᠨ ᠪᠢᠯᠧᠲ ᠤᠨ ᠳᠦᠷᠢᠮ︾᠂ ᠳᠦᠭᠦᠮ ᠪᠦᠲᠦᠴᠡᠲᠦ ᠤᠷᠤᠨ | ᠰᠠᠭᠤᠴᠠ ᠶᠢᠨ ᠲᠣᠭᠤᠷᠢᠭ ᠢ ᠦᠬᠡᠷᠡᠴᠢᠯᠡᠨ ᠵᠤᠭᠤᠰᠴᠢᠯᠠᠨ ᠲᠦᠪᠬᠢᠨᠡᠬᠦᠯᠬᠦ᠂ ᠭᠡᠷ ᠪᠠᠶᠢᠰᠢᠩ ᠤᠨ ᠦᠵᠡᠬᠦᠯᠦᠯᠭᠡ᠂ | ᠭᠡᠷ ᠪᠠᠶᠢᠰᠢᠩ ᠤᠨ ᠰᠤᠷᠪᠤᠯᠵᠢ ᠶᠢᠨ ᠬᠡᠳᠦ ᠳᠡᠯᠭᠡᠭᠦᠷ ᠵᠡᠷᠭᠡ ᠠᠷᠭ᠎ᠠ ᠬᠡᠮᠵᠢᠶ᠎ᠡ ᠠᠪᠴᠤ᠂ ᠪᠦᠬᠦ ᠵᠢᠯ ᠳᠤ 22466 | ᠢᠵᠢ 231 ᠲᠦᠮᠡᠨ ᠲᠡᠭᠰᠢ ᠳᠥᠷᠪᠡᠯᠵᠢᠨ ᠮᠧᠲᠷ ᠲᠠᠸᠠᠷ ᠤᠨ ᠣᠷᠣᠨ ᠰᠠᠭᠤᠴᠠ ᠶᠢ ᠪᠤᠷᠤᠯᠠᠭᠤᠯᠵᠤ᠂ ᠲᠤᠰ | ᠲᠤᠰ ᠠᠳᠠᠯᠢ ᠬᠤᠭᠤᠴᠠᠭᠠᠨ ᠤ ᠬᠢ ᠠᠴᠠ 27.66% ᠪᠠ 27.97% ᠪᠠᠷ ᠨᠡᠮᠡᠭᠳᠡᠵᠤ᠂ ᠣᠷᠣᠨ ᠰᠠᠭᠤᠴᠠ ᠶᠢᠨ | ᠪᠤᠰᠤ ᠬᠠᠳᠠᠭᠠᠯᠠᠮᠵᠢ ᠶᠢ 81 ᠲᠦᠮᠡᠨ ᠲᠡᠭᠰᠢ ᠳᠥᠷᠪᠡᠯᠵᠢᠨ ᠮᠧᠲᠷ ᠰᠢᠩᠭᠡᠭᠡᠵᠤ᠂ ᠠᠳᠠᠯᠢ ᠬᠤᠭᠤᠴᠠᠭᠠᠨ ᠤ | ᠬᠢ ᠠᠴᠠ 24.21% ᠪᠠᠷ ᠨᠡᠮᠡᠭᠳᠡᠪᠡ᠃ ᠬᠤᠳᠠ ᠶᠢᠨ ᠪᠥᠳᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠢᠷᠢ | ᠲᠦᠪᠰᠢᠨ ᠲᠠᠰᠤᠷᠠᠯᠲᠠ ᠦᠭᠡᠢ ᠳᠡᠭᠡᠭᠰᠢᠯᠡᠪᠡ᠃ ᠵᠠᠮ᠂ ᠤᠰᠤ᠂ ᠳᠤᠯᠠᠭᠠᠯᠠᠯᠭ᠎ᠠ᠂ ᠬᠡᠢ ᠵᠡᠷᠭᠡ ᠨᠡᠶᠢᠲᠡ ᠶᠢᠨ | ᠬᠡᠷᠡᠭᠯᠡᠭᠡᠨ ᠤ ᠪᠡᠯᠡᠳᠭᠡᠮᠵᠢ ᠶᠢᠨ 307 ᠲᠦᠷᠦᠯ ᠵᠦᠢᠯ ᠢ ᠬᠡᠷᠡᠭᠵᠢᠭᠦᠯᠵᠦ᠂ ᠲᠤᠭᠠᠵᠢᠭᠤᠯᠤᠭᠰᠠᠨ ᠬᠤᠲᠠ ᠶᠢᠨ | ᠬᠠᠮᠢᠶᠠᠷᠤᠯᠲᠠ᠂ ᠠᠮᠢᠳᠤᠷᠠᠯ ᠤᠨ ᠬᠤᠭ ᠨᠣᠪᠰᠢ ᠪᠠᠷ ᠴᠠᠬᠢᠯᠭᠠᠨ ᠭᠠᠷᠭᠠᠬᠤ ᠵᠡᠷᠭᠡ ᠪᠠᠷᠢᠯᠭ᠎ᠠ ᠶᠢᠨ ᠲᠦᠷᠦᠯ ᠵᠦᠢᠯ ᠢ | ᠡᠬᠢᠯᠡᠭᠦᠯᠵᠤ᠂ ᠭᠤᠣᠯ ᠬᠤᠳᠠ ᠶᠢᠨ ᠲᠣᠭᠤᠷᠢᠭ ᠲᠤ ᠲᠤᠭᠠᠵᠢᠭᠤᠯᠤᠭᠰᠠᠨ ᠤᠰᠤ ᠬᠠᠨᠭ᠍ᠭᠠᠯᠲᠠ ᠶᠢ ᠪᠡᠶᠡᠯᠡᠭᠦᠯᠵᠦ᠂ | ︽ᠲᠠᠪᠤᠨ ᠬᠤᠳᠠ ᠬᠤᠯᠪᠣᠭᠠᠯᠠᠨ ᠰᠢᠨ᠎ᠡ ᠶᠢ ᠡᠭᠦᠳᠬᠦ︾᠂ ᠬᠤᠳᠠ ᠶᠢᠨ ᠬᠠᠤᠯᠢ ᠬᠡᠷᠡᠭᠵᠢᠭᠦᠯᠦᠯᠲᠡ ᠶᠢᠨ | ᠪᠠᠶᠢᠭᠤᠯᠤᠮᠵᠢ ᠶᠢᠨ ᠥᠭᠡᠷᠡᠴᠢᠯᠡᠯᠲᠡ ᠶᠢ ᠬᠦᠨᠵᠡᠭᠡᠶᠢᠷᠡᠭᠦᠯᠦᠭᠰᠡᠨ ᠪᠠ ︽ᠠᠳᠠᠯ ᠠᠬᠤᠶ ᠶᠢᠨ ᠵᠢᠷᠤᠮᠵᠢᠭᠰᠠᠨ ᠣᠨ︾ | ᠤ ᠠᠵᠢᠯᠯᠠᠭ᠎ᠠ ᠵᠡᠷᠭᠡ ᠠᠵᠢᠯ ᠢ ᠯᠠᠪᠳᠠᠭᠤᠨ ᠪᠠᠲᠤᠲᠠᠶ ᠭᠦᠨᠵᠡᠭᠡᠶ ᠦᠷᠨᠢᠬᠦᠯᠪᠡ᠃ ᠨᠢᠳᠤᠨᠤᠨ ᠤ ᠨᠢᠭᠡ ᠵᠢᠯ ᠤᠨ | ᠲᠤᠷᠰᠢ᠂ ᠤᠯᠠᠭᠠᠨᠴᠠᠪ ᠬᠤᠲᠠ ᠶᠢᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ ᠶᠢᠨ | ᠠᠵᠢᠯ ᠨᠢ ᠪᠠᠰᠠ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ᠂ | ᠪᠠᠷᠢᠯᠭ᠎ᠠ ᠶᠢᠨ ᠵᠠᠬ᠎ᠠ ᠳᠡᠯᠭᠡᠭᠦᠷ ᠤᠨ ᠠᠵᠢᠯᠯᠠᠭᠠᠨ ᠤ ᠳᠦᠷᠢᠮᠵᠢᠯ᠂ ᠨᠢᠭᠡᠨᠲᠡ ᠪᠠᠶᠢᠭ᠎ᠠ ᠪᠠᠷᠢᠯᠭ᠎ᠠ ᠶᠢᠨ ᠡᠨᠧᠷᠭᠢ | ᠠᠷᠪᠢᠯᠠᠬᠤ ᠥᠭᠡᠷᠡᠴᠢᠯᠡᠯᠲᠡ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠵᠡᠷᠭᠡ ᠲᠠᠯ᠎ᠠ ᠪᠠᠷ ᠢᠯᠡᠳᠲᠡ | ᠦᠷ᠎ᠡ ᠪᠦᠲᠦᠮᠵᠢ ᠤᠯᠤᠭᠰᠠᠨ ᠪᠠᠶᠢᠨ᠎ᠠ᠃ |