ᠦᠪᠦᠷ ᠮᠤᠩᠭᠤᠯ ᠤᠨ ᠨᠠᠮ ᠤᠨ ᠰᠤᠷᠭᠠᠭᠤᠯᠢ ᠦᠪᠦᠷ ᠮᠤᠩᠭᠤᠯ ᠤᠨ ᠵᠠᠰᠠᠭ ᠵᠠᠬᠢᠷᠭᠠᠨ ᠤ ᠲᠡᠭᠡᠳᠦ ᠰᠤᠷᠭᠠᠭᠤᠯᠢ 2017 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠡᠬᠢᠯᠡᠭᠦ ᠶᠤᠰᠤᠯᠠᠯ ᠶᠠᠪᠤᠭᠤᠯᠪᠠ
ᠨᠡᠶᠢᠲᠡᠯᠡᠭᠰᠡᠨ ᠴᠠᠭ᠄
2017-03-01
     2 ᠳ᠋ᠤᠭᠠᠷ ᠰᠠᠷ᠎ᠠ ᠶᠢᠨ 28 ᠤ ᠦᠳᠡ ᠶᠢᠨ ᠡᠮᠦᠨ᠎ᠠ᠂ ᠦᠪᠦᠷ ᠮᠤᠩᠭᠤᠯ ᠤᠨ ᠨᠠᠮ ᠤᠨ ᠰᠤᠷᠭᠠᠭᠤᠯᠢ᠂ ᠦᠪᠦᠷ ᠮᠤᠩᠭᠤᠯ ᠤᠨ ᠵᠠᠰᠠᠭ ᠵᠠᠬᠢᠷᠭᠠᠨ ᠤ ᠲᠡᠭᠡᠳᠦ ᠰᠤᠷᠭᠠᠭᠤᠯᠢ 2017 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠡᠬᠢᠯᠡᠭᠦ ᠶᠤᠰᠤᠯᠠᠯ ᠶᠠᠪᠤᠭᠤᠯᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠦᠷ ᠮᠤᠩᠭᠤᠯ ᠤᠨ ᠨᠠᠮ ᠤᠨ ᠰᠤᠷᠭᠠᠭᠤᠯᠢ ᠶᠢᠨ ᠵᠠᠬᠢᠷᠤᠯ ᠯᠢ ᠵᠢᠶᠠ ᠶᠠᠷᠢᠶ᠎ᠠ ᠲᠠᠯᠪᠢᠵᠤ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠦᠪᠡᠷᠳᠡᠭᠡᠨ ᠵᠠᠰᠠᠬᠤ ᠤᠷᠤᠨ ᠤ ᠪᠠᠶᠢᠩᠭᠤ ᠶᠢᠨ ᠲᠡᠳ᠋ ᠲᠡᠷᠢᠭᠦᠯᠡᠭᠴᠢ᠂ ᠦᠪᠦᠷ ᠮᠤᠩᠭᠤᠯ ᠤᠨ ᠵᠠᠰᠠᠭ ᠵᠠᠬᠢᠷᠭᠠᠨ ᠤ ᠲᠡᠭᠡᠳᠦ ᠰᠤᠷᠭᠠᠭᠤᠯᠢ ᠶᠢᠨ ᠵᠠᠬᠢᠷᠤᠯ ᠵᠠᠩ ᠵᠢᠶᠠᠨ ᠮᠢᠨ ᠬᠤᠷᠠᠯ ᠳᠤ ᠤᠷᠤᠯᠴᠠᠵᠤ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠵᠤᠬᠢᠶᠠᠨ ᠪᠠᠶᠢᠭᠤᠯᠬᠤ ᠬᠡᠯᠳᠡᠰ ᠤᠨ ᠲᠠᠷᠤᠭ᠎ᠠ ᠽᠧᠩ ᠢ ᠴᠦᠨ ᠰᠤᠷᠤᠯᠭ᠎ᠠ ᠡᠬᠢᠯᠡᠭᠦ ᠶᠤᠰᠤᠯᠠᠯ ᠢ ᠡᠷᠬᠢᠯᠡᠵᠡᠢ᠃      ᠯᠢ ᠵᠢᠶᠠ ᠵᠢᠭᠠᠵᠤ ᠭᠠᠷᠭᠠᠬᠰᠠᠨ ᠨᠢ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ ᠲᠤᠭᠤᠷᠢᠨ ᠳᠤ ᠨᠡᠩ ᠨᠢᠬᠳᠠᠷᠡᠨ ᠪᠦᠯᠬᠦᠮᠳᠡᠵᠤ᠂ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠠ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠨᠡᠶᠢᠳᠡᠪᠦᠷᠢᠵᠢᠭᠤᠯᠵᠤ᠂ ᠡᠭᠡ ᠤᠯᠤᠰ ᠤᠨ ᠤᠮᠠᠷᠠᠳᠦ ᠶᠢᠨ ᠦᠵᠡᠮᠵᠢ ᠶᠢᠨ ᠤᠷᠤᠨ ᠢ ᠨᠡᠩ ᠦᠵᠡᠰᠭᠦᠯᠡᠩᠳᠦ ᠰᠠᠶᠢᠬᠠᠨ ᠪᠤᠯᠭᠠᠨ ᠪᠦᠳᠦᠭᠡᠨ ᠪᠠᠶᠢᠭᠤᠯᠬᠤ ᠪᠤᠯ᠂ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ  ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠢᠯᠡ ᠲᠤᠳᠤ ᠭᠤᠤᠯ ᠰᠡᠳᠦᠪ ᠪᠤᠯᠤᠨ᠎ᠠ᠃ ᠪᠦᠬᠦ ᠤᠷᠤᠨ ᠤ ᠡᠯ᠎ᠠ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠪᠣᠯᠣᠨ ᠦᠷᠭᠡᠨ ᠤᠯᠠᠨ ᠨᠠᠮ ᠤᠨ ᠬᠡᠰᠢᠭᠦᠨ ᠺᠠᠳ᠋ᠷᠴᠣᠳ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠠ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠲᠠᠬᠢᠨ ᠰᠤᠷᠤᠯᠴᠠᠵᠤ ᠲᠠᠬᠢᠨ ᠬᠦᠨᠵᠡᠭᠡᠶᠢᠷᠡᠭᠦᠯᠭᠦ ᠶᠢ ᠡᠷᠡᠰ ᠭᠤᠶᠢᠪᠢᠰᠢ ᠦᠭᠡᠢ ᠪᠠᠷ ᠨᠠᠮ ᠤᠨ ᠲᠦᠪ ᠬᠤᠷᠢᠶ᠎ᠠ ᠶᠢᠨ ᠡᠷᠭᠡ ᠰᠦᠷ ᠢ ᠬᠠᠮᠠᠭᠠᠯᠠᠬᠤ᠂ ᠨᠠᠮ ᠤᠨ ᠲᠦᠪ ᠬᠤᠷᠢᠶ᠎ᠠ ᠶᠢᠨ ᠭᠤᠤᠯᠯᠠᠬᠴᠢ ᠪᠠ ᠪᠦᠬᠦ ᠨᠠᠮ  ᠤᠨ ᠭᠤᠤᠯᠯᠠᠬᠴᠢ ᠶᠢ ᠬᠠᠮᠠᠭᠠᠯᠠᠬᠤ ᠪᠤᠳᠠᠳᠦ ᠠᠵᠢᠯᠯᠠᠭ᠎ᠠ ᠪᠤᠯᠭᠠᠵᠤ᠂ ᠤᠯᠤᠰ ᠲᠦᠷᠦ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ᠂ ᠭᠤᠤᠯᠯᠠᠬᠴᠢ ᠶᠢᠨ ᠤᠬᠠᠮᠰᠠᠷ᠂ ᠨᠢᠭᠡᠳᠦᠯᠳᠡᠢ ᠪᠠᠶᠢᠬᠤ ᠤᠬᠠᠮᠰᠠᠷ ᠢᠶᠠᠨ ᠴᠢᠨᠠᠬᠰᠢᠳᠠ ᠴᠢᠩᠭᠠᠷᠠᠭᠤᠯᠵᠤ᠂ ᠤᠬᠠᠮᠰᠠᠷ ᠠᠴᠠ ᠪᠠᠨ ᠨᠠᠮ ᠤᠨ ᠲᠦᠪ ᠬᠤᠷᠢᠶ᠎ᠠ ᠲᠠᠢ ᠨᠢᠭᠡᠳᠦᠯᠳᠡᠢ ᠪᠠᠶᠢᠵᠤ᠂ ᠨᠠᠮ ᠤᠨ ᠤᠨᠤᠯ ᠪᠠ ᠱᠤᠭᠤᠮ ᠴᠢᠭᠯᠡᠯᠳᠡ ᠲᠦᠷᠦ ᠶᠢᠨ ᠪᠤᠳᠤᠯᠭ᠎ᠠ ᠲᠠᠢ ᠨᠢᠭᠡᠳᠦᠯᠳᠡᠢ ᠪᠠᠶᠢᠵᠤ᠂ ᠨᠠᠮ ᠤᠨ ᠲᠦᠪ ᠬᠤᠷᠢᠶ᠎ᠠ ᠶᠢᠨ ᠰᠢᠢᠳᠪᠦᠷᠢᠳᠦ ᠪᠤᠳᠤᠯᠭ᠎ᠠ ᠪᠠᠶᠢᠷᠢᠯᠠᠭᠤᠯᠤᠯᠳᠠ ᠲᠠᠢ ᠨᠢᠭᠡᠳᠦᠯᠳᠡᠢ ᠪᠠᠶᠢᠵᠤ᠂ ᠨᠡᠩ ᠡᠷᠡᠰ ᠪᠠᠳᠤ ᠤᠬᠠᠮᠰᠠᠷ ᠠᠴᠠ ᠪᠠᠨ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠲᠡᠭᠡᠷ᠎ᠡ ᠪᠠᠨ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠲᠠᠢ ᠲᠡᠭᠡᠳᠦ ᠬᠡᠮᠵᠢᠶ᠎ᠠ ᠪᠠᠷ ᠨᠢᠭᠡᠳᠦᠯᠳᠡᠢ ᠪᠠᠶᠢᠵᠤ᠂ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠷᠢᠯᠠᠭᠤᠯᠤᠯᠳᠠ ᠶᠤᠰᠤᠭᠠᠷ᠂ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠠ ᠶᠢᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠨᠡᠶᠢᠳᠡᠪᠦᠷᠢᠵᠢᠭᠤᠯᠵᠤ᠂ ᠤᠳᠤᠬᠢᠴᠢᠯᠠᠭᠰᠠᠨ ᠦᠪᠦᠷ ᠮᠤᠩᠭᠤᠯ ᠢ ᠲᠦᠷᠭᠡᠳᠭᠡᠨ ᠪᠦᠳᠦᠭᠡᠨ ᠪᠠᠶᠢᠭᠤᠯᠵᠣ᠂ ᠡᠭᠡ ᠤᠯᠤᠰ ᠤᠨ ᠤᠮᠠᠷᠠᠳᠦ ᠶᠢᠨ ᠦᠵᠡᠮᠵᠢ ᠶᠢᠨ ᠤᠷᠤᠨ ᠢ ᠨᠡᠩ ᠦᠵᠡᠰᠭᠦᠯᠡᠩᠳᠦ ᠰᠠᠶᠢᠬᠠᠨ ᠪᠤᠯᠭᠠᠨ ᠪᠦᠳᠦᠭᠡᠨ ᠪᠠᠶᠢᠭᠤᠯᠬᠤ ᠬᠡᠷᠡᠭᠳᠡᠢ ᠬᠡᠪᠡ᠃      ᠽᠧᠩ ᠢ ᠴᠦᠨ ᠱᠠᠭᠠᠷᠳᠠᠬᠰᠠᠨ ᠨᠢ᠂ ᠪᠦᠬᠦ ᠰᠤᠷᠤᠯᠭᠠᠳᠠᠨ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠠ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠪᠦᠬᠦ ᠳᠠᠯ᠎ᠠ ᠪᠠᠷ ᠨᠠᠶᠢᠳᠠᠪᠣᠷᠢᠵᠢᠭᠤᠯᠬᠤ ᠶᠢ ᠴᠢᠷᠮᠠᠶᠢᠨ ᠵᠢᠳᠭᠦᠬᠦ ᠣᠯᠣᠰ ᠲᠦᠷᠦ ᠶᠢᠨ ᠲᠦᠪ ᠲᠤ ᠳᠡᠮᠡᠦᠯᠡᠬᠦ ᠬᠦᠴᠦᠨ᠂ ᠡᠷᠡᠯᠬᠡᠭᠯᠡᠨ ᠳᠠᠪᠰᠢᠬᠤ ᠤᠶᠤᠨ ᠰᠠᠨᠠᠭᠠᠨ ᠤ ᠬᠦᠳᠡᠯᠭᠡᠭᠴᠢ ᠬᠦᠴᠦᠨ᠂ ᠬᠦᠭᠵᠢᠯᠳᠡ ᠶᠢ ᠠᠬᠢᠭᠤᠯᠬᠤ ᠠᠵᠢᠯᠯᠠᠭ᠎ᠠ ᠶᠢ ᠬᠡᠷᠡᠭᠵᠢᠭᠦᠯᠬᠦ ᠬᠦᠴᠦᠨ ᠪᠤᠯᠭᠠᠨ ᠬᠤᠪᠢᠷᠠᠭᠤᠯᠵᠤ᠂ ᠲᠤᠰ ᠪᠠᠶ᠎ᠠ ᠶᠢᠨ ᠪᠠᠶᠢᠭᠤᠯᠤᠯᠳᠠ ᠪᠠᠨ ᠴᠢᠩᠭᠠᠳᠬᠠᠬᠤ ᠲᠠᠯ᠎ᠠ ᠪᠠᠷ ᠰᠢᠨ᠎ᠠ ᠲᠡᠭᠡᠭᠰᠢᠯᠡᠯᠳᠡ ᠲᠠᠢ᠂ ᠡᠭᠡ ᠤᠯᠤᠰ ᠤᠨ ᠤᠮᠠᠷᠠᠳᠦ ᠶᠢᠨ ᠦᠵᠡᠰᠭᠦᠯᠡᠩᠳᠦ ᠰᠠᠶᠢᠬᠠᠨ ᠦᠵᠡᠮᠵᠢ ᠶᠢᠨ ᠤᠷᠤᠨ ᠢ ᠪᠦᠳᠦᠭᠡᠨ ᠪᠠᠶᠢᠭᠤᠯᠬᠤ ᠲᠠᠯ᠎ᠠ ᠪᠠᠷ ᠰᠢᠨ᠎ᠠ ᠬᠢᠳᠠᠯ ᠲᠠᠢ ᠪᠣᠯᠬᠤ ᠪᠠᠷ ᠴᠢᠷᠮᠠᠶᠢᠵᠤ᠂ ᠡᠯ᠎ᠠ ᠵᠦᠢᠯ ᠤᠨ ᠠᠵᠢᠯ ᠤᠨ ᠰᠢᠨ᠎ᠠ ᠪᠠᠶᠢᠳᠠᠯ ᠢ ᠲᠠᠰᠤᠷᠠᠯᠳᠠ ᠦᠭᠡᠢ ᠡᠭᠦᠳᠭᠦ ᠬᠡᠷᠡᠭᠳᠡᠢ ᠬᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号