ᠭᠠᠷ ᠬᠤᠯᠪᠤᠯᠴᠠᠨ ᠬᠦᠭᠵᠢᠵᠤ ᠬᠦᠴᠦ ᠬᠠᠮᠵᠢᠯᠴᠠᠨ ᠤᠷᠤᠬᠰᠢᠯᠠᠵᠤ ᠡᠭᠡ ᠤᠯᠤᠰ ᠤᠨ ᠤᠮᠠᠷᠠᠳᠦ ᠶᠢᠨ ᠦᠵᠡᠰᠭᠦᠯᠡᠩᠳᠦ ᠰᠠᠶᠢᠬᠠᠨ ᠦᠵᠡᠮᠵᠢ ᠶᠢᠨ ᠤᠷᠦᠨ ᠢ ᠬᠠᠮᠳᠤᠪᠡᠷ ᠪᠦᠳᠦᠭᠡᠨ ᠪᠠᠶᠢᠭᠤᠯᠰᠤᠭᠠᠢ  ᠮᠠᠨ ᠤ ᠣᠷᠣᠨ ᠬᠢᠭᠡᠳ ᠲᠥᠪ ᠤᠨ ᠠᠵᠣ ᠠᠬᠤᠶᠢᠯᠠᠯ ᠤᠨ ᠬᠠᠮᠲᠤᠷᠠᠨ ᠠᠵᠢᠭᠯᠠᠬᠤ ᠶᠠᠷᠢᠯᠴᠠᠬᠤ ᠬᠤᠷᠠᠯ ᠪᠡᠭᠡᠵᠢᠩ ᠳᠤ ᠶᠡᠬᠡᠪᠡᠷ ᠶᠠᠪᠤᠭᠳᠠᠪᠠ  ᠯᠢ ᠵᠢᠢ ᠾᠧᠩ ᠪᠠᠶᠠᠷ ᠤᠨ ᠦᠭᠡ ᠬᠡᠯᠡᠵᠤ ᠬᠤᠤ ᠫᠧᠩ ᠶᠠᠷᠢᠶ᠎ᠠ ᠲᠠᠯᠪᠢᠵᠤ ᠪᠦ᠋ ᠰᠢᠶᠤᠤ ᠯᠢᠨ ᠬᠤᠷᠠᠯ ᠡᠷᠬᠢᠯᠡᠵᠡᠢ
ᠨᠡᠶᠢᠲᠡᠯᠡᠭᠰᠡᠨ ᠴᠠᠭ᠄
2017-03-01
     2 ᠳ᠋ᠤᠭᠠᠷ ᠰᠠᠷ᠎ᠠ ᠶᠢᠨ 27 ᠤ ᠡᠳᠦᠷ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠦᠨ ᠬᠢᠭᠡᠳ ᠲᠦᠪ ᠤᠨ ᠠᠵᠤ ᠠᠬᠤᠶᠢᠯᠠᠯ ᠤᠨ ᠬᠠᠮᠳᠤᠷᠠᠨ ᠠᠵᠢᠯᠯᠠᠬᠤ ᠶᠠᠷᠢᠯᠴᠠᠬᠤ ᠬᠤᠷᠠᠯ ᠪᠡᠭᠡᠵᠢᠩ ᠳᠠᠬᠢ ᠤᠯᠤᠰ ᠤᠨ ᠬᠤᠷᠠᠯ  ᠤᠨ ᠲᠦᠪ ᠲᠤ ᠦᠪᠡᠳᠡᠭᠰᠢ ᠶᠡᠬᠡᠪᠡᠷ ᠶᠠᠪᠤᠬᠳᠠᠵᠠᠢ᠃ ᠶᠠᠷᠢᠯᠴᠠᠬᠤ ᠬᠤᠷᠠᠯ ᠲᠡᠭᠡᠷ᠎ᠡ᠂ ︽13·5︾ ᠶᠢᠨ ᠬᠤᠭᠤᠴᠠᠭᠠᠨ ᠳᠠᠬᠢ ᠮᠠᠨ ᠤ ᠤᠷᠦᠨ ᠤ ᠭᠤᠤᠯᠳᠠᠯᠭ᠎ᠠ ᠲᠠᠢ ᠠᠬᠢᠭᠤᠯᠬᠤ ᠠᠵᠤ ᠦᠢᠯᠡᠰ ᠤᠨ ᠬᠦᠭᠵᠢᠯᠳᠡ ᠪᠠ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢᠨ ᠪᠠᠶᠢᠳᠠᠯ ᠢ ᠲᠦᠪᠯᠡᠷᠡᠭᠦᠯᠦᠨ ᠲᠠᠨᠢᠯᠴᠠᠭᠤᠯᠵᠤ᠂ ᠦᠪᠡᠷᠳᠡᠭᠡᠨ ᠵᠠᠰᠠᠬᠤ ᠤᠷᠦᠨ ᠤ ᠵᠠᠰᠠᠭ ᠤᠨ ᠤᠷᠳᠦᠨ᠂ ᠡᠯ᠎ᠠ ᠠᠶᠢᠮᠠᠭ ᠬᠤᠳᠠ᠂ ᠰᠢᠭᠤᠳ ᠬᠠᠷᠢᠶ᠎ᠠ ᠠᠵᠤ ᠠᠬᠤᠶᠢᠯᠠᠯ ᠬᠢᠭᠡᠳ ᠲᠦᠪ ᠤᠨ ᠠᠵᠤ ᠠᠬᠤᠶᠢᠯᠠᠯ᠂ ᠮᠦᠩᠬᠦᠨ ᠬᠦᠢᠯᠭᠡᠭᠡᠨ ᠤ ᠪᠠᠶᠢᠭᠤᠯᠤᠮᠵᠢ᠂ ᠪᠡᠯᠡ ᠤᠷᠤᠭᠤᠯᠬᠤ ᠰᠠᠭᠤᠷᠢ ᠮᠦᠩᠭᠦ ᠵᠡᠷᠭᠡ ᠮᠠᠨ ᠤ ᠤᠷᠦᠨ ᠤ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠦᠨ ᠲᠡᠰ ᠲᠡᠪᠰᠢᠭᠦᠯᠭᠦ ᠪᠠ ᠰᠢᠨ᠎ᠠ ᠶᠢ ᠡᠭᠦᠳᠦᠨ ᠬᠦᠭᠵᠢᠭᠦ ᠶᠢᠨ ᠲᠤᠭᠤᠷᠢᠨ ᠳᠤ᠂ ᠬᠠᠮᠵᠢᠯᠴᠠᠭᠠᠨ ᠤ ᠬᠦᠰᠡᠯ ᠪᠤᠳᠤᠯ ᠢᠶᠠᠨ ᠠᠭᠤᠵᠢᠷᠠᠳᠠᠯ᠎ᠠ ᠶᠠᠷᠢᠯᠴᠠᠵᠤ᠂ ᠬᠦᠭᠵᠢᠯᠳᠡ ᠶᠢᠨ ᠲᠤᠮᠤ ᠪᠤᠳᠤᠯᠭ᠎ᠠ ᠶᠢ ᠬᠠᠮᠳᠤᠪᠡᠷ ᠵᠦᠪᠯᠡᠵᠦ᠂ ᠪᠠᠶᠢᠯᠳᠤᠬᠤ ᠪᠤᠳᠤᠯᠭ᠎ᠠ ᠶᠢᠨ ᠬᠠᠮᠳᠤᠷᠠᠨ ᠠᠵᠢᠯᠯᠠᠬᠤ ᠬᠡᠯᠡᠯᠴᠡᠭᠡᠷ ᠲᠤ ᠭᠠᠷ ᠤᠨ ᠦᠰᠦᠭ ᠵᠢᠷᠤᠪᠠ᠃ ᠲᠤᠬᠠᠢ ᠶᠢᠨ ᠲᠠᠯᠠᠪᠠᠢ ᠳᠤ 88 ᠴᠢᠬᠤᠯᠠ ᠲᠦᠷᠦᠯ ᠵᠦᠢᠯ ᠳᠤ ᠭᠠᠷ  ᠤᠨ ᠦᠰᠦᠭ ᠵᠢᠷᠤᠵᠤ᠂ ᠶᠡᠷᠦᠩᠬᠡᠢ ᠪᠡᠯᠡ ᠤᠷᠤᠭᠤᠯᠬᠤ ᠬᠡᠮᠵᠢᠶ᠎ᠠ ᠨᠢ 4020 ᠳ᠋ᠦᠩᠰᠢᠭᠤᠷ ᠲᠦᠭᠦᠷᠢᠭ ᠲᠤ ᠬᠦᠷᠪᠡ᠃      ᠦᠪᠡᠷᠳᠡᠭᠡᠨ ᠵᠠᠰᠠᠬᠤ ᠤᠷᠦᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠪᠠᠶᠠᠷ ᠤᠨ ᠦᠭᠡ ᠬᠡᠯᠡᠵᠤ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠤᠯᠤᠰ ᠤᠨ ᠦᠮᠴᠢᠯᠡᠯ ᠤᠨ ᠡᠳ᠋ ᠬᠦᠷᠦᠩᠭᠡ ᠶᠢᠨ ᠬᠢᠨᠠᠨ ᠬᠠᠮᠢᠶᠠᠷᠤᠯᠲᠠ  ᠶᠢᠨ ᠵᠦᠪᠯᠡᠯ ᠤᠨ ᠨᠠᠮ ᠤᠨ ᠬᠤᠷᠢᠶ᠎ᠠ ᠶᠢᠨ ᠱᠦᠵᠢ ᠬᠤᠤ ᠫᠧᠩ ᠶᠠᠷᠢᠶ᠎ᠠ ᠲᠠᠯᠪᠢᠪᠠ᠃ ᠦᠪᠡᠷᠳᠡᠭᠡᠨ ᠵᠠᠰᠠᠬᠤ ᠤᠷᠦᠨ  ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠦᠨ ᠤ ᠲᠡᠷᠢᠭᠦᠯᠡᠭᠴᠢ ᠪᠦ᠋ ᠰᠢᠶᠤᠤ ᠯᠢᠨ ᠬᠤᠷᠠᠯ ᠡᠷᠬᠢᠯᠡᠪᠡ᠃ ᠦᠪᠡᠷᠳᠡᠭᠡᠨ ᠵᠠᠰᠠᠬᠤ ᠤᠷᠦᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠦᠪᠡᠷᠳᠡᠭᠡᠨ ᠵᠠᠰᠠᠬᠤ ᠤᠷᠦᠨ ᠤ ᠪᠠᠶᠢᠩᠭᠤ ᠶᠢᠨ ᠲᠡᠳ᠋ ᠲᠡᠷᠢᠭᠦᠯᠡᠭᠴᠢ ᠵᠠᠩ ᠵᠢᠶᠠᠨ ᠮᠢᠨ ᠦᠪᠡᠷᠳᠡᠭᠡᠨ ᠵᠠᠰᠠᠬᠤ ᠤᠷᠦᠨ ᠤ ᠪᠡᠯᠡ ᠤᠷᠤᠭᠤᠯᠬᠤ ᠤᠷᠴᠢᠨ ᠲᠤᠭᠤᠷᠢᠨ᠂ ᠠᠵᠤ ᠦᠢᠯᠡᠰ ᠤᠨ ᠲᠦᠷᠦ ᠶᠢᠨ ᠪᠤᠳᠤᠯᠭ᠎ᠠ ᠪᠣᠯᠣᠨ ᠬᠠᠮᠳᠤᠷᠠᠨ ᠠᠵᠢᠯᠯᠠᠬᠤ ᠭᠤᠤᠯᠳᠠᠯᠭ᠎ᠠ ᠲᠠᠢ ᠪᠠᠶᠢᠳᠠᠯ ᠢ ᠲᠠᠨᠢᠯᠴᠠᠭᠤᠯᠪᠠ᠃ ᠤᠯᠤᠰ ᠤᠨ ᠠᠵᠤ ᠦᠢᠯᠡᠳᠪᠦᠷᠢ ᠪᠠ ᠮᠡᠳᠡᠭᠡ ᠵᠠᠩᠬᠢᠵᠢᠯᠳᠡ ᠶᠢᠨ ᠶᠠᠮᠦᠨ ᠤ ᠲᠡᠳ᠋ ᠰᠠᠶᠢᠳ ᠰᠢᠤᠢ ᠯᠧ ᠵᠢᠶᠠᠩ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠤᠯᠤᠰ ᠤᠨ ᠦᠮᠴᠢᠯᠡᠯ ᠤᠨ ᠡᠳ᠋ ᠬᠦᠷᠦᠩᠭᠡ ᠶᠢ ᠬᠢᠨᠠᠨ ᠬᠠᠮᠢᠶᠠᠷᠬᠤ ᠵᠦᠪᠯᠡᠯ ᠤᠨ ᠲᠡᠳ᠋ ᠡᠷᠬᠢᠯᠡᠭᠴᠢ ᠰᠢᠤᠢ ᠹᠦ᠋ ᠱᠦᠨ᠂ ᠤᠯᠤᠰ ᠤᠨ ᠡᠨᠧᠷᠬᠢ ᠶᠢᠨ ᠲᠤᠪᠴᠢᠶ᠎ᠠ ᠶᠢᠨ ᠲᠡᠳ᠋ ᠲᠠᠷᠤᠭ᠎ᠠ ᠵᠧᠩ ᠱᠠᠨ ᠵᠢᠶᠧ ᠵᠢᠴᠢ ᠦᠪᠡᠷᠳᠡᠭᠡᠨ ᠵᠠᠰᠠᠬᠤ ᠤᠷᠦᠨ ᠤ ᠤᠳᠤᠷᠢᠳᠤᠯᠭ᠎ᠠ ᠵᠠᠩ ᠶᠤᠸᠠᠨ ᠵᠦᠩ᠂ ᠶᠦᠨ ᠭᠤᠸᠠᠩ ᠵᠦᠩ᠂ ᠰᠦᠩ ᠯᠢᠶᠠᠩ᠂ ᠸᠠᠩ ᠪᠦᠸᠧ᠂ ᠴᠠᠩ ᠵᠢᠶᠦᠶᠢᠨ ᠵᠧᠩ ᠬᠤᠷᠠᠯ ᠳᠤ ᠤᠷᠤᠯᠴᠠᠪᠠ᠃      ᠯᠢ ᠵᠢᠢ ᠾᠧᠩ ᠪᠠᠶᠠᠷ ᠤᠨ ᠦᠭᠡ ᠳᠡᠭᠡᠨ ᠬᠡᠯᠡᠭᠰᠡᠨ ᠨᠢ᠂ ᠡᠨᠡ ᠵᠢᠯ ᠪᠤᠯ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠦᠨ ᠪᠠᠶᠢᠭᠤᠯᠤᠬᠳᠠᠬᠰᠠᠨ 70 ᠵᠢᠯ ᠤᠨ ᠤᠢ ᠪᠤᠯᠤᠨ᠎ᠠ᠃ 70 ᠵᠢᠯ ᠤᠨ ᠲᠤᠷᠰᠢ᠂ ᠨᠠᠮ  ᠤᠨ ᠲᠦᠪ ᠬᠤᠷᠢᠶ᠎ᠠ ᠪᠠ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠲᠤᠳᠤᠨᠤ ᠬᠠᠯᠠᠮᠵᠢᠯᠠᠯ ᠪᠤᠯᠦᠨ ᠬᠦᠴᠦᠳᠦ ᠲᠡᠮᠵᠢᠯᠭᠡ ᠲᠤᠤᠷ᠎ᠠ᠂ ᠦᠪᠦᠷ ᠮᠤᠩᠭᠤᠯ ᠬᠢᠭᠡᠳ ᠲᠦᠪ ᠤᠨ ᠠᠵᠤ ᠠᠬᠤᠶᠢᠯᠠᠯ ᠤᠨ ᠬᠠᠮᠳᠤᠷᠠᠯᠴᠠᠭ᠎ᠠ ᠠᠭᠤᠳᠠᠮ ᠲᠠᠯ᠎ᠠ ᠪᠠ ᠤᠷᠤᠰᠬᠠᠯ ᠤᠰᠦᠨ ᠮᠡᠳᠦ ᠴᠠᠭ ᠢᠮᠠᠬᠳᠠ ᠬᠠᠷᠢᠯᠴᠠᠨ ᠲᠦᠰᠢᠭᠯᠡᠯᠴᠡᠨ ᠣᠷᠣᠰᠢᠵᠣ ᠬᠠᠷᠢᠯᠴᠠᠨ ᠬᠦᠭᠵᠢᠪᠡ᠃ ᠦᠪᠦᠷ ᠮᠤᠩᠭᠤᠯ ᠲᠦᠪ ᠤᠨ ᠠᠵᠤ ᠠᠬᠤᠶᠢᠯᠠᠯ ᠤᠨ ᠪᠡᠯᠡ ᠮᠦᠩᠭᠦ᠂ ᠮᠡᠷᠭᠡᠵᠢᠯ᠂ ᠴᠢᠳᠠᠪᠤᠷᠢᠳᠠᠨ᠂ ᠬᠠᠮᠢᠶᠠᠷᠤᠯᠳᠠ ᠵᠡᠷᠭᠡ ᠲᠠᠪᠠᠭᠤᠯᠢᠭ ᠲᠤ ᠲᠦᠰᠢᠭᠯᠡᠵᠤ᠂ ᠦᠪᠡᠷᠳᠡᠭᠡᠨ ᠵᠠᠰᠠᠬᠤ ᠤᠷᠦᠨ ᠤ ᠲᠦᠷᠦ ᠶᠢᠨ ᠪᠤᠳᠤᠯᠭ᠎ᠠ᠂ ᠡᠬᠢ ᠪᠠᠶᠠᠯᠢᠭ᠂ ᠠᠵᠤ ᠦᠢᠯᠡᠰ᠂ ᠤᠷᠦᠨ ᠪᠠᠶᠢᠷᠢ ᠵᠡᠷᠭᠡ ᠲᠠᠪᠠᠭᠤᠯᠢᠭ ᠢᠶᠠᠨ ᠪᠠᠳᠠᠷᠠᠭᠤᠯᠦᠨ᠂ ᠲᠤᠮᠤ ᠠᠵᠤ ᠠᠬᠤᠶᠢᠯᠠᠯ ᠢ ᠤᠷᠤᠭᠤᠯᠣᠨ ᠠᠪᠴᠢᠷᠠᠵᠣ᠂ ᠲᠤᠮᠤ ᠲᠦᠷᠦᠯ ᠵᠦᠢᠯ ᠢ ᠬᠡᠷᠡᠭᠵᠢᠭᠦᠯᠦᠨ᠂ ᠲᠤᠮᠤ ᠠᠵᠤ ᠦᠢᠯᠡᠰ ᠢ ᠬᠦᠭᠵᠢᠭᠦᠯᠵᠤ᠂ ᠲᠤᠮᠤ ᠰᠦᠷᠦᠭᠵᠢᠯ ᠢ ᠴᠣᠭᠴᠠᠯᠠᠵᠣ᠂ ᠲᠤᠮᠤ ᠰᠠᠭᠤᠷᠢᠨ ᠢ ᠪᠦᠳᠦᠭᠡᠨ ᠪᠠᠶᠢᠭᠤᠯᠵᠤ᠂ ᠪᠦᠬᠦ ᠤᠷᠦᠨ ᠤ ᠬᠦᠭᠵᠢᠯᠳᠡ ᠳᠡᠭᠡᠨ ᠬᠦᠴᠦᠷᠭᠡᠭ ᠶᠡᠭᠡ ᠬᠦᠳᠡᠯᠭᠡᠭᠴᠢ ᠬᠦᠴᠦᠨ ᠨᠡᠮᠡᠷᠢᠯᠡᠪᠡ ᠬᠡᠪᠡ᠃      ᠯᠢ ᠵᠢᠢ ᠾᠧᠩ ᠵᠢᠭᠠᠵᠤ ᠭᠠᠷᠭᠠᠬᠰᠠᠨ ᠨᠢ᠂ 2014 ᠣᠨ ᠤ ᠴᠠᠭᠠᠨ ᠰᠠᠷ᠎ᠠ ᠠᠴᠠ ᠡᠮᠦᠨᠡᠭᠡᠨ᠂ ᠶᠡᠷᠦᠩᠬᠡᠢ ᠱᠦᠵᠢ ᠰᠢ ᠶᠢᠨ ᠫᠢᠩ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠵᠤ ᠠᠵᠢᠯ ᠵᠢᠯᠤᠭᠤᠳᠬᠤ ᠶᠢᠨ ᠬᠠᠮᠳᠤ ᠴᠢᠬᠤᠯᠠ ᠶᠠᠷᠢᠶ᠎ᠠ ᠲᠠᠯᠪᠢᠵᠤ᠂ ᠦᠪᠦᠷ ᠮᠤᠩᠭᠤᠯ ᠤᠨ ᠬᠦᠭᠵᠢᠯᠳᠡ ᠳᠤ ᠰᠢᠨ᠎ᠠ ᠪᠠᠶᠢᠷᠢ ᠲᠤᠬᠳᠠᠭᠠᠯᠳᠠ ᠲᠤᠬᠳᠠᠭᠠᠨ ᠦᠭᠴᠦ᠂ ᠰᠢᠨ᠎ᠠ ᠲᠡᠤᠭᠡᠳᠦ ᠡᠭᠦᠷᠭᠡ ᠤᠯᠭᠤᠵᠠᠢ᠃ ᠦᠪᠡᠷᠳᠡᠭᠡᠨ ᠵᠠᠰᠠᠬᠤ ᠤᠷᠦᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠪᠠ ᠣᠯᠣᠰ ᠢ ᠵᠠᠰᠠᠵᠤ ᠵᠠᠰᠠᠭ ᠢ ᠡᠷᠬᠢᠯᠡᠭᠦ ᠰᠢᠨ᠎ᠠ ᠣᠨᠣᠯᠵᠢᠬᠤᠨ ᠰᠢᠨ᠎ᠠ ᠦᠵᠠᠯ ᠰᠠᠨᠠᠭ᠎ᠠ ᠰᠢᠨ᠎ᠠ ᠪᠠᠶᠢᠯᠳᠤᠬᠤ ᠪᠤᠳᠤᠯᠭ᠎ᠠ ᠶᠢ ᠬᠦᠨᠵᠡᠭᠡᠢ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠠ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠨᠡᠶᠢᠳᠡᠪᠦᠷᠢᠵᠢᠭᠤᠯᠵᠤ᠂ ︽ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ ᠲᠤᠭᠤᠷᠢᠨ ᠳᠤ ᠨᠢᠬᠳᠠᠷᠠᠨ ᠪᠦᠯᠬᠦᠮᠳᠡᠵᠤ᠂ ᠡᠭᠡ ᠤᠯᠤᠰ ᠤᠨ ᠤᠮᠠᠷᠠᠳᠦ ᠶᠢᠨ ᠦᠵᠡᠮᠵᠢ ᠶᠢᠨ ᠤᠷᠦᠨ ᠢ ᠨᠡᠩ ᠦᠵᠡᠰᠭᠦᠯᠡᠩᠳᠦ ᠰᠠᠶᠢᠬᠠᠨ ᠪᠤᠯᠭᠠᠨ ᠪᠦᠳᠦᠭᠡᠨ ᠪᠠᠶᠢᠭᠤᠯᠬᠤ︾ ᠪᠠᠷ ᠭᠤᠤᠯ ᠰᠡᠳᠦᠪ ᠪᠤᠯᠭᠠᠵᠤ᠂ ᠬᠤᠶᠢᠰᠢᠳᠡ ᠶᠢᠨ ᠨᠢᠭᠡ ᠬᠡᠰᠡᠭ ᠬᠤᠭᠤᠴᠠᠭᠠᠨ ᠤ ᠦᠪᠦᠷ ᠮᠤᠩᠭᠤᠯ ᠤᠨ ᠬᠦᠭᠵᠢᠯᠳᠡ ᠶᠢᠨ ᠠᠤᠭ᠎ᠠ ᠲᠦᠰᠦᠪ ᠢᠶᠠᠨ ᠰᠢᠨᠵᠢᠯᠡᠭᠦ ᠤᠬᠠᠭᠠᠨᠴᠢ ᠪᠠᠷ ᠵᠢᠷᠤᠬᠯᠠᠪᠠ᠃ ᠶᠡᠭᠡ ᠬᠤᠷᠠᠯ ᠠᠴᠠ ᠳᠣᠷᠠᠳᠣᠭᠰᠠᠨ ︽ᠲᠤᠯᠤᠭᠠᠨ ᠲᠤᠤᠷ︾ ᠢ ᠬᠠᠮᠳᠤᠪᠡᠷ ᠪᠠᠶᠢᠭᠤᠯᠬᠤ᠂ ︽ᠲᠤᠯᠤᠭᠠᠨ ᠦᠢᠯᠡᠰ︾ ᠢ ᠬᠠᠮᠳᠤᠪᠡᠷ ᠮᠠᠨᠳᠤᠭᠤᠯᠬᠤ᠂ ᠬᠤᠷᠢᠨᠬᠡᠷ ᠰᠢᠨ᠎ᠠ ᠲᠤᠭᠤᠷᠢᠭ ᠢ ᠪᠦᠳᠦᠭᠡᠨ ᠪᠠᠶᠢᠭᠤᠯᠬᠤ ᠵᠡᠷᠭᠡ ᠬᠦᠭᠵᠢᠯᠳᠡ ᠶᠢᠨ ᠰᠡᠳᠬᠢᠴᠡ ᠪᠠ ᠰᠢᠢᠳᠪᠦᠷᠢᠳᠦ ᠪᠤᠳᠤᠯᠭ᠎ᠠ ᠪᠠᠶᠢᠷᠢᠯᠠᠭᠤᠯᠤᠯᠳᠠ ᠳᠤ᠂ ᠯᠤᠳᠤ ᠶᠡᠭᠡ ᠠᠷᠠᠯᠵᠢᠶᠠᠨ ᠤ ᠠᠵᠠ ᠲᠤᠬᠢᠶᠠᠯ ᠪᠤᠯᠦᠨ ᠬᠦᠴᠦᠷᠭᠡᠭ ᠶᠡᠭᠡ ᠬᠦᠳᠡᠯᠭᠡᠭᠴᠢ ᠡᠨᠧᠷᠬᠢ ᠠᠭᠤᠯᠣᠭᠳᠠᠵᠣ᠂ ᠲᠦᠪ  ᠤᠨ ᠠᠵᠤ ᠠᠬᠤᠶᠢᠯᠠᠯ ᠯᠤᠭ᠎ᠠ ᠬᠠᠮᠳᠤᠷᠠᠯᠴᠠᠭ᠎ᠠ ᠪᠠᠨ ᠴᠢᠨᠠᠬᠰᠢᠳᠠ ᠬᠦᠨᠵᠡᠭᠡᠶᠢᠷᠡᠭᠦᠯᠭᠦ ᠳᠤ ᠨᠡᠩ ᠦᠷᠭᠡᠨ ᠠᠭᠤᠳᠠᠮ ᠤᠷᠦᠨ ᠵᠠᠢ ᠡᠭᠦᠳᠦᠨ ᠥᠭᠴᠡᠢ ᠬᠡᠪᠡ᠃      ᠯᠢ ᠵᠢᠢ ᠾᠧᠩ ᠵᠢᠭᠠᠵᠤ ᠭᠠᠷᠭᠠᠬᠰᠠᠨ ᠨᠢ᠂ ᠦᠪᠡᠷᠳᠡᠭᠡᠨ ᠵᠠᠰᠠᠬᠤ ᠤᠷᠦᠨ ᠬᠢᠭᠡᠳ ᠲᠦᠪ ᠤᠨ ᠠᠵᠤ ᠠᠬᠤᠶᠢᠯᠠᠯ ᠬᠠᠮᠳᠤᠷᠠᠨ ᠠᠵᠢᠯᠯᠠᠬᠤ ᠶᠠᠷᠢᠯᠴᠠᠬᠤ ᠬᠤᠷᠠᠯ ᠬᠢᠵᠤ ᠪᠠᠶᠢᠯᠳᠤᠬᠤ ᠪᠤᠳᠤᠯᠭ᠎ᠠ ᠶᠢᠨ ᠬᠠᠮᠳᠤᠷᠠᠨ ᠠᠵᠢᠯᠯᠠᠬᠤ ᠬᠡᠯᠡᠯᠴᠡᠭᠡᠷ ᠲᠤ ᠭᠠᠷ ᠤᠨ ᠦᠰᠦᠭ ᠵᠢᠷᠤᠬᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠭᠠᠷ ᠬᠤᠯᠪᠤᠯᠴᠠᠨ ᠨᠡᠶᠢᠳᠡᠪᠦᠷᠢᠵᠢᠭᠤᠯᠵᠣ᠂ ᠡᠭᠡ ᠤᠯᠤᠰ ᠤᠨ ᠤᠮᠠᠷᠠᠳᠦ ᠶᠢᠨ ᠦᠵᠡᠰᠭᠦᠯᠡᠩᠳᠦ ᠰᠠᠶᠢᠬᠠᠨ ᠦᠵᠡᠮᠵᠢ ᠶᠢᠨ ᠤᠷᠦᠨ ᠢ ᠬᠠᠮᠳᠤᠪᠡᠷ ᠪᠦᠳᠦᠭᠡᠨ ᠪᠠᠶᠢᠭᠤᠯᠬᠤ ᠴᠢᠬᠤᠯᠠ ᠠᠷᠭ᠎ᠠ ᠬᠡᠮᠵᠢᠶ᠎ᠡ ᠪᠤᠯᠤᠨ᠎ᠠ᠂ ᠳᠡᠷᠡ ᠨᠢ ᠲᠦᠪ ᠤᠨ ᠠᠵᠤ ᠠᠬᠤᠶᠢᠯᠠᠯ ᠬᠢᠭᠡᠳ ᠤᠷᠦᠨ ᠨᠤᠳᠤᠭ ᠤᠨ ᠬᠠᠮᠳᠤᠷᠠᠯᠴᠠᠭ᠎ᠠ ᠶᠢ ᠠᠬᠢᠭᠤᠯᠵᠣ ᠵᠦᠢᠯ ᠤᠨ ᠴᠡᠴᠡᠭ ᠮᠢᠷᠠᠯᠵᠠᠨ ᠲᠡᠯᠭᠡᠷᠡᠭᠰᠡᠨ ᠣᠷᠢᠬᠠᠨ ᠬᠠᠪᠤᠷ ᠢ ᠤᠭᠳᠤᠬᠤ ᠨᠢ ᠯᠠᠪᠳᠠᠢ᠃ ᠦᠪᠡᠷᠳᠡᠭᠡᠨ ᠵᠠᠰᠠᠬᠤ ᠤᠷᠦᠨ ᠴᠢᠩ ᠰᠡᠳᠬᠢᠯ ᠠᠴᠠ ᠪᠠᠨ ᠦᠪᠦᠷ ᠮᠤᠩᠭᠤᠯ ᠳᠤ ᠪᠡᠯᠡ ᠤᠷᠤᠭᠤᠯᠦᠨ ᠬᠦᠭᠵᠢᠭᠦ ᠪᠠᠷ ᠢᠷᠡᠭᠰᠡᠨ ᠲᠦᠪ ᠤᠨ ᠠᠵᠤ ᠠᠬᠤᠶᠢᠯᠠᠯ ᠳᠤ ᠤᠬᠢ ᠰᠠᠶᠢᠨ ᠡᠵᠡᠩᠨᠡᠯᠳᠡ ᠶᠢᠨ ᠤᠷᠴᠢᠨ ᠲᠤᠭᠤᠷᠢᠨ ᠬᠠᠩᠭᠠᠵᠤ ᠦᠭᠭᠦᠨ᠎ᠡ᠃ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠤᠯᠤᠰ  ᠤᠨ ᠦᠮᠴᠢᠯᠡᠯ ᠤᠨ ᠡᠳ᠋ ᠬᠦᠷᠦᠩᠬᠡ ᠶᠢ ᠬᠢᠨᠠᠨ ᠬᠠᠮᠢᠶᠠᠷᠬᠤ ᠵᠦᠪᠯᠡᠯ ᠦᠩᠭᠡᠷᠡᠭᠰᠡᠨ ᠲᠠᠢ ᠪᠠᠨ ᠠᠳᠠᠯᠢ ᠪᠠᠷ ᠦᠪᠦᠷ ᠮᠤᠩᠭᠤᠯ ᠢ ᠦᠷᠭᠦᠯᠵᠢᠯᠡᠨ ᠬᠠᠯᠠᠮᠵᠢᠯᠠᠨ ᠲᠡᠮᠵᠢᠵᠤ᠂ ᠤᠯᠠᠨ ᠳᠠᠯ᠎ᠠ ᠪᠠᠷ ᠬᠦᠬᠦᠷᠭᠡ ᠬᠤᠯᠪᠤᠭᠠᠰᠦ ᠪᠣᠯᠵᠣ᠂ ᠤᠯᠠᠨ ᠵᠦᠢᠯ ᠤᠨ ᠲᠠᠪᠴᠠᠩ ᠬᠠᠩᠭᠠᠵᠤ᠂ ᠤᠯᠠᠨ ᠠᠷᠪᠢᠨ ᠠᠵᠠ ᠳᠣᠬᠢᠶᠠᠯ ᠡᠭᠦᠳᠦᠨ ᠦᠭᠴᠤ᠂ ᠦᠪᠦᠷ ᠮᠤᠩᠭᠤᠯ ᠬᠢᠭᠡᠳ ᠲᠦᠪ ᠤᠨ ᠠᠵᠤ ᠠᠬᠤᠶᠢᠯᠠᠯ ᠤᠨ ᠬᠠᠮᠳᠤᠷᠠᠯᠴᠠᠭ᠎ᠠ ᠤᠳᠠᠭᠠᠨ ᠲᠠᠭᠠᠭᠠᠮᠠᠭᠠᠢ ᠲᠤᠬᠳᠠᠭᠤᠨ ᠢᠶᠠᠷ ᠤᠷᠤᠬᠰᠢᠯᠠᠨ ᠬᠦᠭᠵᠢᠭᠦ ᠶᠢ ᠠᠬᠢᠭᠤᠯᠬᠤ ᠶᠢ ᠬᠦᠰᠡᠵᠤ ᠪᠠᠶᠢᠨ᠎ᠠ᠃ ᠲᠦᠪ ᠤᠨ ᠨᠡᠩ ᠤᠯᠠᠨ ᠠᠵᠤ ᠠᠬᠤᠶᠢᠯᠠᠯ ᠦᠪᠦᠷ ᠮᠤᠩᠭᠤᠯ ᠢ ᠪᠡᠯᠡ ᠤᠷᠤᠭᠤᠯᠦᠨ ᠬᠦᠭᠵᠢᠭᠦ ᠴᠢᠬᠤᠯᠠ ᠬᠠᠷᠠᠯᠳᠠᠳᠤ ᠭᠠᠵᠠᠷ ᠢᠶᠠᠨ ᠪᠤᠯᠭᠠᠵᠤ᠂ ᠨᠡᠩ ᠤᠯᠠᠨ ᠲᠦᠷᠦᠯ ᠵᠦᠢᠯ᠂ ᠪᠡᠯᠡ ᠮᠦᠩᠭᠦ᠂ ᠮᠡᠷᠭᠡᠵᠢᠯ᠂ ᠴᠢᠳᠠᠪᠤᠷᠢᠳᠠᠨ ᠢᠶᠠᠨ ᠦᠪᠦᠷ ᠮᠤᠩᠭᠤᠯ ᠳᠤ ᠠᠪᠴᠢᠷᠠᠵᠦ᠂ ᠦᠪᠦᠷ ᠮᠤᠩᠭᠤᠯ ᠳᠤ ᠦᠯᠡᠳᠡᠭᠡᠵᠤ᠂ ᠪᠦᠬᠦ ᠤᠷᠦᠨ ᠤ ᠦᠨᠳᠦᠰᠦᠳᠡᠨ ᠨᠦᠭᠦᠳ ᠤᠨ ᠠᠷᠠᠳ ᠲᠦᠮᠡᠨ ᠲᠠᠢ ᠬᠠᠮᠳᠤᠪᠡᠷ ᠡᠭᠡ ᠤᠯᠤᠰ ᠤᠨ ᠬᠢᠯᠢ ᠬᠢᠵᠠᠭᠠᠷ ᠢ ᠪᠦᠳᠦᠭᠡᠨ ᠪᠠᠶᠢᠭᠤᠯᠵᠤ᠂ ᠬᠠᠮᠳᠤᠪᠡᠷ ᠰᠠᠶᠢᠨ ᠰᠠᠶᠢᠬᠠᠨ ᠢᠷᠡᠭᠡᠳᠦᠢ ᠪᠠᠨ ᠴᠣᠭᠴᠠᠯᠠᠨ ᠪᠠᠶᠢᠭᠤᠯᠬᠤ ᠶᠢ ᠬᠦᠰᠡᠵᠤ ᠪᠠᠶᠢᠨ᠎ᠠ ᠬᠡᠵᠡᠢ᠃      ᠬᠤᠤ ᠫᠧᠩ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠤᠯᠤᠰ ᠤᠨ ᠦᠮᠴᠢᠯᠡᠯ ᠤᠨ ᠡᠳ᠋ ᠬᠦᠷᠦᠩᠭᠡ ᠶᠢ ᠬᠢᠨᠠᠨ ᠬᠠᠮᠢᠶᠠᠷᠬᠤ ᠵᠦᠪᠯᠡᠯ ᠢ ᠲᠦᠯᠦᠭᠡᠯᠡᠵᠤ ᠦᠪᠡᠷᠳᠡᠭᠡᠨ ᠵᠠᠰᠠᠬᠤ ᠤᠷᠦᠨ ᠤ ᠨᠠᠮ ᠤᠨ ᠬᠤᠷᠢᠶ᠎ᠠ᠂ ᠵᠠᠰᠠᠭ ᠤᠨ ᠤᠷᠳᠦᠨ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠤᠯᠤᠰ ᠤᠨ ᠦᠮᠴᠢᠯᠡᠯ ᠤᠨ ᠡᠳ᠋ ᠬᠦᠷᠦᠩᠭᠡ ᠶᠢ ᠬᠢᠨᠠᠨ ᠬᠠᠮᠢᠶᠠᠷᠬᠤ ᠵᠦᠪᠯᠡᠯ᠂ ᠲᠦᠪ ᠤᠨ ᠠᠵᠤ ᠠᠬᠤᠶᠢᠯᠠᠯ ᠳᠠᠬᠢ ᠬᠠᠯᠠᠮᠵᠢᠯᠠᠯ ᠲᠡᠮᠵᠢᠯᠭᠡ ᠳᠤ ᠲᠠᠯᠠᠷᠬᠠᠵᠤ᠂ ᠦᠪᠦᠷ ᠮᠤᠩᠭᠤᠯ ᠤᠨ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠦᠷ᠎ᠡ ᠪᠦᠳᠦᠮᠵᠢ ᠳᠤ ᠪᠠᠶᠠᠷ ᠬᠦᠷᠭᠡᠪᠡ᠃ ᠲᠡᠷᠡ ᠬᠡᠯᠡᠭᠰᠡᠨ ᠨᠢ᠂ ᠤᠷᠳᠤ ᠬᠤᠭᠤᠴᠠᠭᠠᠨ ᠤ ᠲᠤᠷᠰᠢ᠂ ᠲᠦᠪ ᠤᠨ ᠠᠵᠤ ᠠᠬᠤᠶᠢᠯᠠᠯ ᠪᠠ ᠦᠪᠦᠷ ᠮᠤᠩᠭᠤᠯ ᠢᠮᠠᠬᠳᠠ ᠰᠠᠶᠢᠨ ᠰᠠᠶᠢᠬᠠᠨ ᠬᠠᠮᠳᠤᠷᠠᠨ ᠠᠵᠢᠯᠯᠠᠬᠤ ᠰᠠᠭᠤᠷᠢ ᠪᠠ ᠬᠠᠮᠳᠤᠷᠠᠨ ᠠᠵᠢᠯᠯᠠᠬᠤ ᠬᠠᠷᠢᠴᠠᠭ᠎ᠠ ᠪᠠᠨ ᠪᠠᠳᠤᠯᠠᠵᠣ ᠢᠷᠡᠪᠠ ᠃ ᠦᠪᠡᠷᠳᠡᠭᠡᠨ ᠵᠠᠰᠠᠬᠤ ᠤᠷᠦᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠪᠠ ︽13·5︾ ᠶᠢᠨ ᠲᠦᠯᠦᠪᠵᠢᠭᠦᠯᠭᠡ ᠳᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠭᠦ ᠰᠢᠢᠳᠪᠦᠷᠢᠳᠦ ᠢᠯᠠᠯᠳᠠ ᠶᠢ ᠲᠡᠮᠡᠴᠡᠨ ᠤᠯᠬᠤ᠂ ᠤᠳᠤᠬᠢᠴᠢᠯᠠᠭᠰᠠᠨ ᠦᠪᠦᠷ ᠮᠤᠩᠭᠤᠯ ᠢ ᠪᠦᠳᠦᠭᠡᠨ ᠪᠠᠶᠢᠭᠤᠯᠬᠤ ᠠᠤᠭ᠎ᠠ ᠲᠦᠰᠦᠪ  ᠢ ᠵᠢᠷᠤᠬᠯᠠᠵᠤ᠂ ᠲᠦᠪ ᠤᠨ ᠠᠵᠤ ᠠᠬᠤᠶᠢᠯᠠᠯ ᠬᠢᠭᠡᠳ ᠤᠷᠦᠨ ᠨᠤᠳᠤᠭ ᠤᠨ ᠬᠠᠮᠳᠤᠷᠠᠯᠴᠠᠭ᠎ᠠ ᠶᠢ ᠬᠦᠨᠵᠡᠭᠡᠶᠢᠷᠡᠭᠦᠯᠭᠦ ᠳᠤ ᠨᠡᠩ ᠦᠷᠭᠡᠨ ᠠᠭᠤᠳᠠᠮ ᠤᠷᠦᠨ ᠵᠠᠢ ᠬᠠᠩᠭᠠᠵᠠᠢ᠃ ᠲᠦᠪ ᠤᠨ ᠠᠵᠤ ᠠᠬᠤᠶᠢᠯᠠᠯ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠠ ᠳᠤ ᠲᠤᠷᠠᠳᠤᠬᠰᠠᠨ ︽ᠡᠭᠡ ᠤᠯᠤᠰ ᠤᠨ ᠤᠮᠠᠷᠠᠳᠦ ᠶᠢᠨ ᠦᠵᠡᠮᠵᠢ ᠶᠢᠨ ᠤᠷᠦᠨ ᠢ ᠨᠡᠩ ᠦᠵᠡᠰᠭᠦᠯᠡᠩᠳᠦ ᠰᠠᠶᠢᠬᠠᠨ ᠪᠤᠯᠭᠠᠨ ᠪᠦᠳᠦᠭᠡᠨ ᠪᠠᠶᠢᠭᠤᠯᠬᠤ︾ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠦᠨ ᠨᠡᠶᠢᠳᠡᠪᠦᠷᠢᠵᠢᠭᠤᠯᠵᠤ᠂ ᠠᠵᠠ ᠲᠤᠬᠢᠶᠠᠯ ᠢ ᠠᠮᠵᠢᠵᠣ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠤᠯᠤᠰ ᠤᠨ ᠪᠠᠶᠢᠯᠳᠤᠬᠤ ᠪᠤᠳᠤᠯᠭ᠎ᠠ ᠶᠢ ᠢᠳᠡᠪᠬᠢᠳᠡᠢ ᠨᠡᠶᠢᠳᠡᠪᠦᠷᠢᠵᠢᠭᠤᠯᠵᠣ᠂ ᠠᠵᠤ ᠠᠬᠤᠶᠢᠯᠠᠯ ᠤᠨ ᠦᠭᠡᠷᠡᠴᠢᠯᠡᠯᠳᠡ ᠪᠠᠨ ᠬᠦᠴᠦᠯᠡᠨ ᠬᠦᠨᠵᠡᠭᠡᠶᠢᠷᠡᠭᠦᠯᠵᠤ᠂ ᠰᠢᠨ᠎ᠡ ᠶᠢ ᠡᠭᠦᠳᠭᠦ ᠪᠠᠷ ᠬᠦᠳᠡᠯᠭᠡᠭᠦᠷ ᠪᠤᠯᠭᠠᠬᠤ ᠶᠢ ᠶᠡᠭᠡᠪᠡᠷ ᠠᠬᠢᠭᠤᠯᠵᠤ᠂ ᠨᠡᠶᠢᠭᠡᠮ ᠤᠨ ᠬᠠᠷᠢᠭᠤᠴᠠᠯᠭ᠎ᠠ ᠪᠠᠨ ᠢᠳᠡᠪᠬᠢᠳᠡᠢ ᠬᠦᠢᠴᠡᠳᠭᠡᠨ᠂ ᠨᠡᠩ ᠦᠨᠳᠦᠷ ᠳᠠᠪᠬᠤᠷᠭ᠎ᠠ᠂ ᠨᠡᠩ ᠦᠷᠭᠡᠨ ᠬᠡᠪᠴᠢᠶᠡᠨ ᠳᠤ ᠦᠪᠦᠷ ᠮᠤᠩᠭᠤᠯ ᠯᠤᠭ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭ᠎ᠠ ᠪᠠᠨ ᠴᠢᠩᠭᠠᠳᠬᠠᠵᠤ᠂ ᠦᠪᠦᠷ ᠮᠤᠩᠭᠤᠯ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠲᠠᠢ ᠭᠠᠷ ᠬᠤᠯᠪᠤᠯᠴᠠᠨ ᠮᠦᠷᠦ ᠵᠡᠷᠭᠡᠴᠡᠨ ᠣᠷᠣᠭᠰᠢᠯᠠᠵᠣ᠂ ᠲᠤᠰ ᠪᠡᠶ᠎ᠠ ᠶᠢᠨ ᠴᠢᠨᠠᠷᠯᠢᠭ ᠪᠦᠭᠡᠳ ᠲᠦᠷᠭᠡᠨ ᠬᠦᠭᠵᠢᠯᠳᠡ ᠪᠠᠨ ᠪᠡᠶᠡᠯᠡᠭᠦᠯᠭᠦ ᠶᠢᠨ ᠬᠠᠮᠳᠤ ᠦᠪᠦᠷ ᠮᠤᠩᠭᠤᠯ ᠤᠨ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠦᠨ ᠲᠡᠰ ᠲᠡᠪᠰᠢᠭᠦ ᠶᠢ ᠬᠠᠪᠰᠤᠷᠦᠨ ᠠᠬᠢᠭᠤᠯᠵᠤ᠂ ᠦᠪᠦᠷ ᠮᠤᠩᠭᠤᠯ ᠤᠨ ᠨᠡᠶᠢᠭᠡᠮ ᠤᠨ ᠡᠶ᠎ᠡ ᠵᠤᠬᠢᠴᠠᠩᠭᠤᠢ ᠬᠦᠭᠵᠢᠯᠳᠡ ᠶᠢ ᠠᠬᠢᠭᠤᠯᠬᠤ ᠶᠢ ᠬᠦᠰᠡᠵᠤ ᠪᠠᠶᠢᠨ᠎ᠠ ᠬᠡᠵᠡᠢ᠃      ᠤᠯᠤᠰ ᠤᠨ ᠬᠠᠮᠢᠶ᠎ᠠ ᠪᠦᠬᠦᠢ ᠶᠠᠮᠦᠨ ᠵᠦᠪᠯᠡᠯ ᠤᠨ ᠤᠳᠤᠷᠢᠳᠤᠯᠭ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠤᠯᠤᠰ ᠤᠨ ᠦᠮᠴᠢᠯᠡᠯ ᠤᠨ ᠡᠳ᠋ ᠬᠦᠷᠦᠩᠬᠡ ᠶᠢ ᠬᠢᠨᠠᠨ ᠬᠠᠮᠢᠶᠠᠷᠬᠤ ᠵᠦᠪᠯᠡᠯ ᠠᠴᠠ ᠪᠡᠯᠡ ᠭᠠᠷᠭᠠᠨ ᠬᠢᠨᠠᠨ ᠬᠠᠮᠢᠶᠠᠷᠴᠣ ᠪᠠᠶᠢᠭ᠎ᠠ ᠲᠦᠪ ᠤᠨ ᠠᠵᠤ ᠠᠬᠤᠶᠢᠯᠠᠯ᠂ ᠮᠦᠩᠭᠦᠨ ᠬᠦᠢᠯᠭᠡᠭᠡᠨ ᠤ ᠪᠠᠶᠢᠭᠤᠯᠤᠮᠵᠢ᠂ ᠪᠡᠯᠡ ᠤᠷᠤᠭᠤᠯᠬᠤ ᠰᠠᠭᠤᠷᠢ ᠮᠦᠩᠭᠦ ᠶᠢᠨ ᠬᠠᠷᠢᠭᠤᠴᠠᠯᠭᠠᠳᠠᠳ᠂ ᠦᠪᠡᠷᠳᠡᠭᠡᠨ ᠵᠠᠰᠠᠬᠤ ᠤᠷᠦᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠪᠠ ᠡᠯ᠎ᠠ ᠠᠶᠢᠮᠠᠭ ᠬᠤᠳᠠ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ᠂ ᠦᠪᠡᠷᠳᠡᠭᠡᠨ ᠵᠠᠰᠠᠬᠤ ᠤᠷᠦᠨ ᠳᠤ ᠰᠠᠭᠤᠭ᠎ᠠ ᠬᠡᠰᠡᠭ ᠮᠦᠩᠭᠦᠨ ᠬᠦᠢᠯᠭᠡᠭᠡᠨ ᠤ ᠪᠠᠶᠢᠭᠤᠯᠤᠮᠵᠢ᠂ ᠦᠪᠡᠷᠳᠡᠭᠡᠨ ᠵᠠᠰᠠᠬᠤ ᠤᠷᠦᠨ ᠤ ᠰᠢᠭᠤᠳ ᠬᠠᠷᠢᠶ᠎ᠠ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠳᠠᠳ ᠬᠤᠷᠠᠯ ᠳᠤ ᠤᠷᠤᠯᠴᠠᠪᠠ᠃ ᠤᠯᠤᠰ ᠤᠨ ᠴᠠᠬᠢᠯᠭᠠᠨ ᠲᠤᠤᠷ ᠤᠨ ᠺᠤᠮᠫᠠᠨᠢ᠂ ᠳ᠋ᠠ ᠲᠠᠩ ᠪᠦᠯᠦᠭᠯᠡᠯ᠂ ᠱᠧᠨ ᠬᠤᠸᠠ ᠪᠦᠯᠦᠭᠯᠡᠯ᠂ ᠦᠢᠯᠡᠳᠪᠦᠷᠢ ᠬᠤᠳᠠᠯᠳᠤᠭᠠᠨ  ᠤ ᠪᠠᠩᠬᠢ᠂ ᠴᠧᠩ ᠲᠦᠩ ᠪᠦᠯᠦᠭᠯᠡᠯ᠂ ᠵᠦᠩ ᠵᠧᠩ ᠠᠵᠤ ᠠᠬᠤᠶᠢᠯᠠᠯ ᠤᠨ ᠬᠠᠮᠳᠤᠷᠠᠯᠴᠠᠭ᠎ᠠ ᠶᠢᠨ ᠪᠡᠯᠡ ᠤᠷᠤᠭᠤᠯᠬᠤ ᠰᠠᠭᠤᠷᠢ ᠮᠦᠩᠭᠦ ᠶᠢᠨ ᠺᠤᠮᠫᠠᠨᠢ ᠵᠡᠷᠭᠡ 6 ᠠᠵᠤ ᠠᠬᠤᠶᠢᠯᠠᠯ ᠤᠨ ᠲᠦᠯᠦᠭᠡᠯᠡᠭᠴᠢ ᠶᠡᠭᠡ ᠬᠤᠷᠠᠯ ᠳᠡᠭᠡᠷ᠎ᠡ ᠦᠭᠡ ᠬᠡᠯᠡᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号