ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠤᠯᠠᠭᠠᠨᠬᠠᠳᠠ ᠪᠠᠶᠢᠴᠠᠭᠠᠬᠤ ᠠᠩᠬᠢ ᠶᠢᠨ | ᠰᠤᠭᠤᠴᠢᠨ ᠪᠠᠶᠢᠴᠠᠭᠠᠯᠲᠠ ᠶᠢ ᠦᠨᠳᠦᠰᠦᠯᠡᠪᠡᠯ᠂ 2016 ᠣᠨ ᠳᠤ ᠤᠯᠠᠭᠠᠨᠬᠠᠳᠠ ᠬᠤᠲᠠ ᠶᠢᠨ ᠮᠠᠯᠴᠢᠨ | ᠲᠠᠷᠢᠶᠠᠴᠢᠳ ᠤᠨ ᠬᠥᠮᠦᠨ ᠪᠦᠷᠢ ᠶᠢᠨ ᠳᠤᠮᠳᠠᠴᠢ ᠲᠦᠷᠦ ᠶᠢᠨ ᠪᠤᠳᠤᠯᠭ᠎ᠠ ᠶᠢᠨ ᠴᠢᠨᠠᠷᠲᠠᠢ ᠠᠮᠢᠳᠤᠷᠠᠯ ᠤᠨ | ᠨᠥᠬᠦᠪᠥᠷᠢ ᠨᠢ 385 ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 73 ᠲᠥᠭᠦᠷᠢᠭ ᠢᠯᠡᠭᠦᠦ ᠪᠠᠶᠢᠵᠤ᠂ | 23.4% ᠨᠡᠮᠡᠭᠳᠡᠵᠡᠢ᠃ 2016 ᠣᠨ ᠳᠤ᠂ ᠤᠯᠠᠭᠠᠨᠬᠠᠳᠠ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠵᠢᠯ ᠪᠦᠷᠢ 3308 ᠲᠥᠭᠦᠷᠢᠭ ᠪᠣᠯᠣᠨ | ᠳᠡᠭᠡᠭᠰᠢᠯᠡᠵᠦ᠂ ᠳᠡᠭᠡᠷ᠎ᠡ ᠵᠢᠯ ᠤᠨ ᠬᠢ ᠠᠴᠠ 301 ᠲᠥᠭᠦᠷᠢᠭ ᠨᠡᠮᠡᠭᠳᠡᠪᠡ︔ ᠮᠠᠯᠵᠢᠬᠤ ᠲᠠᠷᠢᠶᠠᠯᠠᠬᠤ ᠣᠷᠣᠨ ᠤ | ᠲᠠᠪᠤᠨ ᠪᠠᠲᠤᠯᠠᠭᠠᠲᠤ ᠡᠷᠦᠬᠡ ᠶᠢ ᠲᠥᠪᠯᠡᠷᠡᠭᠦᠯᠦᠨ ᠠᠰᠠᠷᠠᠨ ᠲᠡᠵᠢᠭᠡᠬᠦ ᠪᠠᠷᠢᠮᠵᠢᠶ᠎ᠠ ᠵᠢᠯ ᠪᠦᠷᠢ 8000 ᠲᠥᠭᠦᠷᠢᠭ | ᠪᠣᠯᠣᠨ ᠳᠡᠭᠡᠭᠰᠢᠯᠡᠵᠦ᠂ ᠳᠡᠭᠡᠷ᠎ᠡ ᠵᠢᠯ ᠤᠨ ᠬᠢ ᠠᠴᠠ 1300 ᠲᠥᠭᠦᠷᠢᠭ ᠨᠡᠮᠡᠭᠳᠡᠪᠡ︔ ᠲᠠᠪᠤᠨ ᠪᠠᠲᠤᠯᠠᠭᠠᠲᠤ | ᠡᠷᠦᠬᠡ ᠶᠢ ᠲᠠᠷᠠᠬᠠᠶ ᠠᠰᠠᠷᠠᠨ ᠲᠡᠵᠢᠭᠡᠬᠦ ᠪᠠᠷᠢᠮᠵᠢᠶ᠎ᠠ ᠵᠢᠯ ᠪᠦᠷᠢ 4000 ᠲᠥᠭᠦᠷᠢᠭ ᠪᠣᠯᠣᠨ ᠳᠡᠭᠡᠭᠰᠢᠯᠡᠵᠦ᠂ | ᠳᠡᠭᠡᠷ᠎ᠡ ᠵᠢᠯ ᠤᠨ ᠬᠢ ᠠᠴᠠ 800 ᠲᠥᠭᠦᠷᠢᠭ ᠨᠡᠮᠡᠭᠳᠡᠪᠡ᠃ ᠪᠥᠬᠦ ᠬᠤᠲᠠ ᠨᠡᠶᠢᠲᠡ 4.5 ᠳ᠋ᠦᠩᠰᠢᠭᠤᠷ | ᠲᠥᠭᠦᠷᠢᠭ ᠤᠨ ᠡᠪᠦᠯ ᠤᠨ ᠳᠤᠯᠠᠭᠠᠯᠭ᠎ᠠ ᠶᠢᠨ ᠨᠡᠭᠦᠷᠡᠰᠦᠨ ᠤ ᠨᠥᠬᠦᠪᠥᠷᠢ ᠣᠯᠭᠤᠵᠦ᠂ 75 ᠲᠦᠮᠡᠨ ᠡᠷᠦᠬᠡ | ᠮᠠᠯᠴᠢᠨ ᠲᠠᠷᠢᠶᠠᠴᠢᠨ ᠳᠤ ᠠᠰᠢᠭ ᠬᠦᠷᠲᠡᠭᠡᠨ᠂ ᠡᠷᠦᠬᠡ ᠪᠦᠷᠢ ᠳᠤ 600 ᠲᠥᠭᠦᠷᠢᠭ ᠨᠣᠭᠳᠠᠪᠠ᠃ ᠮᠠᠯᠵᠢᠬᠤ | ᠲᠠᠷᠢᠶᠠᠯᠠᠬᠤ ᠣᠷᠣᠨ ᠤ ᠨᠤᠷᠠᠬᠤ ᠠᠶᠤᠯᠲᠠᠶ ᠬᠠᠭᠤᠴᠢᠨ ᠭᠡᠷ ᠪᠠᠶᠢᠰᠢᠩ ᠢ ᠦᠭᠡᠷᠡᠴᠢᠯᠡᠨ ᠪᠠᠶᠢᠭᠤᠯᠤᠭᠰᠠᠨ ᠶᠠᠪᠤᠳᠠᠯ | ᠨᠢ 20 ᠭᠠᠷᠤᠶ ᠲᠦᠮᠡᠨ ᠣᠷᠣᠯᠭ᠎ᠠ ᠪᠠᠭᠠᠲᠠᠶ ᠡᠷᠦᠬᠡ ᠳᠤ ᠠᠰᠢᠭ ᠬᠦᠷᠲᠡᠭᠡᠨ᠂ ᠡᠷᠥᠭᠡ ᠪᠦᠷᠢ ᠳᠤ ᠳᠤᠮᠳᠠᠴᠢ ᠪᠠᠷ | 1 ᠲᠦᠮᠡᠨ ᠲᠥᠭᠦᠷᠢᠭ ᠤᠨ ᠨᠦᠬᠦᠪᠦᠷᠢ ᠣᠯᠭᠤᠪᠠ᠃ |