ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠢᠷᠬᠡᠨ ᠤ ᠬᠠᠤᠯᠢ ᠶᠢᠨ ᠶᠡᠷᠦᠩᠬᠡᠢ ᠲᠦᠷᠢᠮ ᠤᠨ ᠲᠦᠰᠦᠯ ᠵᠡᠷᠭᠡ ᠶᠢ ᠬᠢᠨᠠᠨ ᠵᠦᠪᠯᠡᠪᠡ
ᠨᠡᠶᠢᠲᠡᠯᠡᠭᠰᠡᠨ ᠴᠠᠭ᠄
2017/3/13
      3 ᠳ᠋ᠤᠭᠠᠷ ᠰᠠᠷ᠎ᠠ ᠶᠢᠨ 10᠎ ᠤ ᠡᠳᠦᠷ ᠤᠨ ᠦᠳᠡ ᠶᠢᠨ ᠡᠮᠦᠨ᠎ᠡ᠂ ᠠᠷᠪᠠᠨ ᠬᠤᠶᠠᠳᠣᠭᠠᠷ ᠬᠤᠭᠤᠴᠠᠭᠠᠨ ᠤ ᠪᠦᠬᠦ ᠣᠯᠣᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠳᠠᠪᠣᠳᠣᠭᠠᠷ ᠬᠤᠷᠠᠯ ᠳᠤ ᠣᠷᠣᠯᠴᠠᠵᠣ ᠪᠠᠶᠢᠭ᠎ᠠ ᠦᠪᠦᠷ ᠮᠣᠩᠭᠤᠯ ᠤᠨ ᠲᠦᠯᠦᠭᠡᠯᠡᠭᠴᠢᠳ ᠤᠨ ᠪᠦᠯᠬᠦᠮ ᠰᠠᠭᠤᠭ᠎ᠠ ᠭᠠᠵᠠᠷ ᠲᠠᠭᠠᠨ ᠪᠦᠭᠦᠳᠡ ᠬᠤᠷᠠᠯ ᠬᠢᠵᠦ᠂ ᠢᠷᠭᠡᠨ ᠤ ᠬᠠᠣᠯᠢ ᠶᠢᠨ ᠶᠡᠷᠦᠩᠬᠡᠢ ᠳᠦᠷᠢᠮ ᠤᠨ ᠲᠦᠰᠦᠯ᠂ ᠠᠷᠪᠠᠨ ᠭᠤᠷᠪᠠᠳᠣᠭᠠᠷ ᠬᠤᠭᠤᠴᠠᠭᠠᠨ ᠤ ᠪᠦᠬᠦ ᠣᠯᠣᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢᠨ ᠣᠷᠣᠨ ᠳᠤᠭ᠎ᠠ ᠪᠣᠯᠣᠨ ᠰᠣᠩᠭᠤᠭᠤᠯᠢ ᠶᠢᠨ ᠠᠰᠠᠭᠤᠳᠠᠯ ᠤᠨ ᠳᠣᠬᠠᠢ ᠳᠣᠭᠳᠠᠭᠠᠯ ᠤᠨ ᠲᠦᠰᠦᠯ᠂ ᠰᠢᠶᠠᠩᠭᠠᠩ ᠵᠠᠰᠠᠭ ᠵᠠᠬᠢᠷᠭᠠᠨ ᠤ ᠣᠨᠴᠠᠭᠠᠢ ᠣᠷᠣᠨ ᠤ ᠠᠷᠪᠠᠨ ᠭᠤᠷᠪᠠᠳᠣᠭᠠᠷ ᠬᠤᠭᠤᠴᠠᠭᠠᠨ ᠤ ᠪᠦᠬᠦ ᠣᠯᠣᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢ ᠰᠣᠩᠭᠤᠬᠤ ᠠᠷᠭ᠎ᠠ ᠶᠢᠨ ᠲᠦᠰᠦᠯ᠂ ᠣᠣᠮᠧᠨ ᠵᠠᠰᠠᠭ ᠵᠠᠬᠢᠷᠭᠠᠨ ᠤ ᠣᠨᠴᠠᠭᠠᠢ ᠣᠷᠣᠨ ᠤ ᠠᠷᠪᠠᠨ ᠭᠤᠷᠪᠠᠳᠣᠭᠠᠷ ᠬᠤᠭᠤᠴᠠᠭᠠᠨ ᠤ ᠪᠦᠬᠦ ᠣᠯᠣᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢ ᠰᠣᠩᠭᠤᠬᠤ ᠠᠷᠭ᠎ᠠ ᠶᠢᠨ ᠲᠦᠰᠦᠯ ᠢ ᠬᠢᠨᠠᠨ ᠵᠦᠪᠯᠡᠪᠡ᠃      ᠯᠢ ᠵᠢᠢ ᠾᠧᠩ ᠵᠡᠷᠬᠡ ᠲᠦᠯᠦᠭᠡᠯᠡᠭᠴᠢ ᠦᠬᠡ ᠬᠡᠯᠡᠵᠦ᠂ ᠪᠦ᠋ ᠰᠢᠶᠤᠤ ᠯᠢᠨ᠂ ᠸᠠᠩ ᠵᠢᠶᠦ᠋ᠨ᠂ ᠯᠢ ᠷᠦᠩ ᠰᠢ᠂ ᠶᠦᠨ ᠹᠧᠩ᠂ ᠤᠷᠳᠤ᠂ ᠴᠠᠩ ᠵᠢᠶᠦ᠋ᠨ ᠵᠧᠩ᠂ ᠯᠢᠶᠠᠩ ᠲᠢᠶᠧ ᠴᠧᠩ ᠵᠡᠷᠬᠡ ᠲᠦᠯᠦᠬᠡᠯᠡᠭᠴᠢ ᠬᠤᠷᠠᠯ ᠳᠤ ᠤᠷᠤᠯᠴᠠᠵᠦ᠂ ᠬᠤᠷᠴᠠ ᠬᠤᠷᠠᠯ ᠡᠷᠬᠢᠯᠡᠵᠡᠢ᠃      ᠯᠢ ᠵᠢᠢ ᠾᠧᠩ ᠲᠦᠯᠦᠭᠡᠯᠡᠭᠴᠢ ᠬᠡᠯᠡᠭᠰᠡᠨ ᠨᠢ᠂ ᠦᠬᠡᠷᠡᠴᠢᠯᠡᠯᠳᠡ ᠨᠡᠬᠡᠬᠡᠯᠳᠡ ᠬᠢᠭᠰᠡᠨ ᠠᠴᠠ ᠨᠠᠰᠢ᠂ ᠮᠠᠨ ᠤ ᠤᠯᠤᠰ ᠤᠨ ᠠᠷᠠᠳᠴᠢᠯᠠᠯ ᠬᠠᠤᠯᠢ ᠳᠦᠷᠢᠮ ᠤᠨ ᠪᠠᠶᠢᠭᠤᠯᠤᠯᠳᠠ ᠴᠢᠬᠤᠯᠠ ᠠᠯᠬᠤᠮ ᠠᠯᠬᠤᠵᠦ᠂ ᠯᠤᠳᠤ ᠶᠡᠭᠡ ᠠᠮᠵᠢᠯᠳᠠ ᠤᠯᠵᠠᠢ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠪᠦᠬᠦ ᠨᠠᠮ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠢ ᠪᠦᠯᠬᠦᠮᠳᠡᠬᠦᠯᠦᠨ ᠲᠠᠭᠠᠭᠤᠯᠵᠦ᠂ ︽ᠲᠠᠪᠤ ᠶᠢ ᠨᠢᠬᠡ ᠴᠤᠬᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠳᠠ ᠶᠢ ᠨᠢᠬᠡᠳᠦᠯᠳᠡᠢ ᠠᠬᠢᠭᠤᠯᠬᠤ ᠪᠠ ︽ᠲᠦᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢ ᠵᠤᠬᠢᠴᠠᠭᠤᠯᠤᠨ ᠠᠬᠢᠭᠤᠯᠵᠦ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠰᠢᠨ᠎ᠠ ᠪᠠᠶᠢᠳᠠᠯ ᠢ ᠪᠦᠬᠦ ᠲᠠᠯ᠎ᠠ ᠪᠠᠷ ᠨᠡᠭᠡᠭᠡᠵᠡᠢ᠃ ᠡᠨᠡᠬᠦ ᠴᠠᠬ ᠦᠶ᠎ᠠ ᠶᠢᠨ ᠠᠬᠤᠢ ᠪᠠᠶᠢᠳᠠᠯ ᠲᠤᠤᠷ᠎ᠠ᠂ ᠢᠷᠭᠡᠨ ᠤ ᠬᠠᠤᠯᠢ ᠶᠢᠨ ᠪᠢᠴᠢᠭ ᠢ ᠨᠠᠶᠢᠷᠠᠭᠤᠯᠬᠤ ᠨᠢ ᠬᠦᠨᠳᠦ ᠴᠢᠬᠤᠯᠠ ᠮᠦᠷᠳᠡᠬᠡᠨ ᠠᠯᠤᠰ ᠬᠡᠳᠦ ᠶᠢᠨ ᠠᠴᠢ ᠬᠤᠯᠪᠤᠭᠳᠠᠯ ᠲᠠᠢ᠂ ᠡᠨᠡ ᠨᠠᠮ ᠤᠨ ᠠᠷᠠᠳ ᠤᠨ ᠲᠦᠯᠦᠬᠡ ᠲᠦᠷᠦ ᠪᠠᠷᠢᠬᠤ ᠦᠨᠳᠦᠰᠦᠨ ᠵᠤᠷᠢᠯᠳᠠ ᠶᠢ ᠢᠯᠡᠷᠡᠭᠦᠯᠬᠦ᠂ ᠬᠠᠮᠤᠬ ᠤᠨ ᠦᠷᠬᠡᠨ ᠤᠯᠠᠨ ᠠᠷᠠᠳ ᠲᠦᠮᠡᠨ ᠤ ᠠᠰᠢᠬ ᠲᠤᠰᠠ ᠶᠢ ᠬᠠᠮᠠᠭᠠᠯᠠᠬᠤ ᠪᠤᠰᠤᠳᠴᠢ ᠱᠠᠭᠠᠷᠳᠠᠯᠭ᠎ᠠ ᠪᠤᠯᠤᠨ᠎ᠠ᠂ ᠬᠠᠤᠯᠢ ᠪᠠᠷ ᠤᠯᠤᠰ ᠢᠶᠠᠨ ᠵᠠᠰᠠᠬᠤ ᠶᠢ ᠪᠦᠬᠦ ᠲᠠᠯ᠎ᠠ ᠪᠠᠷ ᠠᠬᠢᠭᠤᠯᠬᠤ᠂ ᠤᠯᠤᠰ ᠢ ᠵᠠᠰᠠᠬᠤ ᠰᠢᠰᠲ᠋ᠧᠮᠵᠢ ᠪᠠ ᠵᠠᠰᠠᠬᠤ ᠴᠢᠳᠠᠪᠤᠷᠢ ᠶᠢᠨ ᠤᠳᠤᠬᠢᠴᠢᠯᠠᠯᠳᠠ ᠶᠢ ᠪᠡᠶᠡᠯᠡᠭᠦᠯᠬᠦ ᠴᠢᠬᠤᠯᠠ ᠠᠷᠭ᠎ᠠ ᠬᠡᠮᠵᠢᠶ᠎ᠡ ᠪᠤᠯᠤᠨ᠎ᠠ᠂ ᠨᠡᠶᠢᠬᠡᠮ ᠵᠢᠷᠤᠮ ᠤᠨ ᠵᠠᠬ᠎ᠠ ᠲᠡᠯᠬᠡᠬᠦᠷ ᠤᠨ ᠠᠵᠦ ᠠᠬᠤᠢ ᠶᠢᠨ ᠪᠠᠶᠢᠭᠤᠯᠤᠯ ᠢ ᠪᠦᠷᠢᠨᠰᠢᠬᠦᠯᠬᠦ᠂ ᠲᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠬᠠᠤᠯᠢ ᠴᠠᠭᠠᠵᠠ ᠶᠢᠨ ᠰᠢᠰᠲ᠋ᠧᠮᠵᠢ ᠶᠢ ᠲᠡᠬᠦᠯᠳᠡᠷᠵᠢᠬᠦᠯᠬᠦ ᠶᠢᠨ ᠠᠶᠠᠨᠳᠠᠭᠠᠨ ᠤ ᠱᠠᠭᠠᠷᠳᠠᠯᠭ᠎ᠠ ᠪᠤᠯᠤᠨ᠎ᠠ᠃ ᠤᠳᠤ᠂ ᠢᠷᠬᠡᠨ ᠤ ᠬᠠᠤᠯᠢ ᠶᠢᠨ ᠪᠢᠴᠢᠭ ᠢ ᠨᠠᠶᠢᠷᠠᠭᠤᠯᠬᠤ ᠨᠦᠬᠦᠴᠡᠯ ᠨᠢᠬᠡᠨᠳᠡ ᠪᠦᠷᠢᠯᠳᠦᠪᠡ᠃ ᠢᠷᠬᠡᠨ ᠤ ᠬᠠᠤᠯᠢ ᠶᠢᠨ ᠶᠡᠷᠦᠩᠬᠡᠢ ᠲᠦᠷᠢᠮ ᠢ ᠲᠤᠭᠳᠠᠭᠠᠬᠤ ᠨᠢ ᠢᠷᠬᠡᠨ ᠤ ᠬᠠᠤᠯᠢ ᠶᠢᠨ ᠪᠢᠴᠢᠭ ᠢ ᠨᠠᠶᠢᠷᠠᠭᠤᠯᠬᠤ ᠲᠦᠷᠦᠬᠦᠦ ᠠᠯᠬᠤᠮ ᠪᠤᠯᠤᠨ᠎ᠠ᠃ ᠪᠢᠳᠡ ᠦᠪᠦᠷ ᠮᠤᠩᠭᠤᠯ ᠤᠨ ᠪᠤᠳᠠᠳᠠᠢ ᠲᠠᠢ ᠪᠠᠨ ᠤᠶᠠᠯᠳᠤᠭᠤᠯᠵᠦ᠂ ᠢᠷᠬᠡᠨ ᠤ ᠬᠠᠤᠯᠢ ᠶᠢᠨ ᠶᠡᠷᠦᠩᠬᠡᠢ ᠲᠦᠷᠢᠮ ᠢ ᠲᠤᠤᠱᠯᠠᠭᠤᠯᠤᠨ ᠬᠡᠷᠡᠭᠵᠢᠬᠦᠯᠬᠦ ᠠᠵᠢᠯ ᠢ ᠦᠨᠡᠨᠬᠦ ᠰᠠᠶᠢᠳᠤᠷ ᠠᠳᠬᠤᠵᠦ᠂ ᠨᠡᠶᠢᠬᠡᠮ ᠤᠨ ᠠᠰᠢᠬ ᠲᠤᠰᠠ ᠶᠢ ᠨᠡᠩ ᠰᠠᠶᠢᠳᠤᠷ ᠲᠡᠩᠴᠡᠬᠦᠷᠢᠰᠢᠬᠦᠯᠵᠦ᠂ ᠨᠡᠶᠢᠬᠡᠮ ᠤᠨ ᠬᠠᠷᠢᠴᠠᠭ᠎ᠠ ᠶᠢ ᠨᠡᠩ ᠰᠠᠶᠢᠳᠤᠷ ᠵᠤᠬᠢᠴᠠᠭᠤᠯᠵᠤ᠂ ᠨᠡᠶᠢᠬᠡᠮ ᠤᠨ ᠠᠵᠢᠯᠯᠠᠭ᠎ᠠ ᠶᠢ ᠨᠡᠩ ᠰᠠᠶᠢᠳᠤᠷ ᠵᠢᠷᠤᠮᠵᠢᠭᠤᠯᠤᠨ᠎ᠠ ᠭᠡᠵᠡᠢ᠃      ᠬᠤ᠋ ᠢ ᠹᠧᠩ᠂ ᠮᠠ ᠶᠦᠩ ᠱᠧᠩ᠂ ᠯᠢᠶᠠᠨ ᠰᠦ᠋᠂ ᠯᠢᠦ ᠵᠢᠶᠦ᠋ᠨ ᠴᠧᠨ᠂ ᠹᠦ᠋ ᠶᠦᠩ ᠴᠦᠨ᠂ ᠯᠢ ᠢ ᠹᠧᠢ᠂ ᠵᠠᠩ ᠬᠦᠸᠧ ᠰᠢᠩ᠂ ᠪᠠᠢ ᠰᠢᠶᠤᠤ ᠭᠤᠸᠠᠩ᠂ ᠳ᠋ᠧᠩ ᠸᠧᠢ᠂ ᠵᠦ ᠷᠦᠢ ᠯᠢᠶᠠᠨ᠂ ᠴᠤᠬ᠂ ᠴᠠᠭᠠᠳᠠᠢ᠂ ᠬᠦᠦᠳᠠᠭᠤᠯᠠ᠂ ᠤᠷᠳᠤ ᠵᠡᠷᠬᠡ ᠲᠦᠯᠦᠭᠡᠯᠡᠭᠴᠢ ᠤᠷᠢᠳ ᠬᠤᠵᠢᠳ ᠦᠬᠡ ᠬᠡᠯᠡᠬᠦ ᠶᠢᠨ ᠬᠠᠮᠳᠤ᠂ ᠠᠳᠠᠯᠢ ᠪᠤᠰᠤ ᠬᠠᠷᠠᠭᠠᠰᠤ ᠠᠴᠠ ᠰᠠᠨᠠᠯ ᠪᠠ ᠰᠠᠨᠠᠭᠤᠯᠭ᠎ᠠ ᠪᠠᠨ ᠲᠡᠪᠰᠢᠬᠦᠯᠵᠡᠢ᠃      ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠤᠯᠢ ᠲᠦᠷᠢᠮ ᠤᠨ ᠠᠵᠢᠯ ᠤᠨ ᠵᠦᠪᠯᠡᠯ ᠤᠨ ᠠᠵᠦ ᠠᠬᠤᠢ ᠶᠢᠨ ᠬᠠᠤᠯᠢ ᠶᠢᠨ ᠲᠠᠰᠤᠬ ᠤᠨ ᠬᠠᠷᠢᠭᠤᠴᠠᠯᠭᠠᠳᠠᠨ ᠬᠤᠷᠠᠯ ᠳᠤ ᠤᠷᠤᠯᠴᠠᠵᠤ ᠬᠢᠨᠠᠨ ᠵᠦᠪᠯᠡᠭᠰᠡᠨ ᠰᠠᠨᠠᠯ ᠢ ᠰᠤᠨᠤᠰᠴᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号