ᠰᠢᠯᠢ ᠶᠢᠨ ᠭᠤᠣᠯ ᠠᠶᠢᠮᠠᠭ ᠤᠳᠤ ᠦᠶ᠎ᠡ ᠶᠢᠨ ᠰᠠᠭᠤᠷᠢ ᠪᠡᠯᠡᠳᠬᠡᠮᠵᠢ ᠶᠢᠨ ᠲᠣᠣᠷ ᠰᠦᠯᠵᠢᠶᠡᠨ ᠤ ᠰᠢᠰᠲ᠋ᠧᠮᠵᠢ ᠶᠢ ᠪᠥᠬᠦ ᠬᠦᠴᠦᠨ ᠢᠶᠠᠷ ᠢᠶᠠᠨ ᠴᠤᠭᠴᠠᠯᠠᠵᠤ ᠪᠠᠶᠢᠨ᠎ᠠ
ᠨᠡᠶᠢᠲᠡᠯᠡᠭᠰᠡᠨ ᠴᠠᠭ᠄
2017/3/13
     ᠡᠨᠡ ᠵᠢᠯ᠂ ᠰᠢᠯᠢ ᠶᠢᠨ ᠭᠤᠣᠯ ᠠᠶᠢᠮᠠᠭ ᠪᠦᠬᠦ ᠵᠢᠯ ᠳᠤ ᠵᠠᠰᠠᠮᠠᠯ ᠵᠠᠮ ᠤᠨ ᠪᠦᠳᠦᠭᠡᠨ ᠪᠠᠶᠢᠭᠤᠯᠤᠯᠲᠠ ᠳᠤ 85 ᠳ᠋ᠦᠩᠰᠢᠭᠤᠷ ᠲᠥᠭᠦᠷᠢᠭ ᠪᠡᠯᠡ ᠤᠷᠤᠭᠤᠯᠵᠤ᠂ ᠰᠢᠨ᠎ᠡ ᠪᠠᠷ 3608 ᠺᠢᠯᠣᠮᠧᠲᠷ ᠵᠠᠰᠠᠮᠠᠯ ᠵᠠᠮ ᠵᠠᠰᠠᠵᠤ᠂ ᠲᠡᠮᠦᠷ ᠵᠠᠮ ᠤᠨ ᠪᠦᠳᠦᠬᠡᠨ ᠪᠠᠶᠢᠭᠤᠯᠤᠯᠲᠠ ᠳᠤ 15 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠤ᠂ ᠠᠷᠠᠳ ᠤᠨ ᠠᠭᠠᠷ ᠤᠨ ᠲᠡᠭᠡᠭᠡᠪᠦᠷᠢ ᠶᠢᠨ ᠪᠦ᠋ᠳᠦᠭᠡᠨ ᠪᠠᠶᠢᠭᠤᠯᠤᠯᠲᠠ ᠳᠤ 5 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠬᠤ ᠬᠠᠷᠠᠯᠲᠠ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠬᠤ ᠪᠠᠷ ᠪᠠᠶᠢᠨ᠎ᠠ᠃ ᠡᠷᠲᠡ ᠲᠣᠬᠢᠷᠠᠭᠤᠯᠵᠤ᠂ ᠡᠷᠲᠡ ᠵᠣᠬᠢᠶᠠᠨ ᠪᠠᠶᠢᠭᠤᠯᠵᠤ᠂ ᠡᠷᠲᠡ ᠲᠠᠯᠠᠪᠤᠷ ᠲᠤ ᠤᠷᠤᠵᠤ᠂ 7 ᠳ᠋ᠤᠭᠠᠷ ᠰᠠᠷ᠎ᠠ ᠶᠢᠨ ᠡᠬᠢᠨ ᠠᠴᠠ ᠡᠮᠦᠨ᠎ᠡ 100%᠎ ᠶᠢᠨ ᠵᠠᠰᠠᠭ ᠵᠠᠬᠢᠷᠭᠠᠨ ᠤ ᠭᠠᠴᠠᠭ᠎ᠠ ᠲᠤᠰᠬᠤᠨ ᠳᠤ ᠴᠠᠷᠳᠠᠮᠠᠯ ᠵᠠᠮ ᠢ ᠨᠡᠪᠲᠡᠷᠡᠭᠦᠯᠬᠦ ᠬᠠᠷᠠᠯᠲᠠ ᠶᠢ ᠪᠡᠶᠡᠯᠡᠭᠦᠯᠬᠦ ᠪᠠᠷ ᠴᠢᠷᠮᠠᠶᠢᠨ᠎ᠠ᠃ ᠬᠥᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ ᠶᠢ ᠰᠦᠯᠵᠢᠶᠡᠵᠢᠭᠦᠯᠬᠦ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠲᠦᠯᠬᠢᠨ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢ ᠲᠥᠷᠥ ᠶᠢᠨ ᠪᠣᠳᠣᠯᠭ᠎ᠠ ᠪᠠᠷ ᠲᠡᠳᠬᠦᠨ ᠳᠡᠮᠵᠢᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠪᠠᠷᠠᠭ᠎ᠠ ᠶᠢᠨ ᠭᠦᠢᠯᠭᠡᠭᠡᠨ ᠢ ᠰᠠᠭᠠᠳ ᠦᠭᠡᠢ ᠪᠠᠶᠢᠯᠭᠠᠬᠤ ᠶᠢ ᠪᠠᠲᠤᠯᠠᠬᠤ ᠶᠢᠨ ᠬᠠᠮᠲᠤ᠂ ᠴᠢᠬᠤᠯᠠ ᠶᠡᠭᠡ ᠠᠵᠤ ᠦᠢᠯᠡᠳᠪᠦᠷᠢ ᠶᠢᠨ ᠲᠥᠷᠥᠯ ᠵᠦᠢᠯ ᠤᠨ ᠪᠠᠶᠢᠷᠢᠯᠠᠭᠤᠯᠤᠯᠲᠠ ᠶᠢ ᠦᠨᠳᠦᠰᠦᠯᠡᠨ᠂ ᠪᠠᠷᠠᠭ᠎ᠠ ᠶᠢᠨ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠬᠡᠪᠴᠢᠶ᠎ᠡ᠂ ᠦᠢᠯᠡᠴᠢᠯᠡᠭᠡᠨ ᠤ ᠬᠦᠷᠢᠶ᠎ᠡ ᠪᠠ ᠡᠵᠡᠩᠨᠡᠯᠲᠡ ᠬᠠᠮᠢᠶᠠᠷᠤᠯᠲᠠ ᠶᠢᠨ ᠵᠠᠭᠪᠤᠷ ᠢ ᠪᠠᠶᠢᠷᠢᠰᠢᠯ ᠢ ᠲᠤᠭᠲᠠᠭᠠᠨ᠎ᠠ᠃ ᠡᠭᠦᠨ ᠠᠴᠠ ᠭᠠᠳᠠᠨ᠎ᠠ᠂ ᠠᠮᠤᠷ ᠲᠦᠪᠰᠢᠨ ᠰᠠᠭᠠᠳ ᠦᠭᠡᠢ ᠶᠢ ᠪᠠᠲᠤᠯᠠᠬᠤ ᠠᠵᠢᠯ ᠢ ᠳᠤᠪᠤᠶᠢᠮ᠎ᠠ ᠰᠠᠶᠢᠲᠤᠷ ᠠᠳᠬᠤᠵᠤ᠂ ᠵᠠᠰᠠᠮᠠᠯ ᠵᠠᠮ ᠤᠨ ᠲᠡᠭᠡᠭᠡᠪᠦᠷᠢ ᠶᠢᠨ ᠠᠮᠤᠷ ᠲᠦᠪᠰᠢᠨ᠂ ᠰᠠᠭᠠᠳ ᠦᠭᠡᠢ᠂ ᠳᠥᠭᠦᠮ ᠳᠥᠲᠡ ᠪᠠᠶᠢᠬᠤ ᠰᠠᠶᠢᠨ ᠰᠠᠶᠢᠬᠠᠨ ᠡᠮᠬᠢ ᠵᠢᠷᠤᠮ ᠢ ᠴᠢᠷᠮᠠᠶᠢᠨ ᠬᠠᠮᠠᠭᠠᠯᠠᠨ᠎ᠠ᠃ ᠲᠡᠮᠦᠷ ᠵᠠᠮ ᠠᠷᠠᠳ ᠤᠨ ᠠᠭᠠᠷ ᠤᠨ ᠲᠡᠭᠡᠭᠡᠪᠦᠷᠢ ᠶᠢᠨ ᠦᠢᠯᠡᠰ ᠤᠨ ᠬᠥᠭᠵᠢᠯᠲᠡ ᠶᠢ ᠳᠤᠪᠤᠶᠢᠮ᠎ᠠ ᠰᠠᠶᠢᠲᠤᠷ ᠠᠳᠬᠤᠨ᠎ᠠ᠃ ︽13·5︾᠎ ᠶᠢᠨ ᠬᠤᠭᠤᠴᠠᠭᠠᠨ ᠳᠤ᠂ ᠰᠢᠯᠢ ᠶᠢᠨ ᠭᠤᠣᠯ ᠠᠶᠢᠮᠠᠭ 1521 ᠺᠢᠯᠣᠮᠧᠲᠷ ᠲᠡᠮᠦᠷ ᠵᠠᠮ ᠢ ᠰᠢᠨ᠎ᠡ ᠪᠠᠷ ᠵᠠᠰᠠᠵᠤ᠂ ︽ᠳᠥᠷᠪᠡᠨ ᠬᠥᠨᠳᠡᠯᠡᠨ ᠵᠢᠷᠭᠤᠭᠠᠨ ᠭᠤᠤᠯᠳᠤ ᠵᠢᠷᠭᠤᠭᠠᠨ ᠰᠠᠯᠪᠤᠷᠢ ᠱᠤᠭᠤᠮ︾᠎ ᠤᠨ ᠲᠡᠮᠦᠷ ᠵᠠᠮ ᠤᠨ ᠲᠤᠤᠷ ᠢ ᠦᠨᠳᠦᠰᠦᠨ ᠳᠡᠭᠡᠨ ᠪᠤᠢ ᠪᠤᠯᠭᠠᠬᠤ ᠪᠠᠷ ᠲᠦᠯᠦᠪᠵᠢᠭᠦᠯᠪᠡ︔ 6 ᠨᠡᠶᠢᠳᠡᠮ ᠬᠡᠷᠡᠭᠯᠡᠬᠦ ᠨᠢᠰᠬᠡᠯ ᠤᠨ ᠪᠠᠭᠤᠳᠠᠯ᠂ 2 ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠢ ᠪᠦᠲᠦᠭᠡᠨ ᠪᠠᠶᠢᠭᠤᠯᠬᠤ ᠪᠠᠷ ᠲᠦᠯᠦᠪᠵᠢᠭᠦᠯᠵᠦ᠂ ᠰᠢᠯᠢ ᠶᠢᠨ ᠭᠤᠣᠯ ᠠᠶᠢᠮᠠᠭ ᠤᠨ ᠶᠡᠷᠦᠩᠬᠡᠶᠢᠯᠡᠭᠰᠡᠨ ᠵᠠᠮ ᠲᠡᠭᠡᠭᠡᠪᠦᠷᠢ ᠶᠢᠨ ᠦᠢᠯᠡᠴᠢᠯᠡᠭᠡᠨ ᠤ ᠰᠢᠰᠲ᠋ᠧᠮᠵᠢ ᠶᠢ  ᠪᠤᠢ ᠪᠤᠯᠭᠠᠬᠤ ᠶᠢ ᠲᠦᠯᠬᠢᠨ ᠠᠬᠢᠭᠤᠯᠵᠤ᠂ ᠰᠢᠯᠢ ᠶᠢᠨ ᠭᠤᠣᠯ ᠠᠶᠢᠮᠠᠭ ᠤᠨ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ ᠶᠢᠨ ᠪᠦᠳᠦᠭᠡᠨ ᠪᠠᠶᠢᠭᠤᠯᠤᠯᠲᠠ ᠶᠢ ᠲᠠᠬᠢᠨ ᠰᠢᠨ᠎ᠡ ᠳᠡᠭᠲᠡᠷ᠂ ᠰᠢᠨ᠎ᠡ ᠬᠢᠷᠢ ᠲᠦᠪᠰᠢᠨ ᠳᠤ ᠭᠠᠷᠭᠠᠬᠤ ᠶᠢ ᠦᠨᠡᠨ ᠬᠦ ᠲᠦᠯᠬᠢᠨ ᠠᠬᠢᠭᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号