ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠲᠣᠬᠢᠷᠠᠭᠤᠯᠬᠤ ᠶᠢ ᠴᠢᠩᠭᠠᠳᠬᠠᠵᠤ᠂ ᠡᠯ᠎ᠡ ᠰᠠᠯᠠᠭ᠎ᠠ | ᠮᠥᠴᠢᠷ ᠤᠳ ᠤᠨ ᠠᠵᠢᠯ ᠤᠨ ᠠᠬᠢᠴᠠ ᠵᠢᠴᠢ ᠠᠰᠠᠭᠤᠳᠠᠯ ᠢᠶᠠᠨ ᠴᠠᠭ ᠲᠤᠬᠠᠶ ᠳᠤᠨᠢ ᠪᠦᠲᠦᠮᠵᠢᠲᠡᠶ ᠪᠠᠷ ᠬᠠᠷᠢᠭᠤ | ᠲᠤᠰᠬᠠᠬᠤ ᠶᠢ ᠪᠠᠲᠤᠯᠠᠬᠤ ᠶᠢᠨ ᠲᠤᠯᠠᠳᠠ᠂ ᠦᠬᠠᠶ ᠬᠤᠳᠠ ᠶᠢᠨ ᠣᠷᠴᠢᠨ ᠲᠤᠭᠤᠷᠢᠨ ᠤ ᠬᠠᠮᠠᠭᠠᠯᠠᠯᠲᠠ ᠶᠢᠨ | ᠲᠤᠪᠴᠢᠶ᠎ᠠ ︽2017 ᠣᠨ ᠤ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠤᠨ ᠠᠬᠢᠴᠠ ᠶᠢᠨ ᠪᠠᠶᠢᠳᠠᠯ ᠢ | ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠦᠨ ᠬᠦᠷᠭᠡᠬᠦ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ | ᠲᠥᠷᠥᠯ ᠵᠦᠢᠯ ᠢᠶᠠᠷ ᠭᠤᠣᠯᠳᠠᠯᠭ᠎ᠠ ᠲᠠᠢ ᠠᠵᠢᠯ ᠢ ᠬᠠᠮᠢᠶᠠᠷᠬᠤ ᠡᠬᠡ ᠳᠠᠩᠰᠠ ᠪᠠᠶᠢᠭᠤᠯᠵᠤ᠂ ᠡᠯ᠎ᠡ ᠵᠦᠢᠯ ᠤᠨ | ᠡᠭᠦᠷᠭᠡ ᠵᠢᠴᠢ ᠭᠤᠣᠯᠳᠠᠯᠭ᠎ᠠ ᠲᠠᠢ ᠢᠨᠵᠧᠨᠧᠷᠢᠩ ᠤᠨ ᠲᠦᠷᠦᠯ ᠵᠦᠢᠯ ᠤᠨ ᠠᠬᠢᠴᠠ ᠶᠢᠨ ᠪᠠᠶᠢᠳᠠᠯ ᠢ ᠣᠨᠣᠪᠴᠢᠲᠠᠶ | ᠮᠦᠷᠲᠡᠭᠡᠨ ᠪᠦᠷᠢᠨ ᠬᠦᠢᠴᠡᠳ ᠲᠡᠮᠳᠡᠭᠯᠡᠵᠤ᠂ ᠰᠠᠷ᠎ᠠ ᠰᠠᠷ᠎ᠠ ᠪᠠᠷ ᠬᠥᠳᠡᠯᠦᠩᠭᠦᠶ ᠪᠠᠷ ᠰᠢᠨᠡᠳᠭᠡᠬᠦ ᠬᠡᠷᠡᠭᠲᠠᠢ︔ | ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠲᠦᠷᠦᠯ ᠵᠦᠢᠯ ᠤᠨ ᠠᠬᠢᠴᠠ ᠶᠢᠨ ᠪᠠᠶᠢᠳᠠᠯ᠂ ᠣᠷᠣᠰᠢᠵᠤ ᠪᠠᠶᠢᠭ᠎ᠠ | ᠠᠰᠠᠭᠤᠳᠠᠯ ᠪᠣᠯᠤᠨ ᠰᠠᠨᠠᠭᠤᠯᠭ᠎ᠠ ᠶᠢ ᠪᠠᠭᠲᠠᠭᠠᠭᠰᠠᠨ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠤᠨ | ᠮᠡᠳᠡᠭᠡ ᠵᠠᠩᠭᠢ ᠶᠢ ᠭᠠᠷᠠᠭ ᠪᠦᠷᠢ ᠮᠡᠳᠡᠭᠦᠯᠦᠨ ᠬᠦᠷᠭᠡᠬᠦ ᠬᠡᠷᠡᠭᠲᠡᠶ︔ ᠣᠷᠴᠢᠨ ᠲᠣᠭᠤᠷᠢᠨ ᠤ ᠶᠠᠰᠤ ᠴᠢᠨᠠᠷ ᠤᠨ | ᠪᠠᠷᠢᠮᠵᠢᠶ᠎ᠠ ᠳᠤ ᠬᠦᠷᠦᠭᠰᠡᠨ ᠣᠷᠣᠨ ᠲᠤᠭᠤᠷᠢᠭ ᠤᠨ ᠣᠷᠴᠢᠨ ᠲᠣᠭᠤᠷᠢᠨ ᠤ ᠶᠠᠰᠤ ᠴᠢᠨᠠᠷ ᠢ ᠪᠠᠷᠢᠮᠵᠢᠶ᠎ᠠ ᠳᠤ | ᠬᠦᠷᠦᠬᠦᠯᠬᠦ ᠲᠥᠰᠦᠯ ᠢ ᠬᠡᠷᠡᠭᠵᠢᠭᠦᠯᠦᠭᠰᠡᠨ ᠪᠠᠶᠢᠳᠠᠯ᠂ ᠭᠤᠣᠯᠳᠠᠯᠭ᠎ᠠ ᠲᠠᠢ ᠠᠵᠢᠯ ᠤᠨ ᠬᠠᠮᠢᠶᠠᠷᠤᠯᠲᠠ ᠶᠢᠨ | ᠳᠠᠩᠰᠠ ᠶᠢ ᠰᠠᠷ᠎ᠠ ᠰᠠᠷ᠎ᠠ ᠪᠠᠷ ᠮᠡᠳᠡᠭᠦᠯᠦᠨ ᠬᠦᠷᠬᠡᠬᠦ ᠬᠡᠷᠡᠭᠲᠠᠢ ᠬᠡᠵᠤ ᠱᠠᠭᠠᠷᠳᠠᠪᠠ᠃ |