ᠠᠯᠠᠱᠠ ᠶᠢᠨ ᠠᠵᠤ ᠠᠬᠤᠶ ᠶᠢᠨ ᠨᠡᠭᠡᠭᠡᠯᠳᠡ ᠶᠢᠨ ᠲᠣᠭᠤᠷᠢᠭ ᠪᠡᠯᠡ ᠣᠷᠣᠭᠤᠯᠤᠯᠲᠠ ᠶᠢᠨ ᠲᠥᠷᠥᠯ ᠵᠦᠢᠯ  ᠤᠨ ᠪᠡᠯᠡ ᠮᠥᠩᠭᠦ 2 ᠳ᠋ᠦᠩᠰᠢᠭᠤᠷ ᠲᠥᠭᠦᠷᠢᠭ ᠣᠯᠪᠠ
ᠨᠡᠶᠢᠲᠡᠯᠡᠭᠰᠡᠨ ᠴᠠᠭ᠄
2017/3/15
     ᠠᠯᠠᠱᠠ ᠶᠢᠨ ᠠᠵᠤ ᠠᠬᠤᠶ ᠶᠢᠨ ᠨᠡᠭᠡᠭᠡᠯᠳᠡ ᠶᠢᠨ ᠲᠣᠭᠤᠷᠢᠭ ᠮᠢᠩᠭᠠᠨ ᠳ᠋ᠦᠩᠰᠢᠭᠤᠷ ᠲᠥᠭᠦᠷᠢᠭ ᠤᠨ ᠬᠦᠷᠢᠶᠡᠯᠡᠩ ᠲᠣᠭᠤᠷᠢᠭ ᠪᠠᠶᠢᠭᠤᠯᠬᠤ ᠬᠠᠷᠠᠯᠲᠠ ᠶᠢᠨ ᠲᠣᠭᠤᠷᠢᠨ ᠳᠤ᠂ ᠤᠯᠤᠰ ᠤᠨ ᠠᠵᠤ ᠦᠢᠯᠡᠰ ᠤᠨ ᠲᠦᠷᠦ ᠶᠢᠨ ᠪᠤᠳᠤᠯᠭ᠎ᠠ ᠳᠤ ᠨᠡᠶᠢᠴᠡᠬᠦ᠂ ᠠᠵᠤ ᠦᠶᠯᠡᠰ ᠤᠨ ᠬᠥᠭᠵᠢᠯᠲᠡ ᠶᠢᠨ ᠴᠢᠭᠯᠡᠯ ᠳᠤ ᠨᠡᠶᠢᠴᠡᠬᠦ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢ ᠤᠷᠢᠳᠴᠢᠯᠠᠨ ᠪᠣᠳᠣᠯᠬᠢᠯᠠᠬᠤ ᠵᠡᠷᠭᠡ ᠲᠠᠯ᠎ᠠ ᠠᠴᠠ ᠭᠠᠷᠳᠡᠵᠦ᠂ ᠲᠥᠷᠥᠯ ᠵᠦᠢᠯ ᠤᠨ ᠬᠥᠮᠥᠷᠭᠡ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠥᠨᠳᠥᠷ ᠬᠢᠷᠢ ᠲᠦᠪᠰᠢᠨ ᠪᠦᠬᠦᠢ ᠲᠤᠮᠤ ᠲᠥᠷᠥᠯ ᠵᠦᠢᠯ᠂ ᠰᠠᠶᠢᠨ ᠲᠦᠷᠦᠯ ᠵᠦᠢᠯ ᠢ ᠰᠦᠪᠡᠭᠴᠢᠯᠡᠵᠦ᠂ ᠬᠥᠮᠥᠷᠭᠡ ᠳᠤ ᠣᠷᠣᠭᠤᠯᠬᠤ ᠲᠦᠷᠥᠯ ᠵᠦᠢᠯ ᠤᠨ ᠶᠠᠰᠤ ᠴᠢᠨᠠᠷ ᠪᠠ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠣᠳᠣᠬᠠᠨ ᠪᠣᠯᠲᠠᠯ᠎ᠠ᠂ ᠲᠥᠪ ᠤᠨ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ᠂ ᠤᠯᠤᠰ ᠤᠨ ᠲᠤᠰᠬᠠᠶ ᠵᠢᠭᠡᠯᠡᠯᠭᠡ ᠶᠢᠨ ᠲᠡᠮᠳᠡᠭᠲᠦ ᠶᠢᠨ ᠰᠠᠭᠤᠷᠢ ᠮᠥᠩᠭᠦᠨ ᠤ ᠲᠥᠷᠥᠯ ᠵᠦᠢᠯ ᠢ 8 ᠲᠡᠮᠡᠴᠡᠨ ᠣᠯᠵᠤ᠂ 2.0074 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠨᠠᠶᠢᠳᠠᠪᠤᠷᠢᠵᠢᠭᠤᠯᠵᠤ᠂ ᠪᠡᠯᠡ ᠮᠥᠩᠭᠦ ᠶᠢ ᠪᠦᠬᠦᠨ ᠢ ᠣᠷᠣᠨ ᠪᠠᠶᠢᠷᠢ ᠳᠤᠨᠢ ᠪᠤᠳᠠᠲᠠᠶᠢᠵᠢᠭᠤᠯᠵᠤ᠂ ᠳᠡᠭᠡᠷ᠎ᠡ ᠵᠢᠯ ᠤᠨ ᠬᠢ ᠠᠴᠠ 135% ᠨᠡᠮᠡᠭᠳᠡᠪᠡ᠂ ᠡᠭᠦᠨ ᠳᠤ᠄ ᠲᠥᠪ ᠤᠨ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠨᠡᠶᠢᠳᠡ 5 ᠶᠢ ᠣᠯᠵᠤ᠂ 0.2224 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠣᠷᠣᠨ ᠪᠠᠶᠢᠷᠢ ᠳᠤᠨᠢ ᠪᠤᠳᠠᠲᠠᠶᠢᠵᠢᠭᠤᠯᠵᠤ᠂ ᠤᠯᠤᠰ ᠤᠨ ᠲᠤᠰᠬᠠᠶ ᠵᠢᠭᠡᠯᠡᠯᠭᠡ ᠶᠢᠨ ᠲᠡᠮᠳᠡᠭᠲᠦ ᠶᠢᠨ ᠰᠠᠭᠤᠷᠢ ᠮᠥᠩᠭᠦᠨ ᠤ ᠲᠥᠷᠥᠯ ᠵᠦᠢᠯ ᠢ ᠨᠡᠶᠢᠲᠡ 3 ᠶᠢ ᠣᠯᠵᠤ᠂ 1.785 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠣᠷᠣᠨ ᠪᠠᠶᠢᠷᠢ ᠳᠤᠨᠢ ᠪᠣᠳᠠᠲᠠᠶᠢᠵᠢᠭᠤᠯᠪᠠ᠃ ᠪᠡᠯᠡ ᠮᠥᠩᠭᠦ ᠶᠢ ᠭᠤᠣᠯᠳᠠᠭᠤ ᠬᠠᠲᠠᠭᠤ ᠬᠠᠶᠠᠭᠳᠠᠮᠠᠯ ᠪᠣᠳᠠᠰ ᠢ ᠠᠰᠢᠭᠯᠠᠬᠤ᠂ ᠭᠦᠸᠧᠯᠦ ᠶᠢᠨ ᠠᠭᠤᠷ ᠤᠲᠤᠭ᠎ᠠ ᠬᠦᠬᠦᠷ ᠥᠬᠡᠶᠢᠳᠡᠭᠦᠯᠬᠦ ᠱᠡᠤ ᠥᠬᠡᠶᠢᠳᠡᠭᠦᠯᠬᠦ ᠶᠢ ᠦᠷᠭᠦᠯᠵᠢᠯᠡᠨ ᠳᠡᠰ ᠳᠡᠪᠰᠢᠭᠦᠯᠦᠨ ᠥᠭᠡᠷᠡᠴᠢᠯᠡᠬᠦ᠂ ᠳᠡᠭᠳᠡᠮᠡᠬᠡᠶ ᠴᠢᠨᠠᠷ ᠲᠠᠢ ᠣᠷᠭᠠᠨᠢᠭ ᠪᠣᠳᠠᠰ ᠤᠨ ᠭᠠᠳᠠᠭᠰᠢᠯᠠᠭᠤᠯᠤᠯᠲᠠ ᠶᠢ ᠵᠠᠰᠠᠬᠤ᠂ ᠮᠠᠯᠵᠢᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ ᠢᠨᠵᠧᠨᠧᠷᠢᠩ ᠵᠡᠷᠭᠡ ᠣᠷᠴᠢᠨ ᠲᠣᠭᠤᠷᠢᠨ ᠢ ᠵᠠᠰᠠᠬᠤ᠂ ᠮᠡᠷᠭᠡᠵᠢᠯ ᠢ ᠥᠭᠡᠷᠡᠴᠢᠯᠡᠬᠦ᠂ ᠠᠮᠢ ᠠᠬᠤᠶ ᠶᠢ ᠬᠠᠮᠠᠭᠠᠯᠠᠬᠤ ᠪᠠ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号