ᠯᠢ ᠵᠢᠢ ᠾᠧᠩ᠄ ᠪᠦᠬᠦ ᠤᠯᠤᠰ ᠤᠨ ︽ᠬᠤᠶᠠᠷ ᠬᠤᠷᠠᠯ︾ ᠤᠨ ᠵᠤᠷᠢᠭ ᠰᠠᠨᠠᠭ᠎ᠠ ᠶᠢ ᠤᠳᠤᠬᠢᠴᠢᠯᠠᠭᠰᠠᠨ ᠦᠪᠦᠷ ᠮᠤᠩᠭᠤᠯ ᠢ ᠪᠦᠳᠦᠭᠡᠨ ᠪᠠᠶᠢᠭᠤᠯᠵᠤ ᠡᠭᠡ ᠤᠯᠤᠰ ᠤᠨ ᠤᠮᠠᠷᠠᠳᠦ ᠶᠢᠨ ᠦᠵᠡᠰᠭᠦᠯᠡᠩᠳᠦ ᠰᠠᠶᠢᠬᠠᠨ ᠦᠵᠡᠮᠵᠢ ᠶᠢᠨ ᠤᠷᠤᠨ ᠢ ᠴᠣᠬᠴᠠᠯᠠᠬᠤ ᠪᠤᠳᠠᠳᠠᠢ ᠠᠵᠢᠯᠯᠠᠭ᠎ᠠ ᠪᠠ ᠠᠮᠢᠳᠤᠯᠢᠭ ᠦᠢᠯᠡᠳᠦᠯᠭᠡ ᠪᠤᠯᠭᠠᠨ ᠬᠤᠪᠢᠷᠠᠭᠤᠯᠬᠤ ᠬᠡᠷᠡᠭᠳᠡᠢ
ᠨᠡᠶᠢᠲᠡᠯᠡᠭᠰᠡᠨ ᠴᠠᠭ᠄
2017-03-17
     ᠯᠢ ᠵᠢᠢ ᠾᠧᠩ ᠦᠪᠡᠷᠳᠡᠭᠡᠨ ᠵᠠᠰᠠᠬᠤ ᠤᠷᠤᠨ ᠤ ᠺᠠᠳ᠋ᠷᠴᠤᠳ ᠤᠨ ᠶᠡᠭᠡ ᠬᠤᠷᠠᠯ ᠲᠡᠭᠡᠷ᠎ᠡ ᠴᠢᠬᠤᠯᠠᠴᠢᠯᠠᠬᠰᠠᠨ ᠨᠢ ᠪᠦᠬᠦ ᠤᠯᠤᠰ ᠤᠨ ︽ᠬᠤᠶᠠᠷ ᠬᠤᠷᠠᠯ︾ ᠤᠨ ᠵᠤᠷᠢᠭ ᠰᠠᠨᠠᠭ᠎ᠠ ᠶᠢ ᠤᠳᠤᠬᠢᠴᠢᠯᠠᠭᠰᠠᠨ ᠦᠪᠦᠷ ᠮᠤᠩᠭᠤᠯ ᠢ ᠪᠦᠳᠦᠭᠡᠨ ᠪᠠᠶᠢᠭᠤᠯᠵᠤ ᠡᠭᠡ ᠤᠯᠤᠰ ᠤᠨ ᠤᠮᠠᠷᠠᠳᠦ ᠶᠢᠨ ᠦᠵᠡᠰᠭᠦᠯᠡᠩᠳᠦ ᠰᠠᠶᠢᠬᠠᠨ ᠦᠵᠡᠮᠵᠢ ᠶᠢᠨ ᠤᠷᠤᠨ ᠢ ᠴᠣᠬᠴᠠᠯᠠᠬᠤ ᠪᠤᠳᠠᠳᠠᠢ ᠠᠵᠢᠯᠯᠠᠭ᠎ᠠ ᠪᠠ ᠠᠮᠢᠳᠤᠯᠢᠭ ᠦᠢᠯᠡᠳᠦᠯᠭᠡ ᠪᠤᠯᠭᠠᠨ ᠬᠤᠪᠢᠷᠠᠭᠤᠯᠬᠤ ᠬᠡᠷᠡᠭᠳᠡᠢ      ᠪᠦ᠋ ᠰᠢᠶᠤᠤ ᠯᠢᠨ ᠷᠧᠨ ᠶᠠ ᠫᠢᠩ ᠪᠦᠬᠦ ᠤᠯᠤᠰ ᠤᠨ ︽ᠬᠤᠶᠠᠷ ᠬᠤᠷᠠᠯ︾  ᠤᠨ ᠵᠤᠷᠢᠭ ᠰᠠᠨᠠᠭ᠎ᠠ ᠶᠢ ᠤᠯᠠᠮᠵᠢᠯᠠᠵᠠᠢ      3 ᠳ᠋ᠤᠭᠠᠷ ᠰᠠᠷ᠎ᠠ ᠶᠢᠨ16 ᠤ ᠦᠳᠡ ᠶᠢᠨ ᠡᠮᠦᠨ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠵᠤ᠂ ᠪᠦᠬᠦ ᠤᠯᠤᠰ ᠤᠨ ︽ᠬᠤᠶᠠᠷ ᠬᠤᠷᠠᠯ︾ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠬᠤᠷᠠᠯ ᠢ ᠡᠷᠬᠢᠯᠡᠨ ᠶᠠᠷᠢᠶ᠎ᠠ ᠲᠠᠯᠪᠢᠵᠠᠢ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠵᠤ᠂ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠷᠧᠨ ᠶᠠ ᠫᠢᠩ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶ᠎ᠠ ᠶᠢᠨ ᠲᠠᠪᠤᠳᠤᠭᠠᠷ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠪᠠ᠃ ᠲᠦᠪ ᠤᠨ ᠬᠤᠶᠠᠳᠣᠭᠠᠷ ᠳᠣᠭᠤᠷᠢᠨ ᠪᠠᠶᠢᠴᠠᠭᠠᠬᠤ ᠳᠤᠭᠤᠶᠢᠯᠠᠩ ᠤᠨ ᠬᠠᠮᠢᠶ᠎ᠠ ᠪᠦᠬᠦᠢ ᠨᠦᠬᠦᠳ ᠬᠤᠷᠠᠯ ᠳᠤ ᠣᠷᠣᠯᠴᠠᠵᠠᠢ᠃      ᠯᠢ ᠵᠢᠢ ᠾᠧᠩ ᠵᠢᠭᠠᠵᠤ ᠭᠠᠷᠭᠠᠬᠰᠠᠨ ᠨᠢ᠂ ᠰᠠᠶ᠋ᠢᠬᠠᠨ ᠠᠮᠵᠢᠯᠳᠡ ᠲᠠᠢ ᠲᠡᠭᠦᠰᠦᠭᠰᠡᠨ ᠪᠦᠬᠦ ᠤᠯᠤᠰ ᠤᠨ ︽ᠬᠤᠶᠠᠷ ᠬᠤᠷᠠᠯ︾ ᠨᠢ᠂ ︽13·5︾ ᠶᠢᠨ ᠲᠦᠯᠦᠪᠵᠢᠭᠦᠯᠭᠡ ᠶᠢ ᠬᠡᠷᠡᠭᠵᠢᠭᠦᠯᠬᠦ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠶᠢ ᠰᠡᠩᠭᠡᠷᠡᠭᠦᠯᠬᠦ ᠣᠨ ᠪᠠ ᠲᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠦᠳᠦᠭᠡᠷ ᠣᠳᠠᠭ᠎ᠠ ᠶᠢᠨ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠠᠴᠠ ᠡᠮᠦᠨ᠎ᠠ ᠬᠤᠷᠠᠯᠳᠤᠭᠤᠯᠤᠬᠰᠠᠨ ᠮᠠᠰᠢ ᠴᠢᠬᠤᠯᠠ ᠬᠤᠷᠠᠯ ᠪᠤᠯᠤᠨ᠎ᠠ᠃ ᠪᠦᠬᠦ ᠤᠷᠤᠨ ᠲᠠᠶᠠᠭᠠᠷ ᠪᠦᠬᠦ ᠤᠯᠤᠰ ᠤᠨ ︽ᠬᠤᠶᠠᠷ ᠬᠤᠷᠠᠯ︾ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠴᠢᠬᠤᠯᠠ ᠤᠯᠤᠰ ᠲᠦᠷᠦ ᠶᠢᠨ ᠡᠭᠦᠷᠭᠡ ᠪᠤᠯᠭᠠᠵᠤ᠂ ᠲᠠᠷᠤᠢ ᠲᠦᠷᠭᠡᠨ ᠢᠶᠠᠷ ᠰᠤᠷᠤᠯᠴᠠᠨ ᠲᠤᠤᠱᠯᠠᠭᠤᠯᠬᠤ ᠬᠠᠯᠠᠭᠤᠨ ᠦᠷᠨᠢᠯᠳᠡ ᠭᠠᠷᠭᠠᠬᠤ ᠬᠡᠷᠡᠭᠳᠡᠢ ᠬᠡᠪᠡ᠃      ᠯᠢ ᠵᠢᠢ ᠾᠧᠩ ᠵᠢᠭᠠᠵᠤ ᠭᠠᠷᠭᠠᠬᠰᠠᠨ ᠨᠢ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠪᠠᠶᠢᠯᠳᠤᠬᠤ ᠪᠤᠳᠤᠯᠭ᠎ᠠ ᠶᠢᠨ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠵᠤ᠂ ᠬᠦᠭᠵᠢᠯᠳᠡ ᠶᠢᠨ ᠶᠡᠭᠡ ᠬᠠᠨᠳᠤᠰᠢ ᠶᠢ ᠡᠵᠡᠮᠰᠢᠵᠦ᠂ ᠦᠷᠢᠰᠦᠯᠳᠦᠭᠡᠨ ᠢ ᠲᠠᠶᠢᠪᠤᠭᠤ ᠠᠷᠭᠠᠴᠠᠵᠤ᠂ ᠠᠭᠤᠤ ᠶᠡᠭᠡ ᠲᠡᠮᠡᠴᠡᠯ ᠤᠨ ᠰᠢᠨ᠎ᠠ ᠢᠯᠠᠯᠳᠠ ᠶᠢ ᠲᠡᠮᠡᠴᠡᠨ ᠤᠯᠵᠤ᠂ ᠠᠭᠤᠤ ᠶᠡᠭᠡ ᠢᠨᠵᠧᠨᠧᠷᠢᠩ ᠤᠨ ᠰᠢᠨ᠎ᠠ ᠲᠠᠪᠠᠯᠳᠠ ᠶᠢ ᠪᠡᠶᠡᠯᠡᠭᠦᠯᠵᠦ᠂ ᠠᠭᠤᠤ ᠶᠡᠭᠡ ᠦᠢᠯᠡᠰ ᠤᠨ ᠰᠢᠨ᠎ᠠ ᠪᠠᠶᠢᠳᠠᠯ ᠢ ᠨᠡᠭᠡᠭᠡᠵᠤ᠂ ᠠᠭᠤᠤ ᠶᠡᠭᠡ ᠰᠡᠷᠭᠦᠨ ᠮᠠᠨᠳᠤᠯᠳᠠ ᠶᠢᠨ ᠰᠢᠨ᠎ᠠ ᠬᠠᠭᠤᠳᠠᠰᠦ ᠶᠢ ᠪᠢᠴᠢᠭᠯᠡᠪᠡ᠃ ᠦᠩᠭᠡᠷᠡᠭᠰᠡᠨ ᠨᠢᠭᠡ ᠵᠢᠯ ᠳᠤ᠂ ᠤᠯᠤᠰ ᠤᠨ ᠲᠤᠳᠤᠭᠠᠳᠦ ᠭᠠᠳᠠᠭᠠᠳᠦ ᠶᠢᠨ ᠤᠯᠠᠨ ᠠᠷᠪᠢᠨ ᠵᠦᠷᠢᠴᠡᠯ ᠳᠠᠪᠬᠤᠴᠠᠵᠣ᠂ ᠲᠦᠭᠰᠢᠭᠦᠷᠢᠳᠦ ᠪᠠᠶᠢᠳᠠᠯ ᠰᠤᠯᠪᠢᠴᠠᠨ ᠤᠷᠤᠰᠢᠭᠰᠠᠨ ᠬᠠᠳᠠᠭᠤ ᠴᠢᠩᠭ᠎ᠠ ᠦᠷᠢᠰᠦᠯᠳᠦᠭᠡᠨ ᠤ ᠡᠮᠦᠨ᠎ᠠ᠂ ᠮᠠᠨ ᠤ ᠤᠯᠤᠰ ︽13·5︾ ᠶᠢᠨ ᠰᠠᠶᠢᠨ ᠰᠠᠶᠢᠬᠠᠨ ᠡᠬᠢᠯᠡᠯᠳᠡ ᠶᠢ ᠪᠡᠶᠡᠯᠡᠭᠦᠯᠵᠡᠢ᠂ ᠦᠨᠳᠦᠰᠦᠨ ᠠᠴᠠ ᠨᠢ ᠬᠡᠯᠡᠪᠡᠯ᠂ ᠡᠨᠡ ᠨᠢ ᠰᠢ ᠶᠢᠨ ᠫᠢᠩ ᠨᠦᠭᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ ᠡᠷᠡᠰ ᠴᠢᠩᠭ᠎ᠠ ᠤᠳᠤᠷᠢᠳᠤᠯᠭ᠎ᠠ ᠠᠴᠠ ᠪᠣᠯᠣᠭᠰᠠᠨ ᠪᠠᠶᠢᠨ᠎ᠠ᠃ ᠪᠦᠬᠦ ᠤᠷᠤᠨ ᠤ ᠡᠯ᠎ᠠ ᠱᠠᠳᠤᠨ ᠤ ᠨᠠᠮ ᠤᠨ ᠵᠤᠬᠢᠶᠠᠨ ᠪᠠᠶᠢᠭᠤᠯᠤᠯᠲᠠ ᠪᠠ ᠦᠷᠭᠡᠨ ᠤᠯᠠᠨ ᠨᠠᠮ ᠤᠨ ᠬᠡᠰᠢᠭᠦᠨ ᠺᠠᠳ᠋ᠷᠴᠤᠳ ᠤᠯᠤᠰ ᠲᠦᠷᠦ ᠶᠢᠨ ᠵᠤᠬᠰᠤᠴᠠ ᠪᠠᠨ ᠲᠡᠭᠡᠭᠰᠢᠯᠡᠭᠦᠯᠦᠨ᠂ ᠪᠠᠶᠢᠯᠳᠤᠬᠤ ᠪᠤᠳᠤᠯᠭ᠎ᠠ ᠶᠢᠨ ᠲᠤᠬᠳᠠᠯ ᠬᠦᠴᠦ ᠪᠠᠨ ᠪᠠᠳᠤᠯᠠᠵᠤ᠂ ︽ᠲᠦᠷᠪᠡᠨ ᠤᠬᠠᠮᠰᠠᠷ︾ ᠢᠶᠠᠨ ᠴᠢᠩᠭᠠᠷᠠᠭᠤᠯᠵᠣ᠂ ︽ᠲᠦᠷᠪᠡᠨ ᠢᠳᠡᠭᠡᠯ︾ ᠢᠶᠠᠨ ᠪᠠᠳᠤᠳᠬᠠᠵᠤ᠂ ᠶᠡᠷᠦᠩᠬᠡᠢ ᠱᠦᠵᠢ ᠰᠢ ᠶᠢᠨ ᠫᠢᠩ ᠤᠨ ᠭᠤᠤᠯᠯᠠᠬᠴᠢ ᠶᠢᠨ ᠪᠠᠶᠢᠷᠢ ᠰᠠᠭᠤᠷᠢ ᠶᠢ ᠡᠷᠡᠰ ᠬᠠᠮᠠᠭᠠᠯᠠᠵᠤ᠂ ᠨᠡᠩ ᠡᠷᠡᠰ ᠪᠠᠳᠤ ᠤᠬᠠᠮᠰᠠᠷ ᠠᠴᠠ ᠪᠠᠨ ᠦᠵᠡᠯ ᠰᠠᠨᠠᠭ᠎ᠠ ᠤᠯᠤᠰ ᠲᠦᠷᠦ ᠦᠢᠯᠠ ᠠᠵᠢᠯᠯᠠᠭ᠎ᠠ ᠲᠡᠭᠡᠷ᠎ᠡ ᠪᠠᠨ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠲᠠᠢ ᠲᠡᠭᠡᠳᠦ ᠬᠡᠮᠵᠢᠶ᠎ᠠ ᠪᠠᠷ ᠨᠢᠭᠡᠳᠦᠯᠳᠡᠢ ᠪᠠᠶᠢᠬᠤ ᠬᠡᠷᠡᠭᠳᠡᠢ ᠬᠡᠪᠡ᠃      ᠯᠢ ᠵᠢᠢ ᠾᠧᠩ ᠴᠢᠬᠤᠯᠠᠴᠢᠯᠠᠬᠰᠠᠨ ᠨᠢ᠂ ᠪᠦᠬᠦ ᠤᠯᠤᠰ ᠤᠨ ︽ᠬᠤᠶᠠᠷ ᠬᠤᠷᠠᠯ︾ ᠤᠨ ᠵᠤᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠳᠤ᠂ ᠦᠢᠯᠡ ᠠᠵᠢᠯᠯᠠᠭ᠎ᠠ ᠲᠡᠭᠡᠷ᠎ᠠ ᠪᠠᠨ ᠨᠠᠶᠢᠳᠠᠪᠤᠷᠢᠵᠢᠭᠤᠯᠵᠤ᠂ ᠦᠷ᠎ᠠ ᠳ᠋ᠦᠩ ᠤᠯᠬᠤ ᠲᠡᠭᠡᠷ᠎ᠠ ᠢᠯᠡᠷᠡᠭᠦᠯᠬᠦ ᠬᠡᠷᠡᠭᠳᠡᠢ᠃ ᠲᠤᠬᠳᠠᠭᠤᠨ ᠤ ᠲᠤᠮᠳᠠ ᠤᠷᠤᠬᠰᠢᠯᠠᠨ ᠳᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠲᠤᠤᠱᠯᠠᠭᠤᠯᠵᠤ᠂ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠯᠠᠪᠳᠠᠭᠤᠨ ᠪᠠᠳᠤᠳᠠᠢ ᠠᠬᠢᠭᠤᠯᠵᠤ᠂ ᠪᠡᠯᠡ ᠤᠷᠤᠭᠤᠯᠤᠯᠳᠠ ᠪᠠ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠰᠠᠶᠢᠲᠤᠷ ᠠᠳᠬᠤᠵᠤ᠂ ᠰᠢᠨ᠎ᠠ ᠬᠠᠭᠤᠴᠢᠨ ᠬᠦᠳᠡᠯᠭᠡᠭᠴᠢ ᠡᠨᠧᠷᠬᠢ ᠶᠢᠨ ᠰᠡᠯᠭᠦᠯᠳᠡ ᠶᠢ ᠢᠳᠡᠪᠬᠢᠳᠡᠢ ᠠᠬᠢᠭᠤᠯᠵᠤ᠂ ᠠᠷᠠᠳ ᠤᠨ ᠠᠮᠢᠳᠤᠷᠠᠯ ᠢ ᠤᠷᠢᠳᠠᠪᠡᠷ ᠪᠠᠳᠤᠯᠠᠨ ᠰᠠᠶᠢᠵᠢᠷᠠᠭᠤᠯᠵᠤ᠂ ᠨᠡᠶᠢᠭᠡᠮ ᠤᠨ ᠲᠤᠬᠳᠠᠭᠤᠨ ᠢ ᠦᠨᠡᠨᠭᠦ ᠬᠠᠮᠠᠭᠠᠯᠠᠨ᠂ ᠰᠢᠯᠢᠳᠡᠭ ᠠᠮᠵᠢᠯᠳᠡ ᠪᠠᠷ ᠢᠶᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠠᠯᠳᠠ ᠲᠠᠢ ᠬᠤᠷᠠᠯᠳᠤᠬᠤ ᠶᠢ ᠣᠭᠳᠣᠵᠣ᠂ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠭᠦ ᠬᠡᠷᠡᠭᠳᠡᠢ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠂ ᠤᠯᠤᠰ ᠲᠦᠷᠦ ᠶᠢᠨ ᠵᠦᠪᠯᠡᠯᠭᠡᠨ ᠤ ᠠᠵᠢᠯ ᠢ ᠴᠢᠨᠠᠬᠰᠢᠳᠠ ᠰᠠᠶᠢᠲᠤᠷ ᠬᠢᠵᠤ᠂ ᠰᠢᠭᠦᠭᠦ ᠬᠤᠷᠢᠶ᠎ᠠ᠂ ᠪᠠᠶᠢᠴᠠᠭᠠᠬᠤ ᠬᠤᠷᠢᠶ᠎ᠠ ᠶᠢᠨ ᠠᠵᠢᠯ ᠢ ᠰᠠᠶᠢᠲᠤᠷ ᠬᠢᠵᠤ᠂ ᠠᠵᠤ ᠠᠬᠤᠢ ᠨᠡᠶᠢᠭᠡᠮ ᠤᠨ ᠬᠦᠭᠵᠢᠯᠳᠡ ᠳᠤ ᠬᠦᠴᠦᠨ ᠪᠦᠬᠦᠢ ᠪᠠᠳᠤᠯᠠᠭ᠎ᠠ ᠬᠠᠩᠭᠠᠬᠤ ᠬᠡᠷᠡᠭᠳᠡᠢ᠃ ᠨᠠᠷᠢᠨ ᠨᠢᠬᠳᠠ ᠲᠤᠬᠢᠷᠠᠭᠤᠯᠤᠨ ᠪᠠᠶᠢᠷᠢᠯᠠᠭᠤᠯᠵᠤ᠂ ᠨᠠᠷᠢᠨ ᠨᠢᠮᠪᠠᠢ ᠵᠤᠬᠢᠶᠠᠨ ᠪᠠᠶᠢᠭᠤᠯᠤᠨ ᠬᠡᠷᠡᠭᠵᠢᠭᠦᠯᠵᠤ᠂ ᠠᠷᠪᠢᠴᠢ ᠭᠠᠮᠳᠠᠢ ᠪᠠᠷ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠦᠪᠡᠳᠡᠭᠰᠢ ᠶᠡᠭᠡᠪᠡᠷ ᠣᠭᠳᠣᠬᠤ ᠠᠵᠢᠯ ᠢ ᠰᠠᠶᠢᠲᠤᠷ ᠬᠢᠭᠦ ᠬᠡᠷᠡᠭᠳᠡᠢ ᠬᠡᠪᠡ᠃      ᠯᠢ ᠵᠢᠢ ᠾᠧᠩ ᠴᠢᠬᠤᠯᠠᠴᠢᠯᠠᠬᠰᠠᠨ ᠨᠢ᠂ ᠨᠠᠮ ᠢᠶᠠᠨ ᠴᠢᠩᠭ᠎ᠠ ᠵᠠᠰᠠᠬᠤ ᠪᠤᠯ ᠬᠠᠮᠤᠭ ᠤᠨ ᠶᠡᠭᠡ ᠬᠠᠷᠢᠭᠤᠴᠠᠯᠭ᠎ᠠ ᠪᠣᠯᠣᠨ᠎ᠠ᠂ ᠨᠠᠮ ᠤᠨ ᠪᠠᠶᠢᠭᠤᠯᠤᠯᠲᠠ ᠶᠢ ᠰᠠᠶᠢᠲᠤᠷ ᠠᠳᠬᠤᠬᠤ ᠪᠤᠯ ᠬᠠᠮᠤᠭ ᠤᠨ ᠶᠡᠭᠡ ᠠᠯᠪᠠᠨ ᠠᠵᠢᠯ ᠤᠨ ᠠᠮᠵᠢᠯᠳᠡ ᠪᠤᠯᠤᠨ᠎ᠠ᠃ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ ᠵᠢᠷᠭᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠷᠠᠭᠤᠯᠵᠣ᠂ ᠵᠠᠩᠬᠢᠯᠠᠭ᠎ᠠ ᠶᠢᠨ ᠴᠦᠭᠡᠨ ᠲᠤᠭᠠᠳᠠᠨ ᠢ ᠰᠠᠶᠢᠲᠤᠷ ᠠᠳᠬᠤᠵᠤ᠂ ᠳᠤᠪᠤᠶᠢᠮ᠎ᠠ ᠠᠰᠠᠭᠤᠳᠠᠯ ᠢ ᠰᠢᠢᠳᠪᠦᠷᠢᠯᠡᠨ᠂ ᠪᠦᠬᠦ ᠲᠠᠯ᠎ᠠ ᠪᠠᠷ ᠨᠠᠮ ᠢᠶᠠᠨ ᠴᠢᠩᠭ᠎ᠠ ᠵᠠᠰᠠᠬᠤ ᠠᠵᠢᠯ ᠤᠨ ᠲᠠᠰᠤᠷᠠᠯᠳᠠ ᠦᠭᠡᠢ ᠭᠦᠨᠵᠡᠭᠡᠶᠢᠷᠡᠨ ᠬᠦᠭᠵᠢᠭᠦ ᠶᠢ ᠠᠬᠢᠭᠤᠯᠬᠤ ᠬᠡᠷᠡᠭᠳᠡᠢ᠃ ᠤᠳᠤᠬᠠᠨ ᠳᠤ᠂ ᠲᠦᠪ ᠤᠨ ᠬᠤᠶᠠᠳᠤᠭᠠᠷ ᠲᠤᠭᠤᠷᠢᠨ ᠪᠠᠶᠢᠴᠠᠭᠠᠬᠤ ᠳᠤᠭᠤᠶᠢᠯᠠᠩ ᠶᠠᠭ ᠮᠠᠨ ᠤ ᠤᠷᠤᠨ ᠳᠤ ᠲᠤᠭᠤᠷᠢᠨ ᠪᠠᠶᠢᠴᠠᠭᠠᠵᠤ ︽ᠡᠷᠬᠢᠨ ᠬᠠᠷᠠᠬᠤ︾ ᠠᠵᠢᠯᠯᠠᠭ᠎ᠠ ᠦᠷᠨᠢᠭᠦᠯᠵᠤ ᠪᠤᠢ᠂ ᠡᠨᠡ ᠨᠢ ᠮᠠᠨ ᠳᠤ ︽ᠤᠯᠤᠰ ᠲᠦᠷᠦ ᠶᠢᠨ ᠡᠷᠡᠭᠦᠯ ᠮᠡᠨᠲᠦ ᠶᠢᠨ ᠪᠠᠶᠢᠴᠠᠭᠠᠯᠲᠠ︾ ᠬᠢᠵᠦ ᠦᠭᠴᠦ ᠪᠠᠶᠢᠭ᠎ᠠ ᠶᠠᠪᠣᠳᠠᠯ ᠪᠤᠯᠬᠤ ᠪᠦᠭᠡᠳ ᠨᠡᠩ ᠴᠤ ᠮᠠᠨ ᠢ ᠬᠠᠪᠰᠤᠷᠤᠨ ᠠᠰᠠᠭᠤᠳᠠᠯ ᠢ ᠡᠷᠢᠨ ᠰᠢᠢᠳᠪᠦᠷᠢᠯᠡᠵᠤ᠂ ᠠᠵᠢᠯ ᠢ ᠴᠢᠩᠭᠠᠳᠬᠠᠨ ᠰᠠᠶᠢᠵᠢᠷᠠᠭᠤᠯᠤᠨ ᠦᠭᠴᠦ ᠪᠠᠶᠢᠭ᠎ᠠ ᠶᠠᠪᠣᠳᠠᠯ ᠪᠣᠯᠣᠨ᠎ᠠ᠃ ᠡᠯ᠎ᠠ ᠱᠠᠳᠤᠨ ᠤ ᠤᠳᠤᠷᠢᠳᠬᠤ ᠺᠠᠳ᠋ᠷᠴᠤᠳ ᠤᠬᠠᠮᠰᠠᠷ ᠢᠶᠠᠨ ᠲᠡᠭᠡᠭᠰᠢᠯᠡᠭᠦᠯᠦᠨ᠂ ᠤᠪᠤᠷ ᠢᠶᠠᠨ ᠲᠦᠪ ᠪᠤᠯᠭᠠᠵᠤ᠂ ᠰᠠᠨᠠᠭᠠᠴᠢᠯᠠᠭ᠎ᠠ ᠠᠴᠠ ᠪᠠᠨ ᠲᠤᠭᠤᠷᠢᠨ ᠪᠠᠶᠢᠴᠠᠭᠠᠬᠤ ᠬᠢᠨᠠᠯᠳᠠ ᠶᠢ ᠬᠦᠯᠢᠶᠡᠵᠦ᠂ ᠪᠠᠶᠢᠳᠠᠯ ᠪᠤᠯᠤᠨ ᠠᠰᠠᠭᠤᠳᠠᠯ ᠢᠶᠠᠨ ᠦᠨᠡᠨ ᠪᠤᠳᠠᠳᠠᠢ ᠪᠠᠷ ᠲᠤᠰᠬᠠᠵᠤ᠂ ᠲᠤᠭᠤᠷᠢᠨ ᠪᠠᠶᠢᠴᠠᠭᠠᠬᠤ ᠳᠤᠭᠤᠶᠢᠯᠠᠩ ᠤᠨ ᠠᠵᠢᠯ ᠢ ᠪᠦᠬᠦ ᠬᠦᠴᠦᠨ ᠢᠶᠠᠷ ᠲᠡᠮᠵᠢᠵᠤ ᠬᠠᠮᠵᠢᠬᠤ ᠬᠡᠷᠡᠭᠳᠡᠢ ᠬᠡᠵᠡᠢ᠃      ᠶᠡᠭᠡ ᠬᠤᠷᠠᠯ ᠢ ᠸᠢᠳᠢᠣ᠋ ᠬᠤᠷᠠᠯ ᠤᠨ ᠬᠡᠯᠪᠡᠷᠢ ᠪᠠᠷ ᠬᠤᠷᠠᠯᠳᠤᠭᠤᠯᠵᠠᠢ᠃ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠤᠷᠳᠤᠨ᠂ ᠤᠯᠤᠰ ᠲᠦᠷᠦ ᠶᠢᠨ ᠵᠦᠪᠯᠡᠯᠭᠡᠨ ᠤ ᠤᠳᠤᠷᠢᠳᠦᠯᠭ᠎ᠠ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠦᠨᠳᠦᠷ ᠵᠡᠷᠭᠡ ᠶᠢᠨ ᠰᠢᠭᠦᠭᠦ ᠬᠤᠷᠢᠶ᠎ᠠ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶ᠎ᠠ᠂ ᠵᠡᠪᠰᠡᠭᠳᠦ ᠴᠠᠬᠳᠠᠭ᠎ᠠ ᠶᠢᠨ ᠦᠪᠦᠷ ᠮᠤᠩᠭᠤᠯ ᠤᠨ ᠶᠡᠷᠦᠩᠬᠡᠢ ᠠᠩᠬᠢ᠂ ᠦᠪᠦᠷ ᠮᠤᠩᠭᠤᠯ ᠤᠨ ᠲᠤᠳᠤᠭᠠᠳᠦ ᠶᠢ ᠬᠠᠮᠠᠭᠠᠯᠠᠬᠤ ᠬᠢᠯᠢ ᠶᠢᠨ ᠬᠠᠮᠠᠭᠠᠯᠠᠯᠳᠠ ᠶᠢᠨ ᠶᠡᠷᠦᠩᠬᠡᠢ ᠠᠩᠬᠢ ᠶᠢᠨ ᠭᠤᠤᠯ ᠤᠳᠤᠷᠢᠳᠦᠯᠭ᠎ᠠ ᠨᠡᠷ ᠬᠤᠷᠠᠯ ᠳᠤ ᠤᠷᠤᠯᠴᠠᠪᠠ᠃ ᠬᠦᠬᠡᠬᠤᠳᠠ ᠳᠤ ᠪᠠᠶᠢᠭ᠎ᠠ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ᠂ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠠᠷᠪᠠᠨ ᠬᠤᠶᠠᠳᠤᠭᠠᠷ ᠬᠤᠭᠤᠴᠠᠭᠠ ᠤ ᠬᠤᠷᠢᠶ᠎ᠠ ᠶᠢᠨ ᠬᠡᠰᠢᠭᠦᠳ᠂ ᠬᠦᠬᠡᠬᠤᠳᠠ ᠳᠤ ᠪᠠᠶᠢᠭ᠎ᠠ ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠡᠰᠢᠭᠦᠳ ᠪᠠ ᠦᠪᠡᠷᠳᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠤᠯᠤᠰ ᠲᠦᠷᠦ ᠶᠢᠨ ᠵᠦᠪᠯᠡᠯᠭᠡᠨ ᠤ ᠬᠤᠷᠢᠶ᠎ᠠ ᠶᠢᠨ ᠪᠠᠶᠢᠩᠭᠤ ᠶᠢᠨ ᠬᠡᠰᠢᠭᠦᠳ᠂ ᠦᠪᠡᠷᠳᠡᠭᠡᠨ ᠵᠠᠰᠠᠬᠤ ᠤᠷᠤᠨ ᠤ ᠰᠢᠭᠤᠳ ᠬᠠᠷᠢᠶ᠎ᠠ ᠡᠯ᠎ᠠ ᠰᠠᠯᠠᠭ᠎ᠠ ᠮᠦᠴᠢᠷ᠂ ᠬᠦᠬᠡᠬᠤᠳᠠ ᠳᠤ ᠰᠠᠭᠤᠭ᠎ᠠ ᠡᠯ᠎ᠠ ᠳᠣᠮᠣ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠭᠤᠤᠯ ᠬᠠᠷᠢᠭᠤᠴᠠᠯᠭᠠᠳᠠᠳ᠂ ᠲᠦᠪ ᠤᠨ ᠮᠠᠨ ᠤ ᠤᠷᠤᠨ ᠳᠤ ᠰᠠᠭᠤᠭ᠎ᠠ ᠡᠯ᠎ᠠ ᠨᠢᠭᠡᠴᠡ ᠶᠢᠨ ᠭᠤᠤᠯ ᠬᠠᠷᠢᠭᠤᠴᠠᠯᠭᠠᠳᠠᠳ ᠭᠤᠤᠯ ᠬᠤᠷᠠᠯ ᠤᠨ ᠲᠠᠯᠠᠪᠠᠢ ᠳᠤ ᠬᠤᠷᠠᠯ ᠳᠤ ᠤᠷᠤᠯᠴᠠᠪᠠ᠃ ᠡᠯ᠎ᠠ ᠠᠶᠢᠮᠠᠭ ᠬᠤᠳᠠ᠂ ᠬᠤᠰᠢᠭᠤ ᠰᠢᠶᠠᠨ ᠤ ᠬᠠᠮᠢᠶ᠎ᠠ ᠪᠦᠬᠦᠢ ᠨᠦᠬᠦᠳ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠤᠷᠤᠯᠴᠠᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号