ᠪᠤᠭᠤᠲᠤ ᠬᠤᠲᠠ ᠳᠤᠮᠳᠠᠳᠤ ᠪᠠᠭ᠎ᠠ ᠰᠤᠷᠭᠠᠭᠤᠯᠢ ᠶᠢᠨ ᠨᠡᠶᠢᠭᠡᠮ ᠤᠨ ᠶᠡᠷᠦᠩᠬᠡᠶᠢᠯᠡᠭᠰᠡᠨ ᠦᠢᠯᠡᠳᠦᠯᠭᠡ ᠶᠢᠨ ᠬᠥᠮᠦᠵᠢᠯ ᠤᠨ ᠲᠥᠪ ᠤᠨ ᠰᠠᠭᠤᠷᠢᠨ ᠭᠠᠵᠠᠷ ᠢ ᠪᠦᠳᠦᠭᠡᠨ ᠪᠠᠶᠢᠭᠤᠯᠬᠤ ᠡᠭᠦᠷᠭᠡ ᠶᠢ ᠡᠬᠢᠯᠡᠭᠦᠯᠪᠡ
ᠨᠡᠶᠢᠲᠡᠯᠡᠭᠰᠡᠨ ᠴᠠᠭ᠄
2017/3/17
     ᠣᠷᠴᠢᠮᠬᠠᠨ᠂ 2017 ᠣᠨ ᠤ ᠪᠤᠭᠤᠲᠤ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠨᠡᠶᠢᠭᠡᠮ ᠤᠨ ᠶᠡᠷᠦᠩᠬᠡᠶᠢᠯᠡᠭᠰᠡᠨ ᠦᠢᠯᠡᠳᠦᠯᠭᠡ ᠶᠢᠨ ᠬᠥᠮᠦᠵᠢᠯ ᠤᠨ ᠲᠥᠪ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠡᠬᠢᠯᠡᠭᠦᠯᠪᠡ᠃      ᠪᠤᠭᠤᠲᠤ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠨᠡᠶᠢᠭᠡᠮ ᠤᠨ ᠶᠡᠷᠦᠩᠬᠡᠶᠢᠯᠡᠭᠰᠡᠨ ᠦᠢᠯᠡᠳᠦᠯᠭᠡ ᠶᠢᠨ ᠬᠥᠮᠦᠵᠢᠯ ᠤᠨ ᠲᠥᠪ ᠤᠨ ᠰᠠᠭᠤᠷᠢᠨ ᠭᠠᠵᠠᠷ ᠪᠣᠯ ᠳᠤᠮᠳᠠᠳᠤ ᠪᠠᠭ᠎ᠠ ᠰᠤᠷᠭᠠᠭᠤᠯᠢ ᠶᠢᠨ ᠬᠡᠪ ᠪᠣᠯᠪᠠᠰᠤᠷᠠᠯ ᠤᠨ ᠰᠤᠷᠭᠠᠨ ᠬᠥᠮᠦᠵᠢᠯ ᠢ ᠲᠦᠯᠬᠢᠨ ᠠᠬᠢᠭᠤᠯᠬᠤ᠂ ᠦᠢᠯᠡᠳᠦᠯᠭᠡ ᠶᠢᠨ ᠴᠢᠳᠠᠪᠤᠷᠢ ᠶᠢ ᠳᠡᠭᠡᠭᠰᠢᠯᠡᠭᠦᠯᠬᠦ ᠪᠠᠷ ᠵᠣᠷᠢᠯᠭ᠎ᠠ ᠪᠠᠨ ᠪᠣᠯᠭᠠᠭᠰᠠᠨ᠂ ᠭᠡᠷ ᠳᠣᠲᠣᠷᠠᠬᠢ ᠶᠡᠷᠦᠩᠬᠡᠶᠢᠯᠡᠭᠰᠡᠨ ᠦᠢᠯᠡᠳᠦᠯᠭᠡ ᠶᠢᠨ ᠲᠣᠭᠤᠷᠢᠭ᠂ ᠭᠡᠷ ᠤᠨ ᠭᠠᠳᠠᠨᠠᠬᠢ ᠬᠥᠳᠡᠯᠮᠦᠷᠢ ᠶᠢᠨ ᠦᠢᠯᠡᠳᠦᠯᠭᠡ ᠶᠢᠨ ᠲᠣᠭᠤᠷᠢᠭ᠂ ᠶᠡᠷᠦᠩᠬᠡᠶᠢᠯᠡᠭᠰᠡᠨ ᠰᠤᠷᠭᠠᠭᠤᠯᠢᠯᠠᠯ ᠤᠨ ᠲᠣᠭᠤᠷᠢᠭ᠂ ᠠᠮᠢᠳᠤᠷᠠᠯ ᠤᠨ ᠲᠣᠭᠤᠷᠢᠭ ᠵᠡᠷᠭᠡ ᠦᠨᠳᠦᠰᠦᠨ ᠴᠢᠳᠠᠮᠵᠢᠲᠤ ᠲᠣᠭᠤᠷᠢᠭ ᠢ ᠪᠦᠷᠢᠯᠳᠦᠭᠦᠯᠦᠭᠰᠡᠨ᠂ ᠲᠥᠪᠯᠡᠷᠡᠭᠦᠯᠦᠨ ᠢᠳᠡᠵᠦ ᠰᠠᠭᠤᠬᠤ ᠶᠢ ᠪᠠᠭᠲᠠᠭᠠᠭᠰᠠᠨ᠂ ᠠᠵᠢᠯ ᠮᠡᠷᠭᠡᠵᠢᠯ ᠤᠨ ᠰᠤᠷᠭᠠᠯᠲᠠ᠂ ᠲᠠᠷᠢᠶᠠᠯᠠᠩ ᠤᠨ ᠮᠡᠷᠭᠡᠵᠢᠯ ᠤᠨ ᠰᠤᠷᠭᠠᠯᠲᠠ᠂ ᠠᠮᠢ ᠨᠠᠰᠤᠨ ᠤ ᠠᠮᠤᠷ ᠲᠦᠪᠰᠢᠨ ᠤ ᠰᠤᠷᠭᠠᠨ ᠬᠥᠮᠦᠵᠢᠯ ᠵᠡᠷᠭᠡ ᠶᠡᠷᠦᠩᠬᠡᠶᠢᠯᠡᠭᠰᠡᠨ ᠦᠢᠯᠡᠳᠦᠯᠭᠡ ᠶᠢᠨ ᠬᠥᠮᠦᠵᠢᠯ ᠤᠨ ᠠᠵᠢᠯᠯᠠᠭᠠᠨ ᠥᠷᠨᠢᠭᠦᠯᠬᠦ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠲᠠᠯᠠᠪᠤᠷ ᠭᠠᠵᠠᠷ ᠪᠣᠯᠣᠨ᠎ᠠ᠃ ᠰᠠᠭᠤᠷᠢᠨ ᠭᠠᠵᠠᠷ ᠲᠤ ᠺᠢᠨᠣ᠋ ᠲᠧᠯᠸᠢᠰ ᠤᠨ ᠬᠥᠮᠦᠵᠢᠯ᠂ ᠬᠡᠷ ᠪᠦᠯᠢ ᠶᠢᠨ ᠬᠥᠮᠦᠵᠢᠯ᠂ ᠠᠮᠢ ᠨᠠᠰᠤᠨ ᠤ ᠠᠮᠤᠷ ᠲᠦᠪᠰᠢᠨ ᠤ ᠬᠥᠮᠦᠵᠢᠯ ᠵᠡᠷᠭᠡ ᠤᠯᠠᠨ ᠬᠡᠯᠪᠡᠷᠢ ᠶᠢᠨ ᠨᠡᠶᠢᠭᠡᠮ ᠤᠨ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ᠂ ᠰᠡᠳᠬᠢᠴᠡ ᠶᠢᠨ ᠡᠷᠡᠭᠦᠯ ᠮᠡᠨᠳᠦ ᠬᠢᠭᠡᠳ ᠤᠯᠠᠮᠵᠢᠯᠠᠯᠲᠤ ᠰᠣᠶᠣᠯ ᠤᠨ ᠪᠠᠶᠢᠭᠤᠯᠤᠯᠲᠠ ᠶᠢ ᠲᠠᠰᠤᠷᠠᠯᠳᠠ ᠦᠭᠡᠢ ᠪᠦᠷᠢᠨᠰᠢᠭᠦᠯᠬᠦ ᠶᠢ ᠠᠬᠢᠭᠤᠯᠬᠤ ᠪᠣᠯᠣᠨ᠎ᠠ᠃ ᠡᠭᠦᠨ ᠤ ᠬᠠᠮᠲᠤ᠂ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ ᠶᠠᠮᠤᠨ ᠤ ᠱᠠᠲᠤᠨ ᠤ ᠬᠠᠮᠲᠤᠷᠠᠭᠰᠠᠨ ᠠᠵᠢᠯ ᠤᠨ ᠬᠤᠷᠠᠯ ᠤᠨ ᠦᠢᠯᠡᠳᠦᠯ ᠢ ᠪᠠᠳᠠᠷᠠᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠳᠤᠯᠬᠤ ᠰᠤᠷᠤᠯᠴᠠᠬᠤ ᠵᠢᠭᠤᠯᠴᠢᠯᠠᠬᠤ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠲᠣᠭᠲᠠᠴᠠ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠳᠤᠯᠬᠤ ᠰᠤᠷᠤᠯᠴᠠᠬᠤ ᠵᠢᠭᠤᠯᠴᠢᠯᠠᠬᠤ ᠶᠢ ᠥᠷᠨᠢᠭᠦᠯᠬᠦ ᠶᠢ ᠲᠦᠯᠬᠢᠨ ᠠᠬᠢᠭᠤᠯᠬᠤ ᠪᠤᠯᠤᠨ᠎ᠠ᠃ ᠬᠡᠪ ᠤᠨ ᠶᠣᠰᠣᠭᠠᠷ ᠠᠵᠢᠯᠯᠠᠭᠰᠠᠨ ᠤ ᠳᠠᠷᠠᠭ᠎ᠠ᠂ 5 —6 ᠡᠳᠦᠷ ᠬᠤᠭᠤᠴᠠᠭ᠎ᠠ ᠪᠦᠷᠢ ᠳᠤ ᠥᠨᠳᠥᠷ ᠳᠤᠮᠳᠠᠳᠤ ᠶᠢᠨ ᠨᠢᠭᠡᠳᠦᠭᠡᠷ ᠣᠨ ᠪᠤᠶᠤ ᠥᠨᠳᠥᠷ ᠳᠤᠮᠳᠠᠳᠤ ᠶᠢᠨ ᠬᠤᠶᠠᠳᠤᠭᠠᠷ ᠣᠨ ᠤ 1200 ᠰᠤᠷᠤᠭᠴᠢ ᠶᠢ ᠬᠦᠯᠢᠶᠡᠨ ᠠᠪᠴᠤ᠂ ᠪᠦᠬᠦ ᠵᠢᠯ ᠳᠤ 26000 ᠬᠥᠮᠦᠨ ᠬᠦᠯᠢᠶᠡᠨ ᠠᠪᠬᠤ ᠪᠠᠷ ᠲᠥᠯᠥᠪᠯᠡᠵᠦ ᠪᠤᠢ︔ ᠵᠢᠯ ᠪᠦᠷᠢ ᠪᠠᠰᠠ ᠡᠪᠦᠯ ᠵᠤᠨ ᠤ ᠠᠮᠠᠷᠠᠯᠲᠠ᠂ ᠠᠮᠠᠷᠠᠯᠲᠠ ᠶᠢᠨ ᠡᠳᠦᠷ ᠢ ᠠᠰᠢᠭᠯᠠᠵᠤ ᠪᠠᠶᠢᠭᠠᠳ ᠳᠤᠮᠳᠠᠳᠤ ᠪᠠᠭ᠎ᠠ ᠰᠤᠷᠭᠠᠭᠤᠯᠢ ᠶᠢᠨ ᠰᠤᠳᠤᠯᠬᠤ ᠰᠤᠷᠤᠯᠴᠠᠬᠤ ᠵᠢᠭᠤᠯᠴᠢᠯᠠᠬᠤ ᠨᠡᠶᠢᠭᠡᠮ ᠤᠨ ᠪᠦᠯᠬᠦᠮ ᠤᠨ 15000 ᠬᠥᠮᠦᠨ ᠢ ᠬᠦᠯᠢᠶᠡᠨ ᠠᠪᠬᠤ ᠪᠣᠯᠣᠨ᠎ᠠ᠃      ᠣᠳᠣᠬᠠᠨ᠂ ᠭᠡᠷ ᠳᠣᠲᠣᠷᠠᠬᠢ ᠶᠡᠷᠦᠩᠬᠡᠶᠢᠯᠡᠭᠰᠡᠨ ᠦᠢᠯᠡᠳᠦᠯᠭᠡ ᠶᠢᠨ ᠲᠣᠭᠤᠷᠢᠭ᠂ ᠶᠡᠷᠦᠩᠬᠡᠶᠢᠯᠡᠭᠰᠡᠨ ᠰᠤᠷᠭᠠᠭᠤᠯᠢᠯᠠᠯ ᠤᠨ ᠲᠣᠭᠤᠷᠢᠭ ︵ᠲᠠᠯᠠᠪᠠᠢ ᠣᠷᠳᠣᠨ ᠢ ᠴᠤᠭ ᠪᠠᠶᠢᠭᠤᠯᠬᠤ︶᠂ ᠪᠠᠶᠢᠷᠢ ᠪᠣᠯᠤᠨ ᠠᠯᠪᠠᠨ ᠲᠣᠭᠤᠷᠢᠭ᠂ ᠭᠡᠷ ᠤᠨ ᠭᠠᠳᠠᠨᠠᠬᠢ ᠬᠥᠳᠡᠯᠮᠦᠷᠢ ᠶᠢᠨ ᠦᠢᠯᠡᠳᠦᠯᠭᠡ ᠶᠢᠨ ᠣᠷᠣᠨ ᠲᠣᠭᠤᠷᠢᠭ ᠵᠡᠷᠭᠡ ᠴᠢᠳᠠᠮᠵᠢᠲᠤ ᠲᠣᠭᠤᠷᠢᠭ ᠢ ᠶᠠᠭ ᠪᠠᠶᠢᠭᠤᠯᠵᠤ ᠪᠠᠶᠢᠨ᠎ᠠ᠂ ᠬᠤᠭᠤᠯᠠᠨ ᠭᠡᠷ ᠶᠢ ᠨᠢᠭᠡᠨᠲᠡ ᠪᠠᠶᠢᠭᠤᠯᠵᠤ ᠳᠠᠭᠤᠰᠪᠠ᠂ ᠵᠢᠱᠢᠯᠲᠡ ᠪᠠᠷ ᠳᠡᠭᠡᠷ᠎ᠡ ᠬᠠᠭᠠᠰ ᠵᠢᠯ ᠳᠤ ᠠᠵᠢᠯ ᠢᠶᠠᠨ ᠳᠠᠭᠤᠰᠬᠠᠵᠤ᠂ 9 ᠳ᠋ᠦ᠋ᠭᠡᠷ ᠰᠠᠷ᠎ᠠ ᠳᠤ ᠬᠢᠴᠢᠶᠡᠯ ᠬᠥᠮᠦᠵᠢᠯ ᠢ ᠬᠡᠷᠡᠭᠵᠢᠭᠦᠯᠬᠦ ᠪᠣᠯᠣᠨ᠎ᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号