ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ | ᠬᠡᠯᠲᠡᠰ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | 2017 ᠣᠨ ᠤ ᠰᠢᠯᠢᠳᠡᠭ ᠤᠶᠤᠲᠠᠨ ︵ᠣᠶᠤᠲᠠᠨ ᠭᠠᠴᠠᠭᠠᠨ ᠳᠠᠷᠤᠭ᠎ᠠ︶ ᠢ ᠰᠣᠩᠭᠤᠨ ᠲᠤᠮᠢᠯᠠᠬᠤ ᠠᠵᠢᠯ ᠢ | ᠵᠤᠬᠢᠶᠠᠨ ᠪᠠᠶᠢᠭᠤᠯᠵᠤ ᠦᠷᠨᠢᠬᠦᠯᠬᠦ ᠪᠠᠷ ᠲᠤᠭᠲᠠᠪᠠ᠃ 308 ᠰᠢᠯᠢᠳᠡᠭ ᠤᠶᠤᠲᠠᠨ ︵ᠣᠶᠤᠲᠠᠨ ᠭᠠᠴᠠᠭᠠᠨ | ᠳᠠᠷᠤᠭ᠎ᠠ︶ ᠢ ᠰᠣᠩᠭᠤᠨ ᠲᠤᠮᠢᠯᠠᠬᠤ ᠪᠠᠷ ᠲᠦᠯᠦᠪᠯᠡᠵᠤ ᠪᠤᠢ᠃ | ᠤᠶᠢᠯᠠᠭᠠᠭᠰᠠᠨ ᠢᠶᠠᠷ᠂ ᠰᠣᠩᠭᠤᠨ ᠲᠤᠮᠢᠯᠠᠭᠳᠠᠭᠰᠠᠳ ᠪᠤᠯ᠄ 2017 ᠣᠨ ᠤ ᠲᠤᠰ ᠤᠨ ᠳᠤ ᠤᠯᠤᠰ ᠤᠨ | ᠳᠣᠲᠣᠭᠠᠳᠤ ᠶᠢᠨ ᠪᠦᠬᠦᠯᠢ ᠡᠳᠦᠷ ᠤᠨ ᠳᠦᠷᠢᠮᠲᠦ ᠡᠩ ᠤᠨ ᠶᠡᠭᠡ ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ | ᠵᠢᠴᠢ ᠲᠡᠭᠦᠨ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠰᠤᠷᠭᠠᠭᠤᠯᠢ ᠲᠡᠭᠦᠰᠦᠭᠰᠡᠳ ᠪᠣᠯᠤᠨ 2015 | ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠴᠠᠭ᠎ᠠ ᠲᠣᠰᠬᠤᠨ ᠤ ᠬᠤᠭᠤᠴᠠᠭ᠎ᠠ | ᠰᠣᠯᠢᠭᠰᠠᠨ ᠠᠴᠠ ᠨᠠᠰᠢ ᠭᠠᠴᠠᠭ᠎ᠠ ᠲᠣᠰᠬᠤᠨ ᠤ ᠬᠤᠶᠠᠷ ᠵᠥᠪᠯᠡᠯ ᠤᠨ ᠭᠡᠰᠢᠭᠦᠨ ᠠᠴᠠ ᠳᠡᠭᠡᠭᠰᠢᠬᠢ ᠲᠤᠰᠢᠶᠠᠯ ᠢ | ᠡᠭᠦᠷᠭᠡᠯᠡᠵᠤ ᠪᠠᠶᠢᠭ᠎ᠠ ᠣᠶᠤᠲᠠᠨ ᠭᠠᠴᠠᠭᠠᠨ ᠳᠠᠷᠤᠭ᠎ᠠ ᠪᠤᠯᠤᠨ᠎ᠠ᠃ ᠡᠨᠡ ᠤᠳᠠᠭ᠎ᠠ ᠶᠢᠨ ᠰᠣᠩᠭᠤᠨ ᠲᠤᠮᠢᠯᠠᠬᠤ ᠠᠵᠢᠯ | ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2017 ᠣᠨ ᠤ ᠨᠠᠮ ᠵᠠᠰᠠᠭ ᠤᠯᠠᠨ ᠲᠦᠮᠡᠨ ᠤ | ᠪᠠᠶᠢᠭᠤᠯᠭ᠎ᠠ ᠪᠤᠯᠤᠨ ᠠᠯᠪᠠᠲᠠᠨ ᠤ ᠬᠠᠤᠯᠢ ᠪᠠᠷ ᠯᠠᠪᠯᠠᠯᠲᠠ ᠪᠣᠯᠭᠠᠨ ᠬᠠᠨᠮᠢᠶᠠᠷᠴᠤ ᠪᠦᠬᠦᠢ ᠨᠢᠭᠡᠴᠡ ᠶᠢᠨ ᠠᠯᠪᠠᠲᠠᠨ | ᠪᠠ ᠠᠵᠢᠯᠲᠠᠨ ᠡᠯᠰᠡᠬᠦ ᠰᠢᠯᠭᠠᠯᠲᠠ︾ ︵ᠳᠣᠷᠣᠭᠰᠢ ︽ᠳᠦᠷᠪᠡᠨ ᠱᠠᠲᠤᠨ ᠤ ᠬᠠᠮᠲᠤᠷᠠᠭᠰᠠᠨ ᠰᠢᠯᠭᠠᠯᠲᠠ︾ ᠭᠡᠵᠦ | ᠲᠣᠪᠴᠢᠯᠠᠨ᠎ᠠ︶ ᠶᠢᠨ ᠠᠵᠢᠯ ᠲᠠᠢ ᠵᠡᠷᠭᠡᠪᠡᠷ ᠶᠠᠪᠤᠭᠳᠠᠬᠤ ᠪᠤᠯᠬᠤᠷ᠂ ᠰᠢᠯᠭᠠᠭᠤᠯᠤᠭᠰᠠᠳ ︽ᠰᠢᠯᠢᠳᠡᠭ ᠣᠶᠤᠲᠠᠨ ︵ | ᠣᠶᠤᠲᠠᠨ ᠭᠠᠴᠠᠭᠠᠨ ᠳᠠᠷᠤᠭ᠎ᠠ︶ ᠢ ᠰᠣᠩᠭᠤᠨ ᠲᠤᠮᠢᠯᠠᠬᠤ ᠰᠢᠯᠭᠠᠯᠲᠠ︾ ᠪᠣᠯᠤᠨ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ︽ᠳᠦᠷᠪᠡᠨ ᠱᠠᠲᠤᠨ ᠤ ᠬᠠᠮᠲᠤᠷᠠᠭᠰᠠᠨ ᠰᠢᠯᠭᠠᠯᠲᠠ︾ ᠠᠴᠠ ᠨᠢᠭᠡ ᠶᠢ ᠨᠢ | ᠰᠤᠩᠭᠤᠨ ᠣᠷᠣᠯᠴᠠᠵᠤ ᠪᠤᠯᠤᠨ᠎ᠠ᠂ ᠵᠡᠷᠭᠡ ᠳᠤ ᠨᠢ ᠮᠡᠳᠡᠭᠦᠯᠵᠤ ᠪᠤᠯᠬᠤ ᠦᠭᠡᠢ᠃ ᠠᠩᠬ᠎ᠠ ᠬᠢᠨᠠᠯᠲᠠ ᠪᠠᠷ | ᠪᠠᠲᠤᠯᠠᠭᠳᠠᠭᠰᠠᠨ ᠬᠦᠮᠦᠰ ᠡᠷᠬᠡᠪᠰᠢ 3 ᠳ᠋ᠤᠭᠠᠷ ᠰᠠᠷ᠎ᠠ ᠶᠢᠨ 23 ᠤ ᠡᠳᠦᠷ ᠤᠨ 9 ᠴᠠᠭ ᠠᠴᠠ 3 ᠳ᠋ᠤᠭᠠᠷ | ᠰᠠᠷ᠎ᠠ ᠶᠢᠨ 27 ᠤ ᠡᠳᠦᠷ ᠤᠨ 17 ᠴᠠᠭ ᠪᠣᠯᠲᠠᠯ᠎ᠠ ᠥᠪᠥᠷ ᠮᠣᠩᠭᠤᠯ ᠤᠨ ᠠᠵᠢᠯᠲᠠᠨ ᠤ ᠶᠠᠪᠤᠳᠠᠯ ᠤᠨ | ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ︵http᠄ //www.impta.com︶ ᠶᠢᠨ ︽ᠤᠶᠤᠲᠠᠨ | ᠰᠣᠩᠭᠤᠨ ᠲᠤᠮᠢᠯᠠᠬᠤ ᠰᠢᠯᠭᠠᠯᠲᠠ︾ ᠶᠢᠨ ᠴᠤᠩᠬᠤᠪᠴᠢ ᠪᠠᠷ᠂ ᠱᠠᠭᠠᠷᠳᠠᠯᠭ᠎ᠠ ᠶᠣᠰᠣᠭᠠᠷ ᠰᠦᠯᠵᠢᠶᠡᠨ ᠳᠡᠭᠡᠷ᠎ᠡ | ᠨᠡᠷ᠎ᠡ ᠮᠡᠳᠡᠭᠦᠯᠦᠨ᠎ᠡ᠃ ᠲᠣᠭᠲᠠᠭᠰᠠᠨ ᠴᠠᠭ ᠤᠨ ᠳᠣᠲᠣᠷ᠎ᠠ ᠰᠦᠯᠵᠢᠶᠡᠨ ᠳᠡᠭᠡᠷ᠎ᠡ ᠨᠡᠷ᠎ᠡ ᠮᠡᠳᠡᠭᠦᠯᠦᠭᠰᠡᠨ ᠦᠭᠡᠢ ᠪᠤᠯ᠂ | ᠰᠣᠩᠭᠤᠨ ᠲᠤᠮᠢᠯᠠᠬᠤ ᠬᠢᠷᠢ ᠬᠡᠮ ᠢᠶᠠᠨ ᠬᠠᠶᠠᠭᠰᠠᠨ ᠢᠶᠠᠷ ᠦᠵᠡᠨ᠎ᠡ᠃ ᠠᠩᠬ᠎ᠠ ᠬᠢᠨᠠᠯᠲᠠ ᠳᠤ ᠦᠯᠦ | ᠪᠠᠲᠤᠯᠠᠭᠳᠠᠭᠰᠠᠨ ᠬᠦᠮᠦᠰ ᠪᠣᠯᠤᠨ ᠰᠣᠩᠭᠤᠨ ᠲᠤᠮᠢᠯᠠᠬᠤ ᠬᠢᠷᠢ ᠬᠡᠮ ᠢᠶᠠᠨ ᠬᠠᠶᠠᠭᠰᠠᠨ ᠬᠦᠮᠦᠰ ᠦᠪᠡᠰᠦᠪᠡᠨ ︽ | ᠳᠦᠷᠪᠡᠨ ᠱᠠᠲᠤᠨ ᠤ ᠬᠠᠮᠲᠤᠷᠠᠭᠰᠠᠨ ᠰᠢᠯᠭᠠᠯᠲᠠ︾ ᠳᠤ ᠨᠡᠷ᠎ᠡ ᠮᠡᠳᠡᠭᠦᠯᠦᠨ ᠰᠢᠯᠭᠠᠭᠤᠯᠵᠤ ᠪᠤᠯᠤᠨ᠎ᠠ᠃ 4 ᠳ᠋ᠤᠭᠡᠷ | ᠰᠠᠷ᠎ᠠ ᠶᠢᠨ 22 ᠤᠨ ᠡᠳᠦᠷ ᠪᠤᠯᠤᠨ 4 ᠳ᠋ᠤᠭᠡᠷ ᠰᠠᠷ᠎ᠠ ᠶᠢᠨ 23 ᠤ ᠡᠳᠦᠷ ᠪᠢᠷ ᠤᠨ ᠰᠢᠯᠭᠠᠯᠲᠠ ᠬᠢᠨ᠎ᠡ᠂ | ᠰᠢᠯᠭᠠᠯᠲᠠ ᠳᠤ ︽ᠵᠠᠰᠠᠭ ᠵᠠᠬᠢᠷᠭᠠᠨ ᠤ ᠠᠵᠢᠯ ᠮᠡᠷᠭᠡᠵᠢᠯ ᠤᠨ ᠴᠢᠳᠠᠪᠤᠷᠢ ᠶᠢᠨ ᠰᠢᠯᠭᠠᠯᠲᠠ︾᠂ ︽ᠰᠢᠬᠦᠨ | ᠦᠬᠦᠯᠡᠭᠦᠢ︾᠂ ︽ᠶᠡᠷᠦᠩᠬᠡᠶ ᠬᠡᠪ ᠴᠢᠨᠠᠷ ᠤᠨ ᠰᠢᠯᠭᠠᠨ ᠪᠠᠶᠢᠴᠠᠭᠠᠯᠲᠠ︾ ᠵᠡᠷᠭᠡ ᠭᠤᠷᠪᠠᠨ ᠬᠢᠴᠢᠶᠡᠯ ᠲᠦᠷᠦᠯ ᠢ | ᠰᠢᠯᠭᠠᠵᠤ᠂ ᠬᠢᠲᠠᠳ ᠬᠡᠯᠡ ᠪᠠᠷ ᠰᠢᠯᠭᠠᠨ᠎ᠠ᠃ ᠪᠢᠷ ᠤᠨ ᠰᠢᠯᠭᠠᠯᠲᠠ ᠶᠢᠨ ᠰᠢᠯᠭᠠᠯᠲᠠ ᠶᠢᠨ ᠴᠢᠭ᠋ ᠢ ᠬᠥᠬᠡᠬᠤᠲᠠ | ᠪᠤᠯᠤᠨ ᠲᠦᠩᠯᠢᠶᠣᠤ ᠬᠤᠲᠠ ᠳᠤ ᠲᠤᠬᠢᠷᠠᠭᠤᠯᠪᠠ᠂ ᠰᠢᠯᠭᠠᠭᠤᠯᠤᠭᠰᠠᠳ ᠡᠨᠡ ᠬᠤᠶᠠᠷ ᠰᠢᠯᠭᠠᠯᠲᠠ ᠶᠢᠨ ᠴᠢᠭ᠋ ᠤᠨ | ᠨᠢᠭᠡ ᠶᠢ ᠰᠤᠩᠭᠤᠨ ᠪᠢᠷ ᠤᠨ ᠰᠢᠯᠭᠠᠯᠲᠠ ᠳᠤ ᠤᠷᠤᠯᠴᠠᠨ᠎ᠠ᠃ ᠪᠢᠷ ᠤᠨ ᠰᠢᠯᠭᠠᠯᠲᠠ ᠶᠢᠨ ᠰᠢᠯᠭᠠᠯᠲᠠ ᠶᠢᠨ ᠴᠢᠭ᠋ ᠢ | ᠰᠣᠩᠭᠤᠨ ᠲᠤᠭᠲᠠᠭᠠᠭᠰᠠᠨ ᠤ ᠳᠠᠷᠠᠭ᠎ᠠ ᠬᠤᠪᠢᠷᠠᠭᠤᠯᠵᠤ ᠪᠤᠯᠬᠤ ᠦᠭᠡᠢ᠃ ᠰᠢᠯᠭᠠᠭᠤᠯᠤᠭᠰᠠᠳ ᠰᠢᠯᠭᠠᠭᠤᠯᠬᠤ | ᠬᠡᠷᠡᠴᠢ ᠲᠡᠮᠳᠡᠭ᠂ ᠪᠡᠶ᠎ᠡ ᠶᠢᠨ ᠦᠨᠡᠮᠯᠡᠯ ᠢᠶᠠᠨ ᠠᠪᠴᠤ ᠪᠢᠷ ᠤᠨ ᠰᠢᠯᠭᠠᠯᠲᠠ ᠳᠤ ᠤᠷᠤᠯᠴᠠᠨ᠎ᠠ᠃ ᠪᠣᠳᠠᠲᠠᠶ ᠤᠴᠢᠷ | ᠶᠠᠪᠤᠳᠠᠯ ᠢ ᠥᠪᠥᠷ ᠮᠣᠩᠭᠤᠯ ᠤᠨ ᠠᠵᠢᠯᠲᠠᠨ ᠤ ᠶᠠᠪᠤᠳᠠᠯ ᠤᠨ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ︵ | http᠄ //www.impta.com︶ ᠳᠤ ᠭᠠᠷᠴᠤ᠂ ︽2017 ᠣᠨ ᠤ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠰᠢᠯᠢᠳᠡᠭ ᠣᠶᠤᠲᠠᠨ ︵ᠣᠶᠤᠲᠠᠨ ᠭᠠᠴᠠᠭᠠᠨ ᠳᠠᠷᠤᠭ᠎ᠠ︶ ᠢ ᠰᠣᠩᠭᠤᠨ ᠲᠤᠮᠢᠯᠠᠬᠤ ᠲᠣᠪᠴᠢ | ᠲᠦᠷᠢᠮ︾ ᠠᠴᠠ ᠯᠠᠪᠯᠠᠵᠤ ᠪᠤᠯᠤᠨ᠎ᠠ᠃ |