ᠯᠢ ᠵᠢᠢ ᠾᠧᠩ ᠦᠪᠡᠷᠳᠡᠭᠡᠨ ᠵᠠᠰᠬᠠᠤ ᠤᠷᠤᠨ ᠤ ᠤᠳᠤᠷᠢᠳᠬᠤ ᠺᠠᠳ᠋ᠷᠴᠤᠳ ᠤᠨ ᠲᠦᠪ ᠤᠨ ᠨᠢᠭᠡᠳᠦᠭᠡᠷ | ᠲᠤᠭᠠᠳᠦ ᠪᠢᠴᠢᠭ ᠮᠠᠲ᠋ᠧᠷᠢᠶᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠢ ᠰᠡᠳᠦᠪᠳᠦ | ᠰᠤᠳᠤᠯᠤᠨ ᠶᠠᠷᠢᠯᠴᠠᠬᠤ ᠠᠩᠬᠢ ᠶᠢᠨ ᠰᠤᠷᠤᠯᠭ᠎ᠠ ᠡᠬᠢᠯᠡᠭᠦ ᠶᠤᠰᠤᠯᠠᠯ ᠲᠡᠭᠡᠷ᠎ᠡ ᠴᠢᠬᠤᠯᠠᠴᠢᠯᠠᠬᠰᠠᠨ ᠨᠢ ᠦᠨᠡᠨ | ᠰᠡᠳᠬᠢᠯ ᠠᠴᠠ ᠪᠠᠨ ᠦᠨᠡᠨᠭᠦ ᠴᠢᠷᠮᠠᠶᠢᠵᠣ ᠦᠨᠡᠨᠭᠦ ᠰᠤᠷᠤᠯᠴᠠᠵᠤ ᠦᠨᠡᠨᠭᠦ ᠠᠳᠬᠤᠨ ᠦᠨᠡᠨᠭᠦ ᠠᠵᠢᠯᠯᠠᠵᠤ ᠮᠠᠯ ᠠᠵᠤ | ᠠᠬᠤᠢ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ | ᠬᠦᠨᠵᠡᠭᠡᠶᠢᠷᠡᠭᠦᠯᠦᠨ ᠠᠬᠢᠭᠤᠯᠵᠣ ᠮᠠᠨ ᠤ ᠤᠷᠤᠨ ᠤ ︽ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ | ᠤᠷᠤᠨ ᠮᠠᠯᠴᠢᠨ ᠲᠠᠷᠢᠶᠠᠴᠢᠨ︾ ᠤ ᠠᠵᠢᠯ ᠤᠨ ᠰᠢᠨ᠎ᠠ ᠪᠠᠶᠢᠳᠠᠯ ᠢ ᠲᠠᠰᠤᠷᠠᠯᠳᠠ ᠦᠭᠡᠢ ᠨᠡᠭᠡᠭᠡᠭᠦ ᠬᠡᠷᠡᠭᠳᠡᠢ | ᠪᠦ᠋ ᠰᠢᠶᠤᠤ ᠯᠢᠨ ᠰᠤᠷᠤᠯᠭ᠎ᠠ ᠡᠬᠢᠯᠡᠭᠦ ᠶᠤᠰᠤᠯᠠᠯ ᠢ ᠡᠷᠬᠢᠯᠡᠵᠤ ᠷᠧᠨ ᠶᠠ ᠫᠢᠩ ᠨᠠᠷ ᠤᠷᠤᠯᠴᠠᠵᠠᠢ | | | | | 3 ᠳ᠋ᠤᠭᠠᠷ ᠰᠠᠷ᠎ᠠ ᠶᠢᠨ 20 ᠤ ᠦᠳᠡ ᠶᠢᠨ ᠬᠤᠶᠢᠨ᠎ᠠ᠂ ᠦᠪᠡᠷᠳᠡᠭᠡᠨ ᠵᠠᠰᠠᠬᠤ ᠤᠷᠤᠨ ᠤ ᠤᠳᠤᠷᠢᠳᠬᠤ | ᠺᠠᠳ᠋ᠷᠴᠤᠳ ᠤᠨ ᠲᠦᠪ ᠤᠨ ᠨᠢᠭᠡᠳᠦᠭᠡᠷ ᠲᠤᠭᠠᠳᠦ ᠪᠢᠴᠢᠭ ᠮᠠᠲ᠋ᠧᠷᠢᠶᠠᠯ ᠤᠨ ᠵᠤᠷᠢᠭ ᠰᠠᠨᠠᠭ᠎ᠠ ᠶᠢ ᠰᠤᠷᠤᠯᠴᠠᠨ | ᠲᠤᠤᠱᠯᠠᠭᠤᠯᠬᠤ ᠲᠤᠰᠬᠠᠢ ᠰᠡᠳᠦᠪᠳᠦ ᠰᠤᠳᠤᠯᠤᠨ ᠶᠠᠷᠢᠯᠴᠠᠬᠤ ᠠᠩᠬᠢ ᠥᠪᠥᠷ ᠮᠣᠩᠭᠤᠯ ᠤᠨ ᠨᠠᠮ ᠤᠨ ᠰᠤᠷᠭᠠᠭᠤᠯᠢ | ᠳᠤ ᠰᠤᠷᠤᠯᠭ᠎ᠠ ᠡᠬᠢᠯᠡᠪᠡ᠃ | | | 3 ᠳ᠋ᠤᠭᠠᠷ ᠰᠠᠷ᠎ᠠ ᠶᠢᠨ 20 ᠤ ᠦᠳᠡ ᠶᠢᠨ ᠬᠤᠶᠢᠨ᠎ᠠ᠂ ᠦᠪᠡᠷᠳᠡᠭᠡᠨ ᠵᠠᠰᠠᠬᠤ ᠤᠷᠤᠨ ᠤ ᠤᠳᠤᠷᠢᠳᠬᠤ | ᠺᠠᠳ᠋ᠷᠴᠤᠳ ᠤᠨ ᠲᠦᠪ ᠤᠨ ᠨᠢᠭᠡᠳᠦᠭᠡᠷ ᠲᠤᠭᠠᠳᠦ ᠪᠢᠴᠢᠭ ᠮᠠᠲ᠋ᠧᠷᠢᠶᠠᠯ ᠤᠨ ᠵᠤᠷᠢᠭ ᠰᠠᠨᠠᠭ᠎ᠠ ᠶᠢ ᠰᠤᠷᠤᠯᠴᠠᠨ | ᠲᠤᠤᠱᠯᠠᠭᠤᠯᠬᠤ ᠲᠤᠰᠬᠠᠢ ᠰᠡᠳᠦᠪᠳᠦ ᠰᠤᠳᠤᠯᠤᠨ ᠶᠠᠷᠢᠯᠴᠠᠬᠤ ᠠᠩᠬᠢ ᠦᠪᠦᠷ ᠮᠤᠩᠭᠤᠯ ᠤᠨ ᠨᠠᠮ ᠤᠨ | ᠰᠤᠷᠭᠠᠭᠤᠯᠢ ᠳᠤ ᠰᠤᠷᠤᠯᠭ᠎ᠠ ᠡᠬᠢᠯᠡᠵᠤ᠂ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ | ᠰᠤᠷᠤᠯᠭ᠎ᠠ ᠡᠬᠢᠯᠡᠭᠦ ᠶᠤᠰᠤᠯᠠᠯ ᠲᠡᠭᠡᠷ᠎ᠡ ᠴᠢᠬᠤᠯᠠ ᠶᠠᠷᠢᠶ᠎ᠠ ᠲᠠᠯᠪᠢᠪᠠ᠃ ᠲᠡᠷᠡ ᠴᠢᠬᠤᠯᠠᠴᠢᠯᠠᠬᠰᠠᠨ ᠨᠢ᠂ ᠶᠡᠷᠦᠩᠬᠡᠢ | ᠱᠦᠵᠢ ᠰᠢ ᠶᠢᠨ ᠫᠢᠩ ᠤᠨ ︽ᠲᠠᠷᠢᠶᠠᠯᠠᠩ ᠲᠠᠷᠢᠶᠠᠯᠠᠬᠤ ᠤᠷᠤᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ | ᠦᠭᠦᠯᠡᠯᠳᠡ ᠪᠠ ᠴᠢᠬᠤᠯᠠ ᠶᠠᠷᠢᠶ᠎ᠠ ᠨᠤᠭᠤᠳ ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ | ᠲᠦᠪ ᠤᠨ ᠨᠢᠭᠡᠳᠦᠭᠡᠷ ᠲᠤᠭᠠᠳᠦ ᠪᠢᠴᠢᠭ ᠮᠠᠲ᠋ᠧᠷᠢᠶᠠᠯ ᠤᠨ ᠵᠤᠷᠢᠭ ᠰᠠᠨᠠᠭ᠎ᠠ ᠶᠢ ᠣᠨᠣᠪᠴᠢᠳᠠᠢ ᠨᠡᠶᠢᠳᠡᠪᠦᠷᠢᠵᠢᠭᠤᠯᠵᠣ | ᠨᠠᠷᠢᠯᠢᠭ ᠨᠡᠶᠢᠳᠡᠪᠦᠷᠢᠵᠢᠭᠤᠯᠣᠨ ᠪᠤᠳᠠᠳᠠᠢ ᠳᠤ ᠨᠡᠶᠢᠳᠡᠪᠦᠷᠢᠵᠢᠭᠤᠯᠬᠤ ᠶᠢ ᠠᠬᠢᠭᠤᠯᠵᠤ᠂ ᠮᠠᠨ ᠤ ᠤᠷᠤᠨ ᠤ ︽ᠮᠠᠯ | ᠠᠵᠤ ᠠᠬᠤᠢ ᠲᠠᠷᠢᠶᠠᠯᠠᠩ᠂ ᠮᠠᠯᠵᠢᠬᠤ ᠲᠠᠷᠢᠶᠠᠯᠠᠬᠤ ᠤᠷᠤᠨ᠂ ᠮᠠᠯᠴᠢᠨ ᠲᠠᠷᠢᠶᠠᠴᠢᠨ︾ ᠤ ᠠᠵᠢᠯ ᠤᠨ ᠰᠢᠨ᠎ᠠ | ᠪᠠᠶᠢᠳᠠᠯ ᠢ ᠲᠠᠰᠤᠷᠠᠯᠳᠠ ᠦᠭᠡᠢ ᠨᠡᠭᠡᠭᠡᠭᠦ ᠬᠡᠷᠡᠭᠳᠡᠢ ᠬᠡᠪᠡ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠬᠠᠤ ᠤᠷᠤᠨ ᠤ | ᠲᠡᠷᠢᠭᠦᠯᠡᠭᠴᠢ ᠪᠦ᠋ ᠰᠢᠶᠤᠤ ᠯᠢᠨ ᠰᠤᠷᠤᠯᠭ᠎ᠠ ᠡᠬᠢᠯᠡᠭᠦ ᠶᠤᠰᠤᠯᠠᠯ ᠢ ᠡᠷᠬᠢᠯᠡᠵᠤ᠂ ᠦᠪᠡᠷᠳᠡᠭᠡᠨ ᠵᠠᠰᠬᠠᠤ ᠤᠷᠤᠨ ᠤ | ᠮᠤᠵᠢ ᠶᠢᠨ ᠲᠡᠰ ᠤᠨ ᠤᠳᠤᠷᠢᠳᠬᠤ ᠨᠦᠬᠦᠳ ᠶᠤᠰᠤᠯᠠᠯ ᠳᠤ ᠤᠷᠤᠯᠴᠠᠵᠠᠢ᠃ | ᠯᠢ ᠵᠢᠢ ᠾᠧᠩ ᠵᠢᠭᠠᠵᠤ ᠭᠠᠷᠭᠠᠬᠰᠠᠨ ᠨᠢ᠂ ᠡᠨᠡ ᠵᠢᠯ ᠤᠨ ᠲᠦᠪ ᠤᠨ ᠨᠢᠭᠡᠳᠦᠭᠡᠷ ᠲᠤᠭᠠᠳᠦ ᠪᠢᠴᠢᠭ | ᠮᠠᠲ᠋ᠧᠷᠢᠶᠠᠯ ᠪᠤᠯ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ ᠮᠠᠨ ᠤ | ᠤᠯᠤᠰ ᠤᠨ ᠲᠠᠷᠢᠶᠠᠯᠠᠩ ᠲᠠᠷᠢᠶᠠᠯᠠᠬᠤ ᠤᠷᠤᠨ ᠤ ᠬᠦᠭᠵᠢᠯᠳᠡ ᠰᠢᠨ᠎ᠠ ᠲᠡᠤᠬᠡᠨ ᠱᠠᠳᠤᠨ ᠳᠤ ᠤᠷᠤᠬᠰᠠᠨ ᠤᠨᠴᠠᠯᠢᠭ | ᠢ ᠣᠨᠣᠪᠴᠢᠳᠠᠢ ᠡᠵᠡᠮᠰᠢᠭᠰᠡᠨ ᠤ ᠰᠠᠭᠤᠷᠢᠨ ᠲᠡᠭᠡᠷ᠎ᠠ ᠲᠤᠬᠳᠠᠭᠠᠬᠰᠠᠨ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ | ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠬᠦᠨᠵᠡᠭᠡᠶᠢᠷᠡᠭᠦᠯᠦᠨ ᠠᠬᠢᠭᠤᠯᠬᠤ᠂ ᠲᠠᠷᠢᠶᠠᠯᠠᠩ ᠲᠠᠷᠢᠶᠠᠯᠠᠬᠤ ᠤᠷᠤᠨ | ᠤ ᠬᠦᠭᠵᠢᠯᠳᠡ ᠶᠢᠨ ᠰᠢᠨ᠎ᠡ ᠬᠦᠳᠡᠯᠭᠡᠭᠴᠢ ᠡᠨᠧᠷᠬᠢ ᠶᠢ ᠲᠦᠷᠭᠡᠳᠭᠡᠨ ᠪᠤᠶᠢᠵᠢᠭᠤᠯᠬᠤ ᠦᠵᠦ ᠲᠦᠯᠦᠪᠯᠡᠭᠡ ᠪᠤᠯᠤᠨ᠎ᠠ᠂ | ᠳᠡᠷᠡ ᠨᠢ ︽ᠲᠠᠷᠢᠶᠠᠯᠠᠬᠤ ᠤᠷᠤᠨ ᠲᠠᠷᠢᠶᠠᠯᠠᠩ ᠲᠠᠷᠢᠶᠠᠴᠢᠨ︾ ᠤ ᠬᠦᠷᠢᠶᠡᠨ ᠳᠠᠬᠢ ᠪᠦᠬᠦ ᠲᠠᠯ᠎ᠠ ᠶᠢᠨ | ᠲᠤᠬᠢᠷᠠᠭᠤᠯᠤᠯᠳᠠ ᠪᠠ ᠬᠦᠨ ᠲᠠᠪᠬᠤᠷᠭ᠎ᠠ ᠶᠢᠨ ᠬᠤᠪᠢᠰᠤᠯᠳᠠ ᠶᠢ ᠬᠦᠳᠦᠯᠦᠨ ᠲᠠᠭᠠᠭᠤᠯᠵᠤ᠂ ᠮᠠᠨ ᠤ ᠤᠯᠤᠰ ᠤᠨ | ᠲᠠᠷᠢᠶᠠᠯᠠᠩ ᠤᠨ ᠤᠳᠤᠬᠢᠴᠢᠯᠡᠬᠤ ᠪᠦᠳᠦᠭᠡᠨ ᠪᠠᠶᠢᠭᠤᠯᠤᠯᠳᠠ ᠪᠠ ᠬᠦᠳᠡᠭᠡ ᠲᠤᠰᠬᠤᠨ ᠤ ᠪᠦᠬᠦ ᠲᠠᠯ᠎ᠠ ᠶᠢᠨ | ᠴᠢᠨᠡᠭᠡᠯᠢᠭ ᠤᠨ ᠪᠠᠶᠢᠭᠤᠯᠤᠯᠳᠠ ᠨᠡᠩ ᠳᠣᠮᠣ ᠠᠯᠬᠤᠮ ᠠᠯᠬᠤᠬᠤ ᠶᠢ ᠠᠬᠢᠭᠤᠯᠬᠤ ᠨᠢ ᠵᠠᠶᠢᠯᠠᠰᠢ ᠦᠭᠡᠢ᠃ ᠡᠯ᠎ᠠ | ᠱᠠᠳᠤᠨ ᠤ ᠤᠳᠤᠷᠢᠳᠬᠤ ᠺᠠᠳ᠋ᠷᠴᠤᠳ ᠲᠦᠪ ᠤᠨ ᠨᠢᠭᠡᠳᠦᠭᠡᠷ ᠲᠤᠭᠠᠳᠦ ᠪᠢᠴᠢᠭ ᠮᠠᠲ᠋ᠧᠷᠢᠶᠠᠯ ᠤᠨ ᠵᠤᠷᠢᠭ | ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ︽ᠲᠦᠷᠪᠡᠨ ᠤᠬᠠᠮᠰᠠᠷ︾ ᠢᠶᠠᠨ ᠴᠢᠩᠭᠠᠷᠠᠭᠤᠯᠬᠤ ᠪᠤᠳᠠᠳᠠᠢ ᠢᠯᠡᠷᠡᠯ | ᠪᠠ ᠪᠤᠳᠠᠳᠤ ᠠᠵᠢᠯᠯᠠᠭ᠎ᠠ ᠪᠠᠨ ᠪᠤᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠭᠤᠤᠯᠯᠠᠬᠴᠢ ᠶᠢᠨ ᠪᠠᠶᠢᠷᠢ | ᠰᠠᠭᠤᠷᠢ ᠶᠢ ᠬᠠᠮᠠᠭᠠᠯᠠᠬᠤ᠂ ᠨᠠᠮ ᠤᠨ ᠲᠦᠪ ᠬᠤᠷᠢᠶ᠎ᠠ ᠶᠢᠨ ᠡᠷᠭᠡ ᠰᠦᠷ ᠢ ᠬᠠᠮᠠᠭᠠᠯᠠᠬᠤ ᠪᠤᠳᠠᠳᠣ ᠠᠵᠢᠯᠯᠠᠭ᠎ᠠ ᠪᠠᠨ | ᠪᠤᠯᠭᠠᠨ᠂ ᠰᠢᠨ᠎ᠠ ᠪᠠᠶᠢᠳᠠᠯ ᠲᠤᠤᠷᠠᠬᠢ ︽ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ | ᠲᠠᠷᠢᠶᠠᠴᠢᠨ︾ ᠤ ᠠᠵᠢᠯ ᠢ ᠰᠠᠶᠢᠳᠤᠷ ᠬᠢᠭᠦ ᠵᠠᠪᠠᠯ ᠰᠤᠷᠬᠤ ᠬᠢᠴᠢᠶᠡᠯ ᠢᠶᠠᠨ ᠪᠤᠯᠭᠠᠵᠤ᠂ ᠮᠠᠯ ᠠᠵᠤ ᠠᠬᠤᠢ | ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠠᠬᠢᠭᠤᠯᠬᠤ ᠶᠢᠨ | ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠬᠦᠢᠴᠡᠳ ᠲᠠᠨᠢᠵᠤ᠂ ᠲᠦᠪ ᠤᠨ ᠨᠢᠭᠡᠳᠦᠭᠡᠷ ᠲᠤᠭᠠᠳᠦ ᠪᠢᠴᠢᠭ ᠤᠨ | ᠰᠢᠨᠵᠢᠯᠡᠭᠦ ᠤᠬᠠᠭᠠᠨᠴᠢ ᠠᠭᠤᠯᠤᠬᠳᠠᠬᠤᠨ ᠪᠠ ᠦᠨᠳᠦᠰᠦᠨ ᠠᠭᠤᠯᠭ᠎ᠠ ᠶᠢ ᠨᠢ ᠤᠨᠤᠪᠴᠢᠳᠠᠢ ᠡᠵᠡᠮᠰᠢᠵᠤ᠂ ᠮᠠᠯ | ᠠᠵᠤ ᠠᠬᠤᠢ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢᠨ ᠡᠨᠡᠭᠦ | ᠲᠤᠮᠤ ᠠᠵᠢᠯ ᠢ ᠦᠨᠡᠨᠭᠦ ᠬᠦᠨᠵᠡᠭᠡᠢ ᠪᠦᠭᠡᠳ ᠨᠠᠷᠢᠯᠢᠭ ᠬᠢᠵᠤ᠂ ᠴᠢᠨᠠᠷᠯᠢᠭ ᠪᠦᠭᠡᠳ ᠠᠮᠢᠳᠤᠯᠢᠭ ᠬᠢᠭᠦ ᠬᠡᠷᠡᠭᠳᠡᠢ | ᠬᠡᠪᠡ᠃ | ᠯᠢ ᠵᠢᠢ ᠾᠧᠩ ᠴᠢᠬᠤᠯᠠᠴᠢᠯᠠᠬᠰᠠᠨ ᠨᠢ᠂ ᠬᠠᠩᠭᠠᠯᠭ᠎ᠠ ᠶᠢᠨ ᠪᠦᠳᠦᠴᠡ ᠶᠢ ᠰᠢᠯᠢᠳᠡᠭᠵᠢᠭᠦᠯᠭᠦ᠂ ᠪᠤᠬᠢᠷᠳᠦᠯ | ᠦᠭᠡᠢ ᠦᠢᠯᠡᠳᠪᠦᠷᠢᠯᠡᠯ ᠤᠨ ᠠᠷᠭ᠎ᠠ ᠬᠡᠯᠪᠡᠷᠢ ᠶᠢ ᠳᠡᠯᠭᠡᠷᠡᠭᠦᠯᠦᠨ ᠬᠡᠷᠡᠭᠯᠡᠬᠦ᠂ ᠠᠵᠤ ᠦᠢᠯᠡᠰ ᠤᠨ ᠠᠭᠤᠰᠤᠯᠴᠠᠯ ᠢ | ᠠᠬᠢᠭᠤᠯᠬᠤ᠂ ᠰᠢᠨᠵᠢᠯᠡᠭᠦ ᠤᠬᠠᠭᠠᠨ ᠮᠡᠷᠭᠡᠵᠢᠯ ᠤᠨ ᠰᠢᠨ᠎ᠠ ᠶᠢ ᠡᠭᠦᠳᠭᠦ ᠶᠢ ᠲᠦᠷᠭᠡᠳᠭᠡᠭᠦ᠂ ᠮᠠᠯᠵᠢᠬᠤ ᠲᠠᠷᠢᠶᠠᠯᠠᠬᠤ | ᠤᠷᠤᠨ ᠤ ᠬᠦᠭᠵᠢᠯᠳᠡ ᠶᠢᠨ ᠲᠤᠳᠠᠭᠤᠳᠠᠯ ᠢ ᠨᠦᠬᠦᠪᠦᠷᠢᠯᠡᠭᠦ ᠲᠡᠭᠡᠷ᠎ᠡ ᠠᠩᠬᠠᠷᠤᠯ ᠢᠶᠠᠨ ᠲᠦᠪᠯᠡᠷᠡᠭᠦᠯᠦᠨ | ᠬᠦᠴᠦᠨ ᠢᠶᠠᠨ ᠲᠦᠪᠯᠡᠷᠡᠭᠦᠯᠵᠤ᠂ ᠨᠡᠩ ᠦᠷ᠎ᠡ ᠪᠦᠳᠦᠮᠵᠢ ᠲᠠᠢ ᠨᠡᠩ ᠦᠷ᠎ᠠ ᠠᠰᠢᠭ ᠲᠠᠢ ᠨᠡᠩ ᠦᠷᠭᠦᠯᠵᠢᠯᠡᠭᠦ ᠮᠠᠯ | ᠤᠨ ᠠᠰᠢᠭ ᠰᠢᠮ᠎ᠠ ᠲᠠᠷᠢᠶᠠᠯᠠᠩ ᠤᠨ ᠪᠦᠳᠦᠭᠡᠭᠳᠡᠭᠦᠨ ᠤ ᠬᠠᠩᠭᠠᠯᠭ᠎ᠠ ᠶᠢᠨ ᠰᠢᠰᠲ᠋ᠧᠮ ᠢ ᠲᠦᠷᠭᠡᠳᠭᠡᠨ ᠴᠣᠭᠴᠠᠯᠠᠵᠣ᠂ | ᠦᠪᠦᠷ ᠮᠤᠩᠭᠤᠯ ᠤᠨ ᠮᠠᠯ ᠠᠵᠤ ᠠᠬᠤᠢ ᠲᠠᠷᠢᠶᠠᠯᠠᠩ ᠤᠨ ᠲᠤᠮᠤ ᠤᠷᠤᠨ ᠠᠴᠠ ᠮᠠᠯ ᠠᠵᠤ ᠠᠬᠤᠢ ᠲᠠᠷᠢᠶᠠᠯᠠᠩ ᠤᠨ | ᠬᠦᠴᠦᠷᠭᠡᠭ ᠤᠷᠤᠨ ᠲᠡᠰᠢ ᠰᠢᠯᠵᠢᠭᠦ ᠶᠢ ᠠᠬᠢᠭᠤᠯᠬᠤ ᠬᠡᠷᠡᠭᠳᠡᠢ᠃ ᠲᠦᠪ ᠤᠨ ᠲᠦᠷᠦ ᠶᠢᠨ ᠪᠤᠳᠤᠯᠭ᠎ᠠ ᠶᠢᠨ | ᠵᠢᠯᠤᠭᠤᠳᠤᠯᠭ᠎ᠠ ᠲᠤᠤᠷ᠎ᠠ᠂ ᠭᠠᠵᠠᠷ ᠤᠷᠤᠨ ᠤ ᠤᠨᠴᠠᠯᠢᠭ ᠲᠠᠭᠠᠨ ᠲᠤᠬᠢᠷᠠᠭᠤᠯᠵᠤ᠂ ᠮᠠᠯ ᠠᠵᠤ ᠠᠬᠤᠢ ᠲᠠᠷᠢᠶᠠᠯᠠᠩ | ᠤᠨ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢᠨ ᠡᠯ᠎ᠠ ᠵᠦᠢᠯ ᠤᠨ ᠡᠭᠦᠷᠭᠡ | ᠱᠠᠭᠠᠷᠳᠠᠯᠭ᠎ᠠ ᠶᠢ ᠪᠦᠳᠦᠭᠡᠯᠴᠢ ᠪᠠᠷ ᠨᠡᠶᠢᠳᠡᠪᠦᠷᠢᠵᠢᠭᠤᠯᠬᠤ ᠬᠡᠷᠡᠭᠳᠡᠢ᠃ ︽ᠮᠠᠯ ᠠᠵᠤ ᠠᠬᠤᠢ ᠲᠠᠷᠢᠶᠠᠯᠠᠩ ᠮᠠᠯᠵᠢᠬᠤ | ᠲᠠᠷᠢᠶᠠᠯᠠᠬᠤ ᠤᠷᠤᠨ ᠮᠠᠯᠴᠢᠨ ᠲᠠᠷᠢᠶᠠᠴᠢᠨ︾ ᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ | ᠪᠠᠶᠢᠭᠤᠯᠤᠮᠵᠢ ᠲᠤᠬᠳᠠᠴᠠ ᠶᠢᠨ ᠰᠢᠨ᠎ᠡ ᠶᠢ ᠡᠭᠦᠳᠭᠦ ᠶᠢ ᠠᠬᠢᠭᠤᠯᠤᠨ᠂ ᠮᠠᠯᠵᠢᠬᠤ ᠲᠠᠷᠢᠶᠠᠯᠠᠬᠤ ᠤᠷᠤᠨ ᠤ ᠨᠡᠶᠢᠭᠡᠮ | ᠤᠨ ᠡᠶ᠎ᠡ ᠵᠤᠬᠢᠴᠠᠩᠭᠤᠢ ᠲᠤᠬᠳᠠᠭᠤᠨ ᠢ ᠬᠠᠮᠠᠭᠠᠯᠠᠵᠤ᠂ ᠦᠨᠳᠦᠰᠦᠨ ᠱᠠᠳᠤᠨ ᠤ ᠵᠤᠬᠢᠶᠠᠨ ᠪᠠᠶᠢᠭᠤᠯᠤᠯᠳᠠ ᠶᠢᠨ | ᠰᠠᠭᠤᠷᠢ ᠶᠢ ᠪᠠᠭᠢᠵᠢᠭᠦᠯᠵᠤ᠂ ᠴᠢᠳᠠᠪᠤᠷᠢ ᠪᠤᠯᠤᠨ ᠰᠤᠷᠳᠠᠯ ᠤᠨ ᠪᠠᠶᠢᠭᠤᠯᠤᠯᠳᠠ ᠶᠢ ᠴᠢᠩᠭᠠᠳᠬᠠᠨ᠂ ᠮᠠᠯ ᠠᠵᠤ | ᠠᠬᠤᠢ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠰᠠᠶᠢᠳᠤᠷ | ᠨᠠᠶᠢᠳᠠᠪᠤᠷᠢᠵᠢᠬᠳᠠᠬᠤ ᠶᠢ ᠪᠠᠳᠤᠯᠠᠨ ᠠᠬᠢᠭᠤᠯᠬᠤ ᠬᠡᠷᠡᠭᠳᠡᠢ ᠬᠡᠵᠡᠢ᠃ | ᠪᠦ᠋ ᠰᠢᠶᠤᠤ ᠯᠢᠨ ᠵᠢᠭᠠᠵᠤ ᠭᠠᠷᠭᠠᠬᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ︽ᠲᠠᠷᠢᠶᠠᠯᠠᠩ | ᠲᠠᠷᠢᠶᠠᠯᠠᠬᠤ ᠤᠷᠤᠨ ᠲᠠᠷᠢᠶᠠᠴᠢᠨ︾ ᠤ ᠠᠵᠢᠯ ᠤᠨ ᠲᠤᠬᠠᠢ ᠪᠠᠶᠢᠯᠳᠤᠬᠤ ᠪᠤᠳᠤᠯᠭ᠎ᠠ ᠶᠢᠨ ᠦᠵᠡᠯ ᠰᠠᠨᠠᠭ᠎ᠠ ᠶᠢ | ᠬᠦᠨᠵᠡᠭᠡᠢ ᠤᠶᠢᠯᠠᠭᠠᠵᠤ᠂ ᠮᠠᠨ ᠤ ᠤᠯᠤᠰ ᠤᠨ ᠲᠠᠷᠢᠶᠠᠯᠠᠩ ᠲᠠᠷᠢᠶᠠᠯᠠᠬᠤ ᠤᠷᠤᠨ ᠤ ᠬᠦᠭᠵᠢᠯᠳᠡ ᠶᠢᠨ | ᠰᠡᠳᠬᠢᠴᠡ ᠶᠢᠨ ᠴᠢᠬᠤᠯᠠ ᠬᠤᠪᠢᠷᠠᠯᠳᠠ ᠶᠢ ᠬᠦᠨᠵᠡᠭᠡᠢ ᠤᠶᠢᠯᠠᠭᠠᠨ᠂ ᠮᠠᠯ ᠠᠵᠤ ᠠᠬᠤᠢ ᠲᠠᠷᠢᠶᠠᠯᠠᠩ ᠤᠨ | ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢᠨ ᠴᠢᠬᠤᠯᠠ ᠠᠴᠢ ᠬᠤᠯᠪᠤᠬᠳᠠᠯ ᠢ | ᠬᠦᠨᠵᠡᠭᠡᠢ ᠤᠶᠢᠯᠠᠭᠠᠵᠤ᠂ ᠲᠦᠪ ᠤᠨ ᠨᠢᠭᠡᠳᠦᠭᠡᠷ ᠲᠤᠭᠠᠳᠦ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠤᠰᠤᠭᠠᠷ᠂ | ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠢ ᠨᠡᠶᠢᠳᠡᠪᠦᠷᠢᠵᠢᠭᠤᠯᠬᠤ ᠶᠢ | ᠴᠢᠩᠭᠠᠷᠠᠭᠤᠯᠤᠨ᠂ ᠮᠠᠯ ᠠᠵᠤ ᠠᠬᠤᠢ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ | ᠦᠭᠡᠷᠡᠴᠢᠯᠡᠯᠳᠡ ᠶᠢᠨ ᠲᠠᠰᠤᠷᠠᠯᠳᠠ ᠦᠭᠡᠢ ᠰᠢᠨ᠎ᠠ ᠠᠬᠢᠴᠠ ᠰᠢᠨ᠎ᠠ ᠰᠢᠪᠳᠣᠯᠣᠯᠳᠠ ᠲᠠᠢ ᠪᠣᠯᠬᠤ ᠶᠢ ᠴᠢᠷᠮᠠᠶᠢᠨ | ᠠᠬᠢᠭᠤᠯᠵᠤ᠂ ᠮᠠᠨ ᠤ ᠤᠷᠤᠨ ᠤ ︽ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ | ᠲᠠᠷᠢᠶᠠᠴᠢᠨ︾ ᠤ ᠠᠵᠢᠯ ᠤᠨ ᠰᠢᠨ᠎ᠠ ᠪᠠᠶᠢᠳᠠᠯ ᠢ ᠨᠡᠭᠡᠭᠡᠭᠦ ᠬᠡᠷᠡᠭᠳᠡᠢ ᠬᠡᠵᠡᠢ᠃ | ᠡᠯ᠎ᠠ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠤᠭᠤᠷᠢᠭ︶ ᠤ ᠨᠠᠮ ᠵᠠᠰᠠᠭ ᠤᠨ ᠭᠤᠤᠯ | ᠤᠳᠤᠷᠢᠳᠤᠯᠭ᠎ᠠ ᠪᠠ ᠦᠪᠡᠷᠳᠡᠭᠡᠨ ᠵᠠᠰᠠᠬᠤ ᠤᠷᠤᠨ ᠤ ᠰᠢᠭᠤᠳ ᠬᠠᠷᠢᠶ᠎ᠠ ᠰᠠᠯᠠᠭ᠎ᠠ ᠮᠦᠴᠢᠷ ᠨᠢᠭᠡᠴᠡ ᠶᠢᠨ ᠭᠤᠤᠯ | ᠬᠠᠷᠢᠭᠤᠴᠠᠯᠭᠠᠳᠠᠳ ᠰᠤᠳᠤᠯᠤᠨ ᠶᠠᠷᠢᠯᠴᠠᠬᠤ ᠠᠩᠬᠢ ᠳᠤ ᠤᠷᠤᠯᠴᠠᠵᠠᠢ᠃ |