ᠣᠷᠳᠣᠰ ᠬᠤᠲᠠ ᠥᠪᠡᠷᠲᠡᠭᠡᠨ ᠵᠠᠰᠠᠬᠤ ᠣᠷᠣᠨ ᠤ ᠦᠢ ᠤᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠶ ᠶᠢᠨ ᠲᠤᠷᠰᠢᠯᠲᠠ ᠶᠢᠨ ᠴᠢᠭ᠋ 7᠎ ᠶᠢ ᠰᠢᠨ᠎ᠡ ᠪᠠᠷ ᠨᠡᠮᠡᠪᠡ
ᠨᠡᠶᠢᠲᠡᠯᠡᠭᠰᠡᠨ ᠴᠠᠭ᠄
2017/3/21
      3 ᠳ᠋ᠤᠭᠠᠷ ᠰᠠᠷ᠎ᠠ ᠶᠢᠨ 15᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠎ ᠤᠨ ᠲᠢᠩᠬᠢᠮ ᠤᠨ ᠪᠠᠭᠤᠯᠭᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠪᠦᠯᠦᠭ ᠦᠢ ᠤᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠶ ᠶᠢᠨ ᠲᠤᠷᠰᠢᠯᠲᠠ ᠶᠢᠨ ᠴᠢᠭ᠋᠂ ᠦᠢ ᠤᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠶ ᠶᠢᠨ ᠲᠤᠷᠰᠢᠯᠲᠠ ᠶᠢᠨ ᠴᠢᠭ᠋ ᠪᠤᠶᠢᠵᠢᠭᠤᠯᠬᠤ ᠶᠢ ᠦᠨᠡᠮᠰᠢᠨ ᠲᠣᠭᠲᠠᠭᠠᠬᠤ ᠲᠤᠬᠠᠶ ᠮᠡᠳᠡᠭᠳᠡᠯ︾᠎ ᠳᠤ ᠣᠷᠳᠣᠰ ᠤᠨ ᠷᠤᠸᠠᠨ ᠲᠦᠩ ᠳ᠋ᠦᠩ ᠯᠢ ᠰᠢᠨ᠎ᠡ ᠶᠢ ᠡᠭᠦᠳᠬᠦ ᠠᠵᠤ ᠦᠢᠯᠡᠰ ᠤᠨ ᠬᠦᠷᠢᠶᠡᠯᠡᠩ ᠤᠨ ᠦᠢ ᠤᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠶ᠂ ᠣᠶᠣᠨᠯᠢᠭ ᠡᠩᠭᠡᠪᠡᠢ᠂ ᠲᠠᠯ᠎ᠠ ᠨᠤᠲᠤᠭ ᠤᠨ ᠡᠵᠢ ᠠᠵᠤ ᠠᠬᠤᠶᠢᠯᠠᠯ ᠤᠨ ᠨᠡᠪᠴᠢᠭᠦᠯᠦᠭᠦᠷ ᠤᠨ ᠬᠦᠷᠢᠶᠡᠯᠡᠩ᠂ ᠬᠤᠢ ᠢᠩ ᠡᠭᠦᠳᠦᠨ ᠴᠣᠭᠴᠠᠯᠠᠭᠴᠢ ᠦᠢ ᠤᠯᠠᠨ ᠢᠶᠠᠷ ᠢᠶᠠᠨ ᠰᠢᠨ᠎ᠡ ᠶᠢ ᠡᠭᠦᠳᠬᠦ ᠦᠢᠯᠡᠴᠢᠯᠡᠭᠡᠨ ᠤ ᠲᠥᠪ᠂ ᠣᠷᠳᠣᠰ ᠬᠤᠲᠠ ᠶᠢᠨ ᠳ᠋ᠦᠩ ᠳ᠋ᠡ ᠠᠳᠠᠯ ᠦᠢᠯᠡᠰ ᠴᠣᠭᠴᠠᠯᠠᠬᠤ ᠬᠦᠷᠢᠶᠡᠯᠡᠩ ᠤᠨ ᠦᠢ ᠤᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠶ᠂ ᠠᠳᠠᠯ ᠦᠢᠯᠡᠰ ᠴᠣᠭᠴᠠᠯᠠᠬᠤ ᠨᠢᠦ ᠷᠧᠨ ᠯᠦ ᠶᠠᠨ ᠲᠥᠪ ᠪᠣᠯᠤᠨ ᠬᠠᠩᠭᠢᠨ ᠬᠤᠰᠢᠭᠤ ᠶᠢᠨ ᠰᠢᠨ᠎ᠡ ᠬᠠᠩ ᠦᠢ ᠤᠯᠠᠨ ᠢᠶᠠᠷ ᠢᠶᠠᠨ ᠰᠢᠨ᠎ᠡ ᠶᠢ ᠡᠭᠦᠳᠬᠦ ᠬᠦᠷᠢᠶᠡᠯᠡᠩ ᠵᠡᠷᠭᠡ 7 ᠪᠠᠶᠢᠭᠤᠯᠤᠮᠵᠢ ᠶᠢ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠪᠦᠯᠦᠭ ᠦᠢ ᠤᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠶ ᠶᠢᠨ ᠲᠤᠷᠰᠢᠯᠲᠠ ᠶᠢᠨ ᠴᠢᠭ᠋ ᠢᠶᠠᠷ ᠦᠨᠡᠮᠰᠢᠨ ᠲᠣᠭᠲᠠᠭᠠᠵᠤ᠂ ᠣᠷᠳᠣᠰ ᠤᠨ ᠬᠠᠲᠠᠭᠤ ᠬᠠᠶᠠᠭᠳᠠᠮᠠᠯ ᠪᠣᠳᠠᠰ ᠤᠨ ᠡᠬᠢ ᠪᠠᠶᠠᠯᠢᠭ ᠢ ᠠᠰᠢᠭᠯᠠᠬᠤ ᠣᠯᠠᠨ ᠢᠶᠠᠷ ᠢᠶᠠᠨ ᠡᠭᠦᠳᠬᠦ ᠣᠷᠣᠨ ᠵᠠᠶ ᠶᠢ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠪᠦᠯᠦᠭ ᠦᠢ ᠤᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠶ ᠶᠢᠨ ᠲᠤᠷᠰᠢᠯᠲᠠ ᠶᠢᠨ ᠴᠢᠭ᠋ ᠪᠤᠶᠢᠵᠢᠭᠤᠯᠬᠤ ᠪᠠᠷ ᠦᠨᠡᠮᠰᠢᠨ ᠲᠣᠭᠲᠠᠭᠠᠪᠠ᠃ ᠥᠨᠥ ᠪᠣᠯᠬᠤ ᠳᠤ᠂ ᠤᠷᠳᠤᠰ ᠬᠤᠳᠠ ᠦᠢ ᠤᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠶ ᠶᠢ ᠨᠡᠶᠢᠲᠡ 25᠎ ᠶᠢ ᠪᠠᠶᠢᠭᠤᠯᠵᠤ᠂ ᠡᠭᠦᠨ ᠳᠤ ᠤᠯᠤᠰ ᠤᠨ ᠲᠠᠰ ᠤᠨ ᠦᠢ ᠤᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠶ 6᠂ ᠦᠢ ᠤᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠶ ᠶᠢᠨ ᠲᠤᠷᠰᠢᠯᠲᠠ ᠎ ᠶᠢᠨ ᠴᠢᠭ᠋ 21᠂ ᠲᠤᠷᠰᠢᠯᠲᠠ ᠶᠢᠨ ᠴᠢᠭ᠋ ᠪᠤᠶᠢᠵᠢᠭᠤᠯᠬᠤ 4᠂ ᠬᠤᠲᠠ ᠶᠢᠨ ᠳᠡᠰ ᠤᠨ ᠦᠢ ᠤᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠶ 8 ᠪᠠᠶᠢᠨ᠎ᠠ᠃ ᠡᠯ᠎ᠡ ᠬᠤᠰᠢᠭᠤ ᠲᠣᠭᠤᠷᠢᠭ ᠴᠥᠮ ᠥᠪᠡᠷ ᠥᠪᠡᠷ ᠤᠨ ᠣᠨᠴᠠᠯᠢᠭ ᠪᠦᠬᠦᠢ ᠦᠢ ᠤᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠶ ᠶᠢ ᠪᠠᠶᠢᠭᠤᠯᠪᠠ᠃      ᠣᠶᠢᠷ᠎ᠠ ᠶᠢᠨ ᠵᠢᠯ ᠤᠨ ᠲᠤᠷᠰᠢ᠂ ᠣᠷᠳᠣᠰ ᠬᠤᠲᠠ ᠠᠳᠠᠯ ᠦᠢᠯᠡᠰ ᠴᠣᠭᠴᠠᠯᠠᠬᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠠᠷ ᠳᠠᠮᠵᠢᠭᠤᠯᠤᠨ᠂ ᠠᠳᠠᠯ ᠦᠢᠯᠡᠰ ᠴᠣᠭᠴᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠠᠳᠠᠯ ᠦᠢᠯᠡᠰ ᠴᠣᠭᠴᠠᠯᠠᠬᠤ ᠠᠮᠢ ᠠᠬᠤᠶ ᠶᠢ ᠪᠦᠷᠢᠨᠰᠢᠭᠦᠯᠵᠦ᠂ ︽ᠳᠣᠣᠷ᠎ᠠ ᠪᠠᠷᠢᠮᠵᠢᠶ᠎ᠠ᠂ ᠳᠥᠭᠦᠮ ᠳᠥᠲᠡ᠂ ᠪᠦᠭᠦ ᠡᠯᠧᠮᠧᠨ᠋ᠲ ᠂ ᠨᠡᠭᠡᠭᠡᠯᠲᠡᠲᠦ ᠮᠠᠶ᠋ᠢᠭ ︾᠎ ᠤᠨ ᠦᠢ ᠤᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠶ ᠶᠢ ᠬᠦᠴᠦᠯᠡᠨ ᠴᠣᠭᠴᠠᠯᠠᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠦᠢ ᠤᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠶ ᠶᠢᠨ ᠪᠦᠳᠦᠭᠡᠨ ᠪᠠᠶᠢᠭᠤᠯᠤᠯᠲᠠ ᠶᠢᠨ ᠵᠠᠷᠤᠳᠠᠯ ᠠᠴᠠ 495 ᠲᠦᠮᠡᠨ ᠲᠥᠭᠦᠷᠢᠭ ᠣᠯᠪᠠ᠃ ᠥᠨᠥ ᠪᠣᠯᠬᠤ ᠳᠤ᠂ ᠣᠷᠳᠣᠰ ᠬᠤᠲᠠ ᠶᠢᠨ ᠦᠢ ᠤᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠶ ᠶᠢᠨ ᠨᠡᠪᠴᠢᠭᠦᠯᠦᠭᠦᠷ ᠲᠤ ᠣᠷᠣᠭᠰᠠᠨ ᠠᠵᠤ ᠠᠬᠤᠶᠢᠯᠠᠯ ᠵᠢᠴᠢ ᠠᠳᠠᠯ ᠦᠢᠯᠡᠰ ᠴᠣᠭᠴᠠᠯᠠᠬᠤ ᠪᠦᠯᠬᠦᠮ ᠨᠡᠶᠢᠲᠡ 1105 ᠪᠠᠶᠢᠵᠤ᠂ 21600 ᠭᠠᠷᠤᠢ ᠬᠥᠮᠦᠨ ᠤ ᠠᠵᠢᠯ ᠣᠯᠭᠤᠯᠲᠠ ᠶᠢ ᠳᠠᠶᠢᠴᠢᠯᠠᠵᠤ᠂ ᠲᠤᠰᠬᠠᠶ ᠠᠰᠢᠭ ᠤᠨ ᠡᠷᠬᠡ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ 55 ᠣᠯᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号