ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠱᠠᠭᠠᠷᠳᠠᠯᠭ᠎ᠠ ᠶᠢ ᠦᠨᠳᠦᠰᠦᠯᠡᠨ᠂ 2016 | ᠣᠨ ᠤ ᠭᠤᠷᠪᠠᠳᠤᠭᠠᠷ ᠤᠯᠠᠷᠢᠯ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ | ᠲᠢᠩᠬᠢᠮ ᠪᠥᠬᠦ ᠣᠷᠣᠨ ᠤ ᠵᠠᠰᠠᠭ ᠤᠨ ᠣᠷᠳᠣᠨ ᠤ ᠰᠦᠯᠵᠢᠶᠡᠨ ᠳᠤ ᠪᠠᠶᠢᠩᠭᠤ ᠶᠢᠨ ᠴᠢᠨᠠᠷᠲᠠᠶ ᠰᠤᠭᠤᠴᠠᠨ | ᠪᠠᠶᠢᠴᠠᠭᠠᠬᠤ ᠠᠵᠢᠯ ᠢ ᠦᠷᠨᠢᠭᠦᠯᠪᠡ᠃ 2017 ᠣᠨ ᠤ ᠨᠢᠭᠡᠳᠦᠭᠡᠷ ᠤᠯᠠᠷᠢᠯ ᠳᠤ᠂ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠨᠡᠶᠢᠲᠡ 98 ᠵᠠᠰᠠᠭ ᠤᠨ ᠣᠷᠳᠣᠨ ᠤ ᠰᠦᠯᠵᠢᠶᠡᠨ ᠳᠤ | ᠰᠤᠭᠤᠴᠠᠨ ᠪᠠᠶᠢᠴᠠᠭᠠᠯᠲᠠ ᠬᠢᠪᠡ᠃ ᠤᠳᠤ ᠰᠤᠭᠤᠴᠠᠨ ᠪᠠᠶᠢᠴᠠᠭᠠᠭᠰᠠᠨ ᠪᠠᠶᠢᠳᠠᠯ ᠢ ᠳᠣᠣᠷ᠎ᠠ ᠮᠡᠳᠡᠭᠳᠡᠪᠡ᠃ | ᠨᠢᠭᠡ᠂ ᠨᠢᠭᠡᠳᠦᠭᠡᠷ ᠤᠯᠠᠷᠢᠯ ᠳᠠᠬᠢ ᠵᠠᠰᠠᠭ ᠤᠨ ᠣᠷᠳᠣᠨ ᠤ ᠰᠦᠯᠵᠢᠶ᠎ᠡ ᠶᠢᠨ ᠰᠤᠭᠤᠴᠠᠨ ᠪᠠᠶᠢᠴᠠᠭᠠᠯᠲᠠ ᠶᠢᠨ | ᠪᠠᠶᠢᠳᠠᠯ | 2017 ᠣᠨ ᠤ ᠨᠢᠭᠡᠳᠦᠭᠡᠷ ᠤᠯᠠᠷᠢᠯ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ | ᠠᠯᠪᠠᠨ ᠲᠢᠩᠬᠢᠮ ᠡᠯ᠎ᠡ ᠱᠠᠲᠤᠨ ᠤ ᠵᠠᠰᠠᠭ ᠤᠨ ᠣᠷᠳᠣᠨ ᠤ 98 ᠰᠦᠯᠵᠢᠶ᠎ᠡ ᠶᠢ ᠰᠤᠭᠤᠴᠠᠨ ᠪᠠᠶᠢᠴᠠᠭᠠᠪᠠ᠃ ︽ | ᠠᠩᠬᠠᠳᠤᠭᠠᠷ ᠤᠳᠠᠭᠠᠨ ᠤ ᠪᠦᠬᠦ ᠤᠯᠤᠰ ᠤᠨ ᠵᠠᠰᠠᠭ ᠤᠨ ᠣᠷᠳᠣᠨ ᠤ ᠰᠦᠯᠵᠢᠶ᠎ᠡ ᠶᠢᠨ ᠨᠡᠶᠢᠳᠡᠮ ᠪᠠᠶᠢᠴᠠᠭᠠᠯᠲᠠ | ᠥᠷᠨᠢᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ | ᠲᠠᠷᠬᠠᠭᠠᠭᠰᠠᠨ ︿2015﹀ 15 ᠳ᠋ᠤᠭᠠᠷ ᠲᠣᠭᠠᠲᠤ︶ ᠳᠤ ᠲᠣᠭᠲᠠᠭᠠᠭᠰᠠᠨ ᠪᠠᠶᠢᠴᠠᠭᠠᠬᠤ ᠪᠠᠷᠢᠮᠵᠢᠶ᠎ᠠ ᠶᠤᠰᠤᠭᠠᠷ᠂ | ᠬᠠᠷᠢᠴᠠᠭᠤᠯᠤᠨ ᠬᠢᠨᠠᠨ ᠪᠠᠶᠢᠴᠠᠭᠠᠭᠰᠠᠨ ᠤ ᠲᠠᠷᠠᠭ᠎ᠠ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠬᠠᠭᠤᠳᠠᠰᠤ 98 | ᠬᠤᠪᠢ ᠪᠠᠭᠤᠯᠭᠠᠵᠤ᠂ ᠬᠦᠨᠳᠦ ᠨᠣᠴᠢᠲᠠᠶ ᠠᠰᠠᠭᠤᠳᠠᠯ ᠤᠷᠤᠰᠢᠵᠤ ᠪᠠᠶᠢᠬᠤ 13 ᠰᠦᠯᠵᠢᠶ᠎ᠡ ᠶᠢ ᠣᠯᠵᠤ ᠮᠡᠳᠡᠪᠡ᠃ | ᠡᠯ᠎ᠡ ᠬᠤᠯᠪᠣᠭᠳᠠᠯ ᠪᠦᠬᠦᠢ ᠨᠢᠭᠡᠴᠡ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠭᠰᠡᠨ ᠤ 1 ᠭᠠᠷᠠᠭ ᠤᠨ ᠳᠠᠷᠠᠭ᠎ᠠ᠂ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠴᠡᠭᠴᠡᠯᠡᠨ ᠰᠠᠶᠢᠵᠢᠷᠠᠭᠤᠯᠵᠤ ᠪᠠᠶᠢᠭ᠎ᠠ | ᠪᠠᠶᠢᠳᠠᠯ ᠢ ᠨᠢᠭᠡᠳ ᠨᠢᠭᠡ ᠪᠠᠷ ᠳᠠᠬᠢᠨ ᠪᠠᠶᠢᠴᠠᠭᠠᠪᠠ᠃ ᠦᠷ᠎ᠡ ᠳ᠋ᠦᠩ ᠠᠴᠠ ᠦᠵᠡᠪᠡᠯ᠂ 85 ᠰᠦᠯᠵᠢᠶ᠎ᠡ ᠴᠡᠭᠴᠡᠯᠡᠨ | ᠰᠠᠶᠢᠵᠢᠷᠠᠭᠤᠯᠬᠤ ᠶᠢ ᠪᠡᠶᠡᠯᠡᠭᠦᠯᠵᠦ᠂ 1 ᠰᠦᠯᠵᠢᠶ᠎ᠡ ᠨᠢ ᠲᠦᠷ ᠬᠠᠭᠠᠵᠤ᠂ 12 ᠰᠦᠯᠵᠢᠶ᠎ᠡ ᠴᠡᠭᠴᠡᠯᠡᠨ | ᠰᠠᠶᠢᠵᠢᠷᠠᠭᠤᠯᠤᠭᠰᠠᠨ ᠢᠶᠠᠷ ᠬᠦᠷᠦᠯᠴᠡᠬᠦ ᠦᠭᠡᠢ ᠪᠠᠶᠢᠵᠤ᠂ ᠬᠢᠷᠢ ᠲᠡᠩᠴᠡᠭᠰᠡᠨ ᠦᠭᠡᠶ ᠰᠦᠯᠵᠢᠶ᠎ᠡ ᠪᠠᠷ ᠮᠠᠭᠠᠳᠯᠠᠨ | ᠲᠤᠭᠲᠠᠭᠠᠪᠠ᠃ | ᠬᠤᠶᠠᠷ᠂ ᠣᠷᠣᠰᠢᠵᠤ ᠪᠠᠶᠢᠭ᠎ᠠ ᠠᠰᠠᠭᠤᠳᠠᠯ | ᠰᠤᠭᠤᠴᠠᠨ ᠪᠠᠶᠢᠴᠠᠭᠠᠯᠲᠠ ᠶᠢᠨ ᠦᠷ᠎ᠡ ᠳ᠋ᠦᠩ ᠠᠴᠠ ᠦᠵᠡᠪᠡᠯ᠂ ᠵᠠᠷᠢᠮ ᠭᠠᠵᠠᠷ ᠣᠷᠣᠨ ᠪᠠ ᠨᠢᠭᠡᠴᠡ ᠨᠢ | ᠵᠠᠰᠠᠭ ᠤᠨ ᠣᠷᠳᠣᠨ ᠤ ᠰᠦᠯᠵᠢᠶ᠎ᠡ ᠶᠢᠨ ᠠᠵᠢᠯ ᠢ ᠭᠦᠢᠴᠡᠳ ᠬᠦᠨᠳᠦᠳᠬᠡᠬᠦ ᠦᠭᠡᠢ᠂ ᠰᠦᠯᠵᠢᠶ᠎ᠡ ᠶᠢᠨ | ᠠᠭᠤᠯᠭ᠎ᠠ ᠶᠢᠨ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠭᠰᠠᠨ ᠦᠭᠡᠢ᠂ ᠮᠡᠳᠡᠭᠡ ᠵᠠᠩᠭᠢ ᠶᠢ ᠴᠠᠭ ᠲᠤᠬᠠᠶ ᠳᠤᠨᠢ | ᠰᠢᠨᠡᠳᠬᠡᠬᠦ ᠦᠭᠡᠶ᠂ ᠬᠤᠭᠤᠰᠣᠨ ᠪᠤᠯᠤᠩ ᠦᠯᠡᠳᠡᠭᠡᠬᠦ᠂ ᠦᠢᠯᠡᠴᠢᠯᠡᠭᠡᠨ ᠤ ᠵᠦᠢᠯᠡᠰ ᠤᠨ ᠠᠭᠤᠯᠭ᠎ᠠ ᠨᠢ ᠪᠦᠷᠢᠨ | ᠪᠤᠰᠤ᠂ ᠴᠦᠷᠭᠡᠯᠡᠭᠡ ᠨᠢ ᠠᠯᠳᠠᠭ᠎ᠠ ᠲᠠᠢ ᠵᠡᠷᠭᠡ ᠪᠠᠶᠢᠳᠠᠯ ᠮᠥᠨ ᠯᠡ ᠣᠷᠣᠰᠢᠭᠰᠠᠭᠠᠷ ᠪᠠᠶᠢᠨ᠎ᠠ᠃ ᠡᠭᠦᠨ ᠠᠴᠠ | ᠭᠠᠳᠠᠨ᠎ᠠ᠂ ᠬᠡᠰᠡᠭ ᠭᠠᠵᠠᠷ ᠣᠷᠣᠨ ᠪᠣᠯᠤᠨ ᠰᠠᠯᠠᠭ᠎ᠠ ᠮᠥᠴᠢᠷ ᠲᠤ ᠰᠦᠯᠵᠢᠶ᠎ᠡ ᠶᠢᠨ ᠴᠡᠭᠴᠡᠯᠡᠨ ᠰᠠᠶᠢᠵᠢᠷᠠᠭᠤᠯᠬᠤ | ᠠᠵᠢᠯ ᠢ ᠬᠠᠰᠢ ᠶᠠᠰᠢ ᠪᠠᠷ ᠦᠩᠭᠡᠷᠡᠭᠦᠯᠦᠭᠰᠡᠨ ᠪᠠᠶᠢᠳᠠᠯ ᠤᠷᠤᠰᠢᠵᠤ᠂ ᠲᠤᠶᠢᠯᠪᠤᠷᠢᠲᠠᠢ ᠴᠡᠭᠴᠡᠯᠡᠨ | ᠰᠠᠶᠢᠵᠢᠷᠠᠭᠤᠯᠤᠭᠰᠠᠨ ᠦᠭᠡᠢ ᠪᠤᠶᠤ ᠴᠡᠭᠴᠡᠯᠡᠨ ᠰᠠᠶᠢᠵᠢᠷᠠᠭᠤᠯᠤᠭᠰᠠᠨ ᠤ ᠲᠠᠷᠠᠭ᠎ᠠ ᠪᠠᠰᠠ ᠯᠡ ᠬᠠᠮᠢᠶᠠᠷᠬᠤ ᠬᠦᠮᠦᠨ | ᠦᠭᠡᠢ ᠪᠠᠶᠢᠳᠠᠯ ᠭᠠᠷᠴᠦ ᠪᠠᠶᠢᠨ᠎ᠠ᠃ | ᠭᠤᠷᠪᠠ᠂ ᠠᠵᠢᠯ ᠤᠨ ᠱᠠᠭᠠᠷᠳᠠᠯᠭ᠎ᠠ | ᠨᠢᠭᠡ ᠳᠤ ᠮᠡᠳᠡᠭᠡ ᠵᠠᠩᠭᠢ ᠶᠢ ᠴᠠᠭ ᠲᠤᠬᠠᠶ ᠳᠤᠨᠢ ᠤᠨᠤᠪᠴᠢᠲᠠᠢ ᠨᠡᠶᠢᠲᠡᠯᠡᠬᠦ ᠬᠡᠷᠡᠭᠲᠡᠶ᠃ ᠡᠯ᠎ᠡ ᠭᠠᠵᠠᠷ | ᠣᠷᠣᠨ ᠡᠯ᠎ᠡ ᠰᠠᠯᠠᠭ᠎ᠠ ᠮᠥᠴᠢᠷ ᠤᠳ ᠵᠠᠰᠠᠭ ᠤᠨ ᠣᠷᠳᠣᠨ ᠤ ᠰᠦᠯᠵᠢᠶ᠎ᠡ ᠶᠢ ᠵᠠᠰᠠᠭ ᠤᠨ ᠤᠷᠳᠤᠨ ᠤ ᠮᠡᠳᠡᠭᠡ | ᠵᠠᠩᠭᠢ ᠶᠢ ᠢᠯᠡ ᠪᠣᠯᠭᠠᠬᠤ ᠨᠢᠭᠡᠳᠦᠭᠡᠷ ᠲᠠᠪᠴᠠᠩ ᠪᠤᠯᠭᠠᠵᠤ᠂ ᠵᠠᠰᠠᠭ ᠤᠨ ᠣᠷᠳᠣᠨ ᠤ ᠰᠦᠯᠵᠢᠶ᠎ᠡ ᠶᠢᠨ ᠮᠡᠳᠡᠭᠡ | ᠵᠠᠩᠭᠢ ᠶᠢᠨ ᠠᠭᠤᠯᠭ᠎ᠠ ᠶᠢ ᠪᠠᠲᠤᠯᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠮᠡᠳᠡᠭᠡ ᠵᠠᠩᠭᠢ ᠶᠢ ᠴᠠᠭ | ᠲᠤᠬᠠᠶ ᠳᠤᠨᠢ᠂ ᠤᠨᠤᠪᠴᠢᠲᠠᠢ᠂ ᠬᠡᠷᠡᠭᠯᠡᠭᠡᠨ ᠲᠠᠢ ᠪᠠᠶᠢᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ | ᠬᠤᠶᠠᠷ ᠲᠤ ᠬᠠᠷᠢᠯᠴᠠᠨ ᠰᠣᠯᠢᠯᠴᠠᠬᠤ ᠴᠢᠳᠠᠪᠤᠷᠢ ᠪᠠᠨ ᠴᠢᠩᠭᠠᠳᠬᠠᠬᠤ ᠬᠡᠷᠡᠭᠲᠡᠢ᠃ ᠡᠯ᠎ᠡ ᠭᠠᠵᠠᠷ ᠣᠷᠣᠨ | ᠡᠯ᠎ᠡ ᠰᠠᠯᠠᠭ᠎ᠠ ᠮᠥᠴᠢᠷ ᠤᠳ ᠵᠠᠰᠠᠭ ᠤᠨ ᠣᠷᠳᠣᠨ ᠤ ᠰᠦᠯᠵᠢᠶ᠎ᠡ ᠪᠠᠷ ᠳᠠᠮᠵᠢᠨ ᠰᠦᠯᠵᠢᠶᠡᠨ ᠳᠡᠭᠡᠷ᠎ᠡ | ᠰᠤᠷᠪᠤᠯᠵᠢᠯᠠᠭ᠎ᠠ ᠬᠢᠬᠦ᠂ ᠰᠠᠨᠠᠯ ᠬᠤᠷᠢᠶᠠᠬᠤ᠂ ᠰᠦᠯᠵᠢᠶᠡᠨ ᠳᠡᠭᠡᠷ᠎ᠡ ᠪᠠᠶᠢᠴᠠᠭᠠᠯᠲᠠ ᠬᠢᠬᠦ ᠵᠡᠷᠭᠡ ᠶᠢ ᠦᠷᠨᠢᠭᠦᠯᠦᠨ᠂ | ᠤᠯᠠᠨ ᠲᠦᠮᠡᠨ ᠯᠦᠭᠡ ᠬᠠᠷᠢᠯᠴᠠᠨ ᠰᠣᠯᠢᠯᠴᠠᠬᠤ ᠪᠠᠨ ᠴᠢᠩᠭᠠᠳᠬᠠᠵᠤ᠂ ᠤᠯᠠᠨ ᠲᠦᠮᠡᠨ ᠤ ᠰᠠᠨᠠᠯ ᠰᠠᠨᠠᠭᠤᠯᠭ᠎ᠠ ᠶᠢ | ᠥᠷᠭᠡᠨ ᠢᠶᠠᠷ ᠰᠣᠨᠤᠰᠴᠤ᠂ ᠨᠡᠶᠢᠭᠡᠮ ᠨᠡᠶᠢᠲᠡ ᠶᠢᠨ ᠰᠢᠭᠦᠮᠵᠢᠯᠡᠯ ᠬᠢᠨᠠᠯᠲᠠ ᠶᠢ ᠬᠦᠯᠢᠶᠡᠬᠦ ᠬᠡᠷᠡᠭᠲᠡᠢ᠃ | ᠭᠤᠷᠪᠠ ᠳᠤ ᠬᠡᠷᠡᠭ ᠶᠠᠪᠤᠳᠠᠯ ᠭᠦᠢᠴᠡᠳᠬᠡᠬᠦ ᠦᠢᠯᠡᠴᠢᠯᠡᠭᠡᠨ ᠤ ᠠᠭᠤᠯᠭ᠎ᠠ ᠪᠠᠨ ᠵᠢᠷᠤᠮᠵᠢᠭᠤᠯᠬᠤ ᠬᠡᠷᠡᠭᠲᠡᠢ᠃ | ᠡᠯ᠎ᠡ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠲᠤᠰ ᠲᠤᠰ ᠤᠨ ᠡᠷᠬᠡ ᠶᠢᠨ | ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠲᠠᠢ ᠪᠠᠨ ᠤᠶᠠᠯᠳᠤᠭᠤᠯᠵᠤ᠂ ᠵᠥᠪ ᠣᠨᠣᠪᠴᠢᠲᠠᠶ᠂ ᠳᠦᠷᠢᠮᠵᠢᠭᠰᠡᠨ᠂ | ᠪᠦᠷᠢᠨ ᠲᠡᠭᠦᠰ᠂ ᠪᠣᠳᠠᠲᠤ ᠬᠡᠷᠡᠭᠯᠡᠭᠡᠨ ᠲᠠᠢ ᠪᠠᠶᠢᠬᠤ ᠱᠠᠭᠠᠷᠳᠠᠯᠭ᠎ᠠ ᠶᠣᠰᠣᠭᠠᠷ᠂ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠵᠦᠢᠯᠡᠰ ᠤᠨ ᠬᠡᠷᠡᠭ ᠭᠦᠢᠴᠡᠳᠬᠡᠬᠦ ᠵᠦᠭᠯᠡᠭᠦᠷ ᠢ ᠬᠠᠩᠭᠠᠬᠤ ᠬᠡᠷᠡᠭᠲᠡᠢ᠃ ᠬᠡᠷᠡᠭ ᠡᠷᠬᠢᠯᠡᠬᠦ ᠵᠦᠭᠯᠡᠭᠦᠷ | ᠨᠢ ᠡᠭᠦᠷᠭᠡ ᠴᠢᠳᠠᠪᠤᠷᠢ ᠶᠢᠨ ᠲᠣᠬᠢᠷᠠᠭᠤᠯᠤᠯᠲᠠ ᠶᠢ ᠲᠠᠭᠠᠨ ᠲᠣᠬᠢᠷᠠᠭᠤᠯᠤᠯᠲᠠ ᠬᠢᠵᠦ᠂ ᠵᠥᠪ ᠣᠨᠣᠪᠴᠢᠲᠠᠶ | ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ | ᠲᠦᠷᠪᠡ ᠳᠤ ᠵᠠᠰᠠᠭ ᠤᠨ ᠣᠷᠳᠣᠨ ᠤ ᠰᠦᠯᠵᠢᠶ᠎ᠡ ᠶᠢ ᠡᠷᠴᠢᠮᠵᠢᠭᠦᠯᠦᠨ ᠪᠠᠶᠢᠭᠤᠯᠬᠤ ᠶᠢ ᠡᠮᠬᠢ | ᠵᠢᠷᠤᠮ ᠲᠠᠢ ᠪᠠᠷ ᠲᠦᠯᠬᠢᠨ ᠠᠬᠢᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠵᠠᠰᠠᠭ ᠤᠨ | ᠣᠷᠳᠣᠨ ᠤ ᠰᠦᠯᠵᠢᠶ᠎ᠡ ᠶᠢ ᠭᠤᠣᠯᠯᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠨ᠂ ᠬᠦᠨᠳᠦ | ᠨᠣᠴᠢᠲᠠᠶ ᠠᠰᠠᠭᠤᠳᠠᠯ ᠣᠷᠤᠰᠢᠵᠤ ᠪᠠᠶᠢᠭ᠎ᠠ ᠰᠦᠯᠵᠢᠶ᠎ᠡ ᠶᠢ ᠬᠠᠭᠠᠨ ᠵᠣᠭᠰᠣᠭᠠᠵᠤ ᠴᠡᠭᠴᠡᠯᠡᠨ ᠥᠭᠡᠷᠡᠴᠢᠯᠡᠵᠦ᠂ | ᠠᠳᠠᠯᠢ ᠴᠢᠨᠠᠷ ᠠᠳᠠᠯᠢ ᠲᠦᠷᠦᠯ ᠤᠨ ᠪᠤᠯᠤᠩ ᠢ ᠨᠡᠶᠢᠯᠡᠭᠦᠯᠦᠨ ᠬᠠᠮᠢᠶᠠᠷᠴᠤ᠂ ᠲᠠᠷᠬᠠᠵᠤ ᠪᠠᠶᠢᠭ᠎ᠠ ᠡᠬᠢ ᠪᠠᠶᠠᠯᠢᠭ ᠢ | ᠡᠮᠬᠢᠳᠬᠡᠨ ᠨᠡᠶᠢᠯᠡᠭᠦᠯᠦᠨ ᠰᠢᠯᠵᠢᠭᠦᠯᠵᠦ᠂ ᠦᠨᠳᠦᠰᠦᠨ ᠱᠠᠲᠤᠨ ᠤ ᠵᠠᠰᠠᠭ ᠤᠨ ᠣᠷᠳᠣᠨ ᠤ ᠰᠦᠯᠵᠢᠶ᠎ᠡ ᠶᠢ | ᠬᠠᠮᠠᠭᠠᠯᠠᠬᠤ ᠴᠢᠳᠠᠯ ᠦᠭᠡᠢ ᠪᠠᠶᠢᠬᠤ ᠠᠰᠠᠭᠤᠳᠠᠯ ᠢ ᠡᠬᠢ ᠡᠭᠦᠰᠦᠯ ᠠᠴᠠ ᠨᠢ ᠰᠢᠢᠳᠪᠦᠷᠢᠯᠡᠬᠦ ᠬᠡᠷᠡᠭᠲᠡᠢ᠃ | ᠲᠠᠪᠤ ᠳᠤ ᠵᠠᠰᠠᠭ ᠤᠨ ᠣᠷᠳᠣᠨ ᠤ ᠰᠦᠯᠵᠢᠶᠡᠨ ᠤ ᠪᠠᠶᠢᠩᠭᠤ ᠶᠢᠨ ᠬᠢᠨᠠᠯᠲᠠ ᠬᠠᠮᠢᠶᠠᠷᠤᠯᠲᠠ ᠶᠢᠨ | ᠲᠣᠭᠲᠠᠴᠠ ᠶᠢ ᠪᠠᠶᠢᠭᠤᠯᠬᠤ ᠬᠡᠷᠡᠭᠲᠡᠶ᠃ ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ ᠪᠠ ᠭᠤᠣᠯᠯᠠᠨ ᠬᠠᠮᠢᠶᠠᠷᠬᠤ | ᠭᠤᠣᠯᠯᠠᠨ ᠡᠷᠬᠢᠯᠡᠬᠦ ᠵᠠᠷᠴᠢᠮ ᠶᠣᠰᠣᠭᠠᠷ᠂ ᠡᠯ᠎ᠡ ᠠᠶᠢᠮᠠᠭ ᠬᠤᠲᠠ ᠶᠢᠨ ᠵᠠᠰᠠᠭ ᠤᠨ ᠣᠷᠳᠣᠨ ᠤ ᠠᠯᠪᠠᠨ ᠲᠢᠩᠬᠢᠮ ︵ | ᠠᠯᠪᠠᠨ ᠭᠡᠷ︶ ᠨᠢ ᠲᠤᠰ ᠭᠠᠵᠠᠷ ᠣᠷᠣᠨ ᠤ ᠪᠠᠨ ᠵᠠᠰᠠᠭ ᠤᠨ ᠣᠷᠳᠣᠨ ᠤ ᠰᠦᠯᠵᠢᠶ᠎ᠡ ᠶᠢ ᠬᠢᠨᠠᠨ ᠬᠠᠮᠢᠶᠠᠷᠬᠤ ᠶᠢ | ᠬᠠᠷᠢᠭᠤᠴᠠᠵᠦ᠂ ᠪᠠᠶᠢᠩᠭᠤ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠡᠳᠦᠷ ᠳᠣᠲᠣᠮ ᠤᠨ | ᠬᠢᠨᠠᠨ ᠬᠠᠮᠢᠶᠠᠷᠬᠤ ᠪᠠᠨ ᠴᠢᠩᠭᠠᠳᠬᠠᠨ᠂ ᠲᠤᠰ ᠭᠠᠵᠠᠷ ᠣᠷᠣᠨ ᠤ ᠪᠠᠨ ᠵᠠᠰᠠᠭ ᠤᠨ ᠣᠷᠳᠣᠨ ᠤ ᠰᠦᠯᠵᠢᠶ᠎ᠡ ᠶᠢᠨ | ᠪᠠᠶᠢᠳᠠᠯ ᠢ ᠴᠠᠭ ᠲᠤᠬᠠᠶ ᠳᠤᠨᠢ ᠡᠵᠡᠮᠰᠢᠵᠦ᠂ ᠴᠡᠭᠴᠡᠯᠡᠨ ᠵᠠᠰᠠᠬᠤ ᠶᠢ ᠨᠢ ᠰᠢᠮᠳᠠᠭᠤᠯᠤᠨ᠂ ᠬᠢᠷᠢ ᠲᠥᠪᠰᠢᠨ ᠢ ᠨᠢ | ᠳᠡᠭᠡᠭᠰᠢᠯᠡᠭᠦᠯᠬᠦ ᠬᠡᠷᠡᠭᠲᠡᠶ᠃ | ᠳᠠᠭᠠᠯᠳᠤᠭᠤᠯᠤᠯ᠄ 2017 ᠣᠨ ᠤ ᠨᠢᠭᠡᠳᠦᠭᠡᠷ ᠤᠯᠠᠷᠢᠯ ᠤᠨ ᠰᠤᠭᠤᠴᠠᠨ ᠪᠠᠶᠢᠴᠠᠭᠠᠯᠲᠠ ᠳᠤ | ᠢᠯᠡᠷᠡᠭᠦᠯᠦᠭᠰᠡᠨ ᠬᠢᠷᠢ ᠲᠡᠩᠴᠡᠭᠰᠡᠨ ᠦᠭᠡᠢ ᠵᠠᠰᠠᠭ ᠤᠨ ᠣᠷᠳᠣᠨ ᠤ ᠰᠦᠯᠵᠢᠶ᠎ᠡ ᠶᠢᠨ ᠨᠡᠷᠡᠰ | 2017 ᠣᠨ ᠤ 3 ᠳ᠋ᠤᠭᠠᠷ ᠰᠠᠷ᠎ᠠ ᠶᠢᠨ 17 ᠤ ᠡᠳᠦᠷ | ᠳᠠᠭᠠᠯᠳᠤᠭᠤᠯᠤᠯ᠄ | 2017 ᠣᠨ ᠤ ᠨᠢᠭᠡᠳᠦᠭᠡᠷ ᠤᠯᠠᠷᠢᠯ ᠤᠨ ᠰᠤᠭᠤᠴᠠᠨ ᠪᠠᠶᠢᠴᠠᠭᠠᠯᠲᠠ ᠳᠤ ᠢᠯᠡᠷᠡᠭᠦᠯᠦᠭᠰᠡᠨ ᠬᠢᠷᠢ | ᠲᠡᠩᠴᠡᠭᠰᠡᠨ ᠦᠭᠡᠢ ᠵᠠᠰᠠᠭ ᠤᠨ ᠣᠷᠳᠣᠨ ᠤ ᠰᠦᠯᠵᠢᠶ᠎ᠡ ᠶᠢᠨ ᠨᠡᠷᠡᠰ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠭᠤᠮᠠᠯ ᠢ ᠬᠠᠮᠠᠭᠠᠯᠠᠬᠤ ᠤᠷᠭᠤᠮᠠᠯ ᠤᠨ ᠭᠡᠮ | ᠬᠢᠵᠢᠭ ᠢ ᠪᠠᠶᠢᠴᠠᠭᠠᠬᠤ ᠰᠦᠯᠵᠢᠶ᠎ᠡ | ᠬᠥᠬᠡᠬᠤᠲᠠ ᠶᠢᠨ ᠬᠤᠲᠣᠩ ᠲᠣᠭᠤᠷᠢᠭ ᠤᠨ ᠰᠤᠷᠭᠠᠨ ᠬᠥᠮᠦᠵᠢᠯ ᠤᠨ ᠮᠡᠳᠡᠭᠡ ᠵᠠᠩᠭᠢ ᠶᠢᠨ ᠰᠦᠯᠵᠢᠶ᠎ᠡ | ᠦᠬᠠᠶ ᠬᠤᠳᠠ ᠶᠢᠨ ᠦᠨᠳᠦᠰᠦᠲᠡᠨ ᠤ ᠱᠠᠰᠢᠨ ᠰᠤᠷᠲᠠᠬᠤᠨ ᠤ ᠮᠣᠩᠭᠤᠯ ᠬᠡᠯᠡᠨ ᠤ ᠰᠦᠯᠵᠢᠶ᠎ᠡ | ᠤᠯᠠᠭᠠᠨᠬᠠᠳᠠ ᠶᠢᠨ ᠠᠵᠤ ᠦᠢᠯᠡᠳᠪᠦᠷᠢ ᠬᠤᠳᠠᠯᠳᠤᠭ᠎ᠠ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ | ᠲᠣᠪᠴᠢᠶ᠎ᠠ | ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠤᠯᠤᠰ ᠤᠨ ᠨᠤᠲᠤᠭ ᠳᠡᠪᠢᠰᠬᠡᠷ ᠤᠨ | ᠲᠣᠪᠴᠢᠶ᠎ᠠ | ᠲᠦᠩᠯᠢᠶᠣᠤ ᠬᠤᠲᠠ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ | ᠣᠷᠳᠣᠰ ᠬᠤᠲᠠ ᠶᠢᠨ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ | ᠬᠥᠯᠥᠨ ᠪᠤᠶᠢᠷ ᠬᠤᠲᠠ ᠶᠢᠨ ᠣᠶ ᠰᠢᠭᠤᠶ ᠶᠢᠨ ᠲᠣᠪᠴᠢᠶ᠎ᠠ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠶᠢᠨ ᠵᠠᠮ ᠬᠠᠷᠢᠯᠴᠠᠭᠠᠨ ᠤ ᠲᠣᠪᠴᠢᠶ᠎ᠠ | ᠲᠦᠴᠢᠦᠸᠠᠨ ᠰᠢᠶᠠᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ᠡᠷᠢᠶᠡᠨ ᠬᠤᠲᠠ ᠶᠢᠨ ᠵᠠᠮ ᠲᠡᠭᠡᠭᠡᠪᠦᠷᠢ ᠶᠢᠨ ᠵᠠᠰᠠᠭ ᠤᠨ ᠶᠠᠪᠤᠳᠠᠯ ᠤᠨ ᠰᠦᠯᠵᠢᠶ᠎ᠡ | ᠠᠯᠠᠱᠠ ᠠᠶᠢᠮᠠᠭ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ |