ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠨᠡᠶᠢᠭᠡᠮ ᠠᠴᠠ 4679 ᠨᠡᠷᠡᠰ ᠠᠯᠪᠠᠲᠠᠨ ︵ᠠᠯᠪᠠᠲᠠᠨ ᠤ ᠬᠠᠤᠯᠢ ᠪᠠᠷ ᠯᠠᠪᠯᠠᠯᠲᠠ ᠪᠣᠯᠭᠠᠨ ᠬᠠᠮᠢᠶᠠᠷᠬᠤ ᠠᠵᠢᠯᠲᠠᠨ︶  ᠡᠯᠰᠡᠬᠦ ᠪᠠᠷ ᠪᠤᠢ
ᠨᠡᠶᠢᠲᠡᠯᠡᠭᠰᠡᠨ ᠴᠠᠭ᠄
2017/3/21
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠯᠪᠠᠲᠠᠨ ᠤ ᠲᠣᠪᠴᠢᠶ᠎ᠠ 3 ᠳ᠋ᠤᠭᠠᠷ ᠰᠠᠷ᠎ᠠ ᠶᠢᠨ 18 ᠤ ᠦᠳᠡ ᠶᠢᠨ ᠡᠮᠦᠨ᠎ᠡ ᠬᠠᠮᠲᠤᠷᠠᠨ ᠮᠡᠳᠡᠭᠡ ᠨᠡᠶᠢᠲᠡᠯᠡᠭᠰᠡᠨ ᠨᠢ᠂ ᠠᠵᠢᠯ ᠤᠨ ᠬᠡᠷᠡᠭᠴᠡᠭᠡ ᠪᠠᠨ ᠦᠨᠳᠦᠰᠦᠯᠡᠭᠡᠳ᠂ ᠪᠦᠬᠦ ᠣᠷᠣᠨ ᠤ 2017 ᠣᠨ ᠤ ᠨᠠᠮ ᠵᠠᠰᠠᠭ ᠤᠯᠠᠨ ᠲᠦᠮᠡᠨ ᠤ ᠪᠠᠶᠢᠭᠤᠯᠭ᠎ᠠ ᠶᠢᠨ ᠠᠯᠪᠠᠲᠠᠨ ᠪᠠ ᠠᠯᠪᠠᠲᠠᠨ ᠤ ᠬᠠᠣᠯᠢ ᠪᠠᠷ ᠯᠠᠪᠯᠠᠯᠲᠠ ᠪᠣᠯᠭᠠᠨ ᠬᠠᠮᠢᠶᠠᠷᠬᠤ ᠨᠢᠭᠡᠴᠡ ᠶᠢᠨ ᠠᠵᠢᠯᠲᠠᠨ ᠰᠢᠯᠭᠠᠨ ᠡᠯᠰᠡᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠᠷ ᠲᠣᠭᠲᠠᠪᠠ᠃ ᠡᠨᠡ ᠤᠳᠠᠭ᠎ᠠ ᠶᠢᠨ ᠠᠯᠪᠠᠲᠠᠨ ᠰᠢᠯᠭᠠᠨ ᠡᠯᠰᠡᠯᠲᠡ ᠨᠢ ᠨᠡᠶᠢᠭᠡᠮ ᠠᠴᠠ ᠠᠯᠪᠠᠲᠠᠨ ᠪᠠ ᠠᠯᠪᠠᠲᠠᠨ ᠤ ᠬᠠᠤᠯᠢ ᠪᠠᠷ ᠯᠠᠪᠯᠠᠯᠲᠠ ᠪᠣᠯᠭᠠᠨ ᠬᠠᠮᠢᠶᠠᠷᠬᠤ ᠨᠢᠭᠡᠴᠡ ᠶᠢᠨ ᠠᠵᠢᠯᠳᠠᠨ ᠨᠡᠶᠢᠳᠡ 4679 ᠬᠥᠮᠦᠨ ᠡᠯᠰᠡᠬᠦ ᠪᠠᠷ ᠲᠥᠯᠥᠪᠯᠡᠪᠡ᠂ ᠡᠭᠦᠨ  ᠳᠤ ᠥᠪᠡᠷᠲᠡᠭᠡᠨ ᠵᠠᠰᠠᠬᠤ ᠣᠷᠣᠨ ᠤ ᠨᠠᠮ ᠪᠠ ᠤᠯᠠᠨ ᠲᠦᠮᠡᠨ᠂ ᠬᠠᠣᠯᠢ ᠴᠠᠭᠠᠵᠠ ᠪᠠ ᠪᠠᠶᠢᠴᠠᠭᠠᠬᠤ ᠰᠢᠰᠲ᠋ᠧᠮ 1005 ᠬᠥᠮᠦᠨ ᠡᠯᠰᠡᠵᠦ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠢᠰᠲ᠋ᠧᠮ 3674 ᠬᠥᠮᠦᠨ ᠡᠯᠰᠡᠨ᠎ᠡ᠃  ᠣᠶᠢᠯᠠᠭᠠᠭᠰᠠᠨ ᠢᠶᠠᠷ᠂ ᠲᠣᠰ ᠤᠳᠠᠭᠠᠨ ᠤ ᠡᠯᠰᠡᠯᠲᠡ ᠶᠢᠨ ᠰᠢᠯᠭᠠᠯᠲᠠ ᠨᠢ ᠰᠦᠯᠵᠢᠶᠡᠨ ᠳᠡᠭᠡᠷ᠎ᠡ  ᠨᠡᠷ᠎ᠡ ᠮᠡᠳᠡᠭᠦᠯᠬᠦ ᠬᠡᠯᠪᠡᠷᠢ ᠪᠠᠷ ᠶᠠᠪᠤᠭᠳᠠᠵᠤ᠂ ᠥᠪᠥᠷ ᠮᠣᠩᠭᠤᠯ ᠤᠨ ᠠᠵᠢᠯᠲᠠᠨ ᠤ ᠶᠠᠪᠤᠳᠠᠯ ᠤᠨ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ︵ᠰᠦᠯᠵᠢᠶᠡᠨ ᠤ ᠬᠠᠶ᠋ᠢᠭ  ᠄http://www.impta.com︶ ᠳᠤ ᠨᠡᠷ᠎ᠡ ᠮᠡᠳᠡᠭᠦᠯᠵᠦ᠂ ᠨᠡᠷ᠎ᠡ ᠮᠡᠳᠡᠭᠦᠯᠬᠦ ᠬᠥᠮᠦᠰ 2017 ᠣᠨ ᠤ 3 ᠳ᠋ᠤᠭᠠᠷ ᠰᠠᠷ᠎ᠠ ᠶᠢᠨ 23 ᠤ ᠡᠳᠦᠷ ᠤᠨ 9 ᠴᠠᠭ ᠠᠴᠠ 3 ᠳ᠋ᠤᠭᠠᠷ ᠰᠠᠷ᠎ᠠ ᠶᠢᠨ 29 ᠤ ᠡᠳᠦᠷ ᠤᠨ 17 ᠴᠠᠭ ᠪᠣᠯᠲᠠᠯ᠎ᠠ ᠨᠡᠷ᠎ᠡ ᠮᠡᠳᠡᠭᠦᠯᠬᠦ ᠭᠤᠶᠤᠴᠢᠯᠠᠯ ᠢᠶᠠᠨ ᠲᠤᠰᠢᠶᠠᠨ᠎ᠠ᠃ ᠪᠢᠷ ᠤᠨ ᠰᠢᠯᠭᠠᠯᠲᠠ ᠶᠢᠨ ᠴᠠᠭ ᠨᠢ 4 ᠳ᠋ᠦ᠋ᠭᠡᠷ ᠰᠠᠷ᠎ᠠ ᠶᠢᠨ 22 ᠤᠨ ᠡᠳᠦᠷ ᠪᠠ 23 ᠤ ᠡᠳᠦᠷ᠂ ᠣᠯᠠᠨ ᠨᠡᠶᠢᠲᠡ ᠶᠢᠨ ᠪᠢᠷ ᠤᠨ ᠰᠢᠯᠭᠠᠯᠲᠠ ᠳᠤ ︽ᠵᠠᠰᠠᠭ ᠵᠠᠬᠢᠷᠭᠠᠨ ᠤ ᠠᠵᠢᠯ ᠮᠡᠷᠭᠡᠵᠢᠯ ᠤᠨ ᠴᠢᠳᠠᠪᠤᠷᠢ ᠶᠢᠨ ᠪᠠᠶᠢᠴᠠᠭᠠᠯᠲᠠ︾ ᠪᠣᠯᠣᠨ ︽ ᠰᠢᠭᠦᠨ ᠦᠭᠦᠯᠡᠬᠦᠶ︾ ᠬᠤᠶᠠᠷ ᠲᠥᠷᠥᠯ ᠰᠢᠯᠭᠠᠵᠤ᠂ ᠪᠤᠶ ᠪᠦᠬᠦᠢ ᠰᠢᠯᠭᠠᠭᠤᠯᠤᠭᠰᠠᠳ ᠡᠷᠬᠡᠪᠰᠢ ᠡᠨᠡ ᠬᠤᠶᠠᠷ ᠲᠥᠷᠥᠯ ᠤᠨ ᠰᠢᠯᠭᠠᠯᠲᠠ ᠳᠤ ᠣᠷᠣᠯᠴᠠᠵᠤ᠂  ᠲᠤᠰ ᠬᠤᠶᠠᠷ ᠲᠥᠷᠥᠯ  ᠳᠤ ᠴᠦᠮ ᠮᠣᠩᠭᠤᠯ ᠬᠢᠲᠡᠳ ᠬᠤᠶᠠᠷ ᠬᠡᠯᠡᠨ ᠤ ᠰᠢᠯᠭᠠᠯᠲᠠ ᠶᠢᠨ ᠬᠠᠭᠤᠳᠠᠰᠤ ᠬᠠᠩᠭᠠᠨ᠎ᠠ᠃  ᠪᠢᠷ ᠤᠨ ᠰᠢᠯᠭᠠᠯᠲᠠ ᠶᠢᠨ ᠰᠢᠯᠭᠠᠭᠤᠯᠬᠤ ᠴᠢᠭ᠋ ᠢ 12 ᠠᠶᠢᠮᠠᠭ ᠬᠤᠲᠠ ᠶᠢᠨ ᠵᠠᠰᠠᠭ ᠤᠨ ᠣᠷᠳᠣᠨ ᠪᠣᠯᠣᠨ ᠵᠠᠬᠢᠷᠭ᠎ᠠ ᠶᠢᠨ ᠪᠠᠶᠢᠭ᠎ᠠ ᠭᠠᠵᠠᠷ ᠲᠤ ᠲᠣᠬᠢᠷᠠᠭᠤᠯᠤᠨ᠂ ᠪᠣᠳᠠᠲᠠᠶ ᠬᠠᠶ᠋ᠢᠭ ᠢ ᠰᠢᠯᠭᠠᠭᠤᠯᠬᠤ ᠦᠨᠡᠮᠯᠡᠯ ᠠᠴᠠ ᠦᠵᠡᠭᠡᠷᠡᠢ᠃ ᠰᠢᠯᠭᠠᠭᠤᠯᠤᠭᠴᠢ ᠰᠢᠯᠭᠠᠭᠤᠯᠬᠤ  ᠦᠨᠡᠮᠯᠡᠯ᠂ ᠪᠡᠶ᠎ᠡ ᠶᠢᠨ ᠦᠨᠡᠮᠯᠡᠯ ︵ᠪᠤᠶᠤ ᠫᠠᠰᠫᠣᠷᠲ︶ ᠢᠶᠠᠨ ᠠᠪᠴᠤ ᠰᠢᠯᠭᠠᠯᠲᠠ ᠳᠤ ᠣᠷᠣᠯᠴᠠᠬᠤ ᠬᠡᠷᠡᠭᠲᠡᠢ᠃ ᠪᠢᠷ ᠤᠨ ᠰᠢᠯᠭᠠᠯᠲᠠ ᠲᠡᠭᠦᠰᠦᠭᠰᠡᠨ ᠤ ᠲᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠠᠯᠪᠠᠲᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠨᠠᠭᠠᠳᠤ ᠵᠠᠬ᠎ᠠ ᠶᠢᠨ ᠬᠢᠷᠢ ᠲᠡᠩᠴᠡᠭᠦ ᠬᠤᠪᠢ ᠶᠢᠨ ᠬᠢᠵᠠᠭᠠᠷ ᠱᠤᠭᠤᠮ ᠢ ᠰᠤᠳᠤᠯᠤᠨ ᠲᠣᠭᠲᠠᠭᠠᠨ᠎ᠠ᠃ ᠰᠢᠯᠭᠠᠯᠲᠠ ᠳᠤ ᠨᠡᠷ᠎ᠡ ᠮᠡᠳᠡᠭᠦᠯᠦᠭᠴᠢ ᠥᠪᠥᠷ ᠮᠣᠩᠭᠤᠯ ᠤᠨ ᠠᠵᠢᠯᠲᠠᠨ ᠤ ᠶᠠᠪᠤᠳᠠᠯ ᠤᠨ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ︵http://www.impta.com︶ ᠳᠤ ᠭᠠᠷᠴᠤ ᠰᠢᠯᠭᠠᠨ ᠡᠯᠰᠡᠬᠦ ᠲᠣᠪᠴᠢ ᠳᠦᠷᠢᠮ ᠪᠠ ᠰᠢᠯᠭᠠᠨ ᠡᠯᠰᠡᠬᠦ ᠲᠤᠰᠢᠶᠠᠯ ᠤᠨ  ᠣᠷᠣᠨ ᠪᠠᠶᠢᠷᠢ ᠶᠢᠨ ᠨᠠᠷᠢᠨ ᠪᠠᠶᠢᠳᠠᠯ ᠢ ᠯᠠᠪᠯᠠᠭᠠᠷᠠᠢ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号