ᠥᠪᠥᠷ ᠮᠣᠩᠭᠤᠯ ᠤᠨ ᠠᠩᠬᠠᠳᠠᠭᠴᠢ ᠠᠵᠤ ᠦᠢᠯᠡᠳᠪᠦᠷᠢ ᠶᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠢ ᠬᠦᠭᠵᠢᠬᠦᠯᠬᠦ ᠶᠢ ᠦᠨᠡᠯᠡᠬᠦ ᠲᠥᠪ ᠠᠵᠢᠯ ᠢᠶᠠᠨ ᠡᠬᠢᠯᠡᠭᠦᠯᠪᠡ
ᠨᠡᠶᠢᠲᠡᠯᠡᠭᠰᠡᠨ ᠴᠠᠭ᠄
2017/3/23
      3 ᠳ᠋ᠤᠭᠠᠷ ᠰᠠᠷ᠎ᠠ ᠶᠢᠨ 22᠎ ᠤᠨ ᠡᠳᠦᠷ᠂ ᠮᠠᠨ ᠤ ᠣᠷᠣᠨ ᠤ ᠴᠣᠷ ᠤᠨ ᠭᠠᠭᠴᠠ ᠠᠵᠤ ᠦᠶᠯᠡᠳᠪᠦᠷᠢ ᠮᠡᠳᠡᠭᠡ ᠵᠠᠩᠭᠢᠵᠢᠯᠲᠠ ᠶᠢᠨ ᠶᠠᠮᠤᠨ ᠤ ᠲᠤᠭᠲᠠᠭᠠᠭᠰᠠᠨ ᠠᠵᠤ ᠦᠢᠯᠡᠳᠪᠦᠷᠢ ᠶᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠢ ᠬᠦᠭᠵᠢᠬᠦᠯᠬᠦ ᠶᠢ ᠦᠨᠡᠯᠡᠬᠦ ᠲᠥᠪ ᠠᠵᠢᠯ ᠢᠶᠠᠨ ᠡᠬᠢᠯᠡᠭᠦᠯᠪᠡ᠃      ᠤᠶᠢᠯᠠᠭᠠᠭᠰᠠᠨ ᠢᠶᠠᠷ᠂ ︽ᠳᠤᠮᠳᠠᠳᠤ ᠤᠯᠤᠰ ᠦᠢᠯᠡᠳᠬᠦ 2025︾᠎ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠨᠧᠷᠭᠢ ᠠᠷᠪᠢᠯᠠᠬᠤ ᠪᠠ ᠪᠣᠬᠢᠷᠲᠤᠯ ᠦᠭᠡᠢ ᠬᠦᠭᠵᠢᠬᠦᠯᠬᠦ ᠪᠠᠶᠢᠭᠤᠯᠤᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠪᠣᠬᠢᠷᠲᠤᠯ ᠦᠭᠡᠢ ᠦᠢᠯᠡᠴᠢᠯᠡᠬᠦ ᠴᠢᠳᠠᠮᠵᠢ ᠶᠢ ᠴᠢᠩᠭᠠᠷᠠᠭᠤᠯᠵᠤ᠂ ᠠᠵᠤ ᠦᠢᠯᠡᠳᠪᠦᠷᠢ ᠶᠢᠨ ᠪᠣᠬᠢᠷᠲᠤᠯ ᠦᠭᠡᠢ ᠬᠥᠭᠵᠢᠯᠲᠡ ᠶᠢ ᠲᠦᠷᠭᠡᠳᠭᠡᠨ ᠠᠬᠢᠭᠤᠯᠬᠤ ᠶᠢᠨ ᠲᠤᠯᠠᠳᠠ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠶᠠᠮᠤᠨ ᠠᠴᠠ ᠤᠯᠤᠰ ᠤᠨ ᠠᠩᠬᠠᠳᠠᠭᠴᠢ ᠪᠦᠯᠦᠭ ᠠᠵᠤ ᠦᠢᠯᠡᠳᠪᠦᠷᠢ ᠶᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠢ ᠬᠦᠭᠵᠢᠬᠦᠯᠬᠦ ᠶᠢ ᠦᠨᠡᠯᠡᠬᠦ ᠲᠦᠪ ᠢ ᠲᠤᠭᠲᠠᠭᠠᠭᠰᠠᠨ ᠪᠠᠶᠢᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠮᠦᠷᠯᠢᠭ ᠤᠨ ᠰᠤᠳᠤᠯᠭᠠᠨ ᠤ ᠬᠦᠷᠢᠶᠡᠯᠡᠩ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠮᠦᠷᠯᠢᠭ ᠦᠢᠯᠡᠳᠬᠦᠨ ᠤ ᠶᠠᠰᠤ ᠴᠢᠨᠠᠷ ᠢ ᠰᠢᠯᠭᠠᠨ ᠪᠠᠶᠢᠴᠠᠭᠠᠬᠤ ᠭᠠᠵᠠᠷ︶᠎ ᠨᠢ ᠨᠡᠷ᠎ᠡ ᠳᠤᠷᠠᠳᠤᠭᠳᠠᠵᠤ᠂ ᠤᠯᠤᠰ ᠠᠴᠠ ᠦᠨᠡᠮᠰᠢᠨ ᠲᠣᠭᠲᠠᠭᠠᠭᠰᠠᠨ ᠮᠠᠨ ᠤ ᠣᠷᠣᠨ ᠤ ᠴᠣᠷ ᠤᠨ ᠭᠠᠭᠴᠠ ᠠᠵᠤ ᠦᠢᠯᠡᠳᠪᠦᠷᠢ ᠶᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠢ ᠬᠦᠭᠵᠢᠬᠦᠯᠬᠦ ᠶᠢ ᠦᠨᠡᠯᠡᠬᠦ ᠲᠦᠪ ᠪᠤᠯᠪᠠ᠃      ᠲᠠᠨᠢᠯᠴᠠᠭᠤᠯᠤᠭᠰᠠᠨ ᠢᠶᠠᠷ᠂ ᠠᠵᠤ ᠦᠢᠯᠡᠳᠪᠦᠷᠢ ᠶᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠢ ᠬᠦᠭᠵᠢᠬᠦᠯᠬᠦ ᠶᠢ ᠦᠨᠡᠯᠡᠬᠦ ᠲᠥᠪ ᠨᠢ ᠥᠪᠡᠷᠲᠡᠭᠡᠨ ᠵᠠᠰᠠᠬᠤ ᠣᠷᠣᠨ ᠤ ᠲᠡᠮᠦᠷᠯᠢᠭ ᠤᠨ ᠰᠤᠳᠤᠯᠭᠠᠨ ᠤ ᠬᠦᠷᠢᠶᠡᠯᠡᠩ ᠢᠶᠠᠷ ᠭᠤᠣᠯ ᠮᠡᠷᠭᠡᠵᠢᠯ ᠤᠨ ᠲᠤᠯᠭᠠᠭᠤᠷᠢᠯᠠᠯ ᠪᠤᠯᠭᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠦᠭᠡᠢ ᠦᠢᠯᠡᠳᠬᠦ ᠰᠢᠰᠲ᠋ᠧᠮᠵᠢ ᠶᠢᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ︾᠎ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠠᠵᠤ ᠦᠢᠯᠡᠳᠪᠦᠷᠢ ᠶᠢᠨ ᠪᠣᠬᠢᠷᠲᠤᠯ ᠦᠭᠡᠢ ᠬᠦᠭᠵᠢᠬᠦᠯᠬᠦ ᠲᠡᠷᠢᠭᠦᠨ ᠤ ᠤᠨᠤᠯᠵᠢᠬᠤᠨ ᠢ ᠪᠠᠷᠢᠮᠲᠠᠯᠠᠵᠤ᠂  ᠪᠤᠬᠢᠷᠳᠤᠯ ᠦᠭᠡᠢ ᠶᠢ ᠦᠨᠡᠯᠡᠬᠦ ᠪᠠᠷᠢᠮᠵᠢᠶ᠎ᠠ ᠪᠣᠯᠤᠨ ᠲᠥᠰᠦᠯ ᠢ ᠲᠣᠭᠲᠠᠭᠠᠵᠤ᠂ ᠰᠤᠳᠤᠯᠤᠯᠲᠠ ᠯᠠᠪᠯᠠᠯᠭ᠎ᠠ ᠬᠢᠬᠦ᠂ ᠬᠢᠨᠠᠨ ᠬᠠᠷᠭᠤᠭᠤᠯᠵᠤ ᠰᠢᠯᠭᠠᠨ ᠪᠠᠶᠢᠴᠠᠭᠠᠬᠤ ᠪᠠᠷ ᠲᠠᠮᠵᠢᠨ ︽ᠬᠡᠷᠡᠭᠵᠢᠭᠦᠯᠬᠦ ᠲᠥᠰᠦᠯ︾᠎ ᠳᠤ ᠳᠤᠷᠠᠳᠤᠭᠰᠠᠨ ᠬᠠᠷᠠᠯᠲᠠ ᠶᠢ ᠪᠡᠶᠡᠯᠡᠭᠦᠯᠵᠤ᠂ ᠠᠵᠤ ᠦᠢᠯᠡᠳᠪᠦᠷᠢ ᠶᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠢ ᠬᠦᠭᠵᠢᠬᠦᠯᠬᠦ ᠰᠢᠰᠲ᠋ᠧᠮᠵᠢ ᠶᠢᠨ ᠪᠠᠶᠢᠭᠤᠯᠤᠯᠲᠠ ᠶᠢ ᠠᠯᠬᠤᠮ ᠠᠯᠬᠤᠮ ᠲᠡᠭᠦᠯᠳᠡᠷᠵᠢᠭᠦᠯᠬᠦ ᠪᠤᠯᠤᠨ᠎ᠠ︔ ᠠᠵᠤ ᠦᠢᠯᠡᠳᠪᠦᠷᠢ ᠶᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠢ ᠬᠦᠭᠵᠢᠬᠦᠯᠬᠦ ᠲᠠᠪᠴᠠᠩ ᠢ ᠰᠢᠨᠵᠢᠯᠡᠬᠦ ᠤᠬᠠᠭᠠᠨᠴᠢ᠂ ᠪᠤᠰᠤᠳᠴᠢ᠂ ᠲᠥᠪ ᠭᠤᠣᠯᠴᠢ ᠪᠠᠷ ᠰᠠᠶᠢᠲᠤᠷ ᠠᠰᠢᠭᠯᠠᠨ᠂ ᠮᠠᠨ ᠤ ᠣᠷᠣᠨ ᠤ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠠᠵᠢᠯ ᠲᠦᠷᠦᠯ ᠤᠨ ᠳᠤᠮᠳᠠ ᠵᠢᠵᠢᠭ ᠬᠡᠯᠪᠡᠷᠢ ᠶᠢᠨ ᠠᠵᠤ ᠠᠬᠤᠶᠢᠯᠠᠯ ᠳᠤ ᠡᠨᠧᠷᠭᠢ ᠶᠢ ᠬᠢᠨᠠᠨ ᠪᠤᠳᠤᠬᠤ᠂ ᠦᠨᠡᠯᠡᠨ ᠵᠢᠱᠢᠬᠦ᠂ ᠪᠠᠶᠢᠴᠠᠭᠠᠨ ᠬᠡᠮᠵᠢᠬᠦ᠂ ᠣᠷᠴᠢᠨ ᠠᠬᠤᠶ ᠶᠢ ᠬᠠᠮᠠᠭᠠᠯᠠᠬᠤ ᠮᠡᠷᠭᠡᠵᠢᠯ ᠤᠨ ᠵᠥᠪᠯᠡᠯᠭᠡ ᠦᠭᠭᠦ᠂ ᠴᠡᠪᠡᠷ ᠦᠢᠯᠡᠳᠪᠦᠷᠢᠯᠡᠯ ᠢ ᠬᠢᠨᠠᠨ ᠬᠠᠷᠭᠤᠭᠤᠯᠬᠤ᠂ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠵᠥᠪᠯᠡᠯᠭᠡ ᠥᠭᠬᠦ ᠵᠡᠷᠭᠡ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠢ ᠬᠠᠪᠰᠤᠷᠤᠨ ᠪᠤᠬᠢᠷᠳᠤᠯ ᠦᠭᠡᠢ ᠮᠡᠷᠭᠡᠵᠢᠯ ᠢ ᠠᠰᠢᠭᠯᠠᠵᠤ᠂ ᠪᠣᠬᠢᠷᠲᠤᠯ ᠦᠭᠡᠢ ᠬᠠᠮᠢᠶᠠᠷᠤᠯᠲᠠ ᠶᠢ ᠬᠡᠷᠡᠭᠵᠢᠭᠦᠯᠵᠦ᠂ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ᠂ ᠥᠪᠡᠷ ᠤᠨ ᠥᠷᠲᠡᠭ ᠢ ᠪᠠᠭᠤᠷᠠᠭᠤᠯᠵᠤ ᠦᠷ᠎ᠡ ᠠᠰᠢᠭ ᠢ ᠨᠡᠮᠡᠭᠳᠡᠭᠦᠯᠬᠦ᠂  ᠪᠤᠬᠢᠷᠳᠤᠯ ᠦᠭᠡᠢ ᠬᠦᠭᠵᠢᠬᠦᠯᠬᠦ ᠶᠢ ᠪᠡᠶᠡᠯᠡᠬᠦᠯᠬᠦ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号