ᠥᠪᠥᠷ ᠮᠣᠩᠭᠤᠯ ᠤᠨ ᠠᠩᠬᠠᠳᠠᠭᠴᠢ ᠭᠠᠵᠠᠷ ᠳᠣᠣᠷᠠᠬᠢ ᠲᠡᠮᠦᠷ ᠵᠠᠮ ᠤᠨ ︽ᠲᠠᠯ᠎ᠠ ᠨᠤᠲᠤᠭ ᠤᠨ ᠪᠦᠷᠭᠦᠳ ᠨᠡᠷᠡᠮᠵᠢᠲᠦ︾ ᠪᠠᠮᠪᠠᠢ ᠦᠷᠦᠮᠳᠡᠭᠦᠷ ᠮᠠᠰᠢᠨ ᠠᠵᠢᠯ ᠢᠶᠠᠨ ᠡᠬᠢᠯᠡᠭᠦᠯᠪᠡ
ᠨᠡᠶᠢᠲᠡᠯᠡᠭᠰᠡᠨ ᠴᠠᠭ᠄
2017/3/23
       
                   ᠡᠬᠢᠯᠡᠬᠦ ᠶᠣᠰᠣᠯᠠᠯ ᠤᠨ ᠠᠬᠤᠶ ᠲᠠᠯᠠᠪᠠᠶ 
                   ᠬᠤᠳᠳᠤᠭ ᠥᠷᠥᠮᠳᠡᠵᠦ ᠪᠠᠶᠢᠭ᠎ᠠ
                   ᠠᠵᠢᠯᠯᠠᠬᠤ ᠪᠠᠷ ᠪᠡᠯᠡᠳᠬᠡᠵᠦ ᠪᠠᠶᠢᠭ᠎ᠠ            3 ᠳ᠋ᠤᠭᠠᠷ ᠰᠠᠷ᠎ᠠ ᠶᠢᠨ 20 ᠤ ᠡᠳᠦᠷ ᠬᠥᠬᠡᠬᠤᠲᠠ ᠶᠢᠨ ᠭᠠᠵᠠᠷ ᠳᠣᠣᠷᠠᠬᠢ ᠲᠡᠮᠦᠷ ᠵᠠᠮ ᠤᠨ ᠠᠩᠬᠠᠨ ᠤ ᠪᠠᠮᠪᠠᠢ ᠦᠷᠦᠮᠳᠡᠭᠦᠷ ᠮᠠᠰᠢᠨ ︽ᠲᠠᠯ᠎ᠠ ᠨᠤᠲᠤᠭ ᠤᠨ ᠪᠦᠷᠭᠦᠳ ᠨᠡᠷᠡᠮᠵᠢᠲᠦ︾ ᠳᠤᠮᠳᠠᠳᠤ ᠤᠯᠤᠰ ᠤᠨ ᠲᠡᠮᠦᠷ ᠵᠠᠮ ᠤᠨ ᠠᠷᠪᠠᠳᠤᠭᠠᠷ ᠲᠣᠪᠴᠢᠶ᠎ᠠ ᠶᠢᠨ ᠭᠠᠵᠠᠷ ᠳᠣᠣᠷᠠᠬᠢ ᠲᠡᠮᠦᠷ ᠵᠠᠮ ᠤᠨ ᠨᠢᠭᠡᠳᠦᠭᠡᠷ ᠱᠤᠭᠤᠮ ᠤᠨ ᠬᠥᠬᠡᠬᠤᠲᠠ ᠶᠢᠨ ᠪᠣᠯᠣᠳ ᠲᠡᠮᠦᠷ ᠵᠡᠭᠦᠨ ᠵᠠᠮ ᠤᠨ ᠦᠷᠳᠡᠭᠡ ᠳᠤ ᠤᠷᠤᠭᠰᠢᠲᠠᠶ ᠪᠠᠷ ᠠᠵᠢᠯ ᠡᠬᠢᠯᠡᠭᠦᠯᠪᠡ᠂ ᠡᠨᠡ  ᠨᠢ ᠭᠠᠵᠠᠷ ᠳᠣᠣᠷᠠᠬᠢ ᠲᠡᠮᠦᠷ ᠵᠠᠮ ᠤᠨ ᠨᠢᠭᠡᠳᠦᠭᠡᠷ ᠱᠤᠭᠤᠮ ᠨᠢ ᠥᠷᠲᠡᠭᠡ ᠴᠢᠭ᠋ ᠤᠨ ᠬᠤᠭᠤᠷᠤᠨᠳᠤᠬᠢ ᠪᠠᠷᠢᠯᠭ᠎ᠠ ᠶᠢᠨ ᠠᠵᠢᠯ ᠤᠨ ᠬᠥᠰᠢᠭᠡ ᠪᠠᠨ ᠵᠢᠩᠬᠢᠨᠢ ᠪᠠᠷ ᠨᠡᠭᠡᠭᠡᠭᠰᠡᠨ ᠢ ᠬᠠᠷᠠᠭᠤᠯᠪᠠ᠃ ᠰᠡᠭᠦᠯᠡᠷ ᠪᠠᠰᠠ 9 ᠰᠠᠤᠷᠢ ᠪᠠᠮᠪᠠᠢ ᠦᠷᠦᠮᠳᠡᠭᠦᠷ ᠮᠠᠰᠢᠨ ᠢ ᠬᠥᠬᠡᠬᠤᠲᠠ ᠶᠢᠨ ᠭᠠᠵᠠᠷ ᠳᠣᠣᠷᠠᠬᠢ ᠲᠡᠮᠦᠷ ᠵᠠᠮ ᠤᠨ ᠨᠢᠭᠡᠳᠦᠭᠡᠷ ᠱᠤᠭᠤᠮ ᠤᠨ ᠪᠠᠷᠢᠯᠭ᠎ᠠ ᠳᠤ ᠣᠷᠣᠭᠤᠯᠬᠤ ᠪᠣᠯᠣᠨ᠎ᠠ᠃      ᠣᠶᠢᠯᠠᠭᠠᠭᠰᠠᠨ ᠢᠶᠠᠷ᠂ ᠭᠠᠵᠠᠷ ᠳᠣᠣᠷᠠᠬᠢ ᠲᠡᠮᠦᠷ ᠵᠠᠮ ᠤᠨ ᠨᠢᠭᠡᠳᠦᠭᠡᠷ ᠱᠤᠭᠤᠮ ᠨᠢ ᠬᠥᠬᠡᠬᠤᠲᠠ ᠶᠢᠨ ᠵᠠᠮᠲᠤ ᠵᠠᠮ ᠬᠠᠷᠢᠯᠴᠠᠭᠠᠨ ᠤ ᠱᠤᠭᠤᠮ ᠲᠣᠣᠷ ᠤᠨ ᠳᠤᠲᠤᠷ᠎ᠠ ᠨᠢᠷᠤᠭᠤᠪᠴᠢ ᠵᠠᠮ ᠱᠤᠭᠤᠮ ᠪᠣᠯᠣᠭᠰᠠᠨ ᠤ ᠬᠤᠪᠢ  ᠳᠤ᠂ ᠭᠠᠯᠲᠤ ᠲᠡᠷᠭᠡᠨ ᠦᠷᠳᠡᠭᠡ᠂ ᠰᠢᠨᠬᠤᠸᠠ ᠲᠠᠯᠠᠪᠠᠶ᠂ ᠨᠢᠰᠬᠡᠯ ᠤᠨ ᠪᠠᠭᠤᠳᠠᠯ ᠵᠡᠷᠭᠡ ᠬᠥᠮᠦᠰ ᠤᠯᠠᠨ ᠴᠤᠭᠯᠠᠷᠠᠬᠤ ᠣᠷᠣᠨ ᠪᠦᠰᠡ ᠶᠢ ᠬᠤᠯᠪᠣᠵᠤ᠂ ᠬᠥᠬᠡᠬᠤᠲᠠ ᠶᠢᠨ ᠬᠦᠴᠦᠷᠬᠡᠭ ᠶᠡᠭᠡ ᠵᠠᠮ ᠬᠠᠷᠢᠯᠴᠠᠭᠠᠨ ᠤ ᠭᠤᠣᠯ ᠰᠢᠰᠲ᠋ᠧᠮ ᠢ ᠪᠠᠶᠢᠭᠤᠯᠵᠤ᠂ ᠣᠷᠣᠨ ᠤ ᠲᠥᠪ ᠤᠨ ᠵᠠᠮ ᠬᠠᠷᠢᠯᠴᠠᠭᠠᠨ ᠤ ᠳᠠᠷᠤᠯᠲᠠ ᠶᠢ ᠶᠡᠭᠡ ᠪᠠᠷ ᠨᠠᠮᠳᠠᠭᠤᠯᠬᠤ ᠪᠣᠯᠣᠨ᠎ᠠ᠃      ᠬᠥᠬᠡᠬᠤᠲᠠ ᠶᠢᠨ ᠭᠠᠵᠠᠷ ᠳᠣᠣᠷᠠᠬᠢ ᠲᠡᠮᠦᠷ ᠵᠠᠮ ᠤᠨ ᠨᠢᠭᠡᠳᠦᠭᠡᠷ ᠱᠤᠭᠤᠮ ᠪᠣᠯ ᠤᠯᠤᠰ ᠤᠨ ᠳᠣᠲᠣᠭᠠᠳᠤ ᠳᠤ PPP ᠡᠵᠡᠩᠨᠡᠯᠲᠡ ᠶᠢᠨ ᠵᠠᠭᠪᠤᠷ ᠢ ᠵᠢᠩᠬᠢᠨᠢ ᠪᠠᠷ ᠬᠡᠷᠡᠭᠯᠡᠨ ᠪᠠᠶᠢᠭᠤᠯᠵᠤ ᠪᠠᠶᠢᠭ᠎ᠠ ᠠᠩᠬᠠᠳᠠᠭᠴᠢ ᠪᠠᠷᠢᠯᠭ᠎ᠠ ᠶᠢᠨ ᠲᠥᠷᠥᠯ ᠵᠦᠢᠯ ᠪᠣᠯᠬᠤ ᠪᠦᠭᠡᠳ ᠳᠤᠮᠳᠠᠳᠤ ᠤᠯᠤᠰ ᠤᠨ ᠲᠡᠮᠥᠷ ᠵᠠᠮ ᠤᠨ ᠪᠦᠯᠦᠭᠯᠡᠯ᠂ ᠬᠥᠬᠡᠬᠤᠲᠠ ᠶᠢᠨ ᠵᠠᠰᠠᠭ ᠤᠨ ᠣᠷᠳᠣᠨ ᠬᠠᠮᠲᠤᠪᠠᠷ ᠪᠠᠯᠠ ᠭᠠᠷᠭᠠᠨ ᠪᠥᠲᠥᠭᠡᠨ ᠪᠠᠶᠢᠭᠤᠯᠵᠤ ᠪᠠᠶᠢᠭ᠎ᠠ ᠶᠤᠮ᠂ ᠪᠦᠬᠦ ᠣᠷᠳᠣ ᠨᠢ 23.2 ᠺᠢᠯᠣᠮᠧᠲᠷ᠂ ᠶᠡᠷᠦᠩᠬᠡᠶ ᠪᠡᠯᠡ ᠣᠷᠣᠭᠤᠯᠤᠯᠲᠠ ᠨᠢ 177.65 ᠳ᠋ᠦᠩᠰᠢᠭᠤᠷ ᠲᠥᠭᠦᠷᠢᠭ ᠪᠠᠶᠢᠵᠤ᠂ 2020 ᠣᠨ ᠳᠤ ᠪᠠᠶᠢᠭᠤᠯᠵᠤ ᠳᠠᠭᠤᠰᠬᠠᠭᠠᠳ ᠲᠡᠷᠭᠡ ᠨᠡᠪᠲᠡᠷᠡᠭᠦᠯᠬᠦ ᠪᠠᠷ ᠲᠥᠯᠥᠪᠯᠡᠵᠦ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号