ᠮᠠᠨ ᠤ ᠤᠷᠤᠨ ᠤ 2017 ᠣᠨ ᠤ ᠤᠯᠤᠰ ᠤᠨ ᠨᠢᠬᠡᠳᠦᠯᠳᠡᠢ ᠰᠢᠯᠭᠠᠯᠳᠠ ᠶᠢᠨ ᠳᠠᠮᠢᠷ ᠤᠨ ᠰᠤᠷᠢᠯᠳᠠ ᠶᠢᠨ ᠴᠠᠭ ᠭᠠᠵᠠᠷ ᠢ ᠳᠤᠭᠳᠠᠭᠠᠪᠠ
ᠨᠡᠶᠢᠲᠡᠯᠡᠭᠰᠡᠨ ᠴᠠᠭ᠄
2017/3/23
     ᠰᠤᠷᠪᠤᠯᠵᠢᠯᠠᠭᠴᠢ ᠦᠪᠡᠷᠳᠡᠬᠡᠨ ᠵᠠᠰᠬᠠᠤ ᠤᠷᠤᠨ ᠤ ᠰᠤᠷᠭᠠᠨ ᠬᠦᠮᠦᠵᠢᠯ ᠤᠨ ᠰᠤᠷᠤᠭᠴᠢ ᠡᠯᠰᠡᠬᠦ ᠰᠢᠯᠭᠠᠯᠳᠠ ᠶᠢᠨ ᠲᠦᠪ ᠠᠴᠠ ᠤᠶᠢᠢᠯᠠᠭᠠᠭᠰᠠᠨ ᠢᠶᠠᠷ᠂ ᠮᠠᠨ ᠤ ᠤᠷᠤᠨ ᠤ 2017 ᠣᠨ ᠤ ᠤᠯᠤᠰ ᠤᠨ ᠨᠢᠬᠡᠳᠦᠯᠳᠡᠢ ᠰᠢᠯᠭᠠᠯᠳᠠ ᠶᠢᠨ ᠳᠠᠮᠢᠷ ᠤᠨ ᠰᠤᠷᠢᠯᠳᠠ ᠶᠢᠨ ᠴᠠᠭ ᠭᠠᠵᠠᠷ ᠢ ᠳᠤᠭᠳᠠᠭᠠᠭᠰᠠᠨ ᠪᠠᠶᠢᠢᠨ᠎ᠠ᠃      ᠦᠪᠦᠷ ᠮᠤᠩᠭᠤᠯ ᠤᠨ ᠰᠤᠷᠤᠭᠴᠢ ᠡᠯᠰᠡᠬᠦ ᠰᠢᠯᠭᠠᠯᠳᠠ ᠶᠢᠨ ᠵᠦᠪᠯᠡᠯ ᠤᠨ ᠬᠠᠮᠢᠶ᠎ᠠ ᠪᠦᠬᠦᠢ ᠮᠠᠲ᠋ᠧᠷᠢᠶᠠᠯ ᠤᠨ ᠱᠠᠭᠠᠷᠳᠠᠯᠭ᠎ᠠ ᠪᠠᠷ᠂ ᠮᠠᠨ ᠤ ᠤᠷᠤᠨ ᠤ ᠡᠩ ᠤᠨ ᠶᠡᠭᠡ ᠳᠡᠬᠡᠳᠤ ᠰᠤᠷᠭᠠᠭᠤᠯᠢ ᠶᠢᠨ ᠰᠤᠷᠤᠭᠴᠢ ᠡᠯᠰᠡᠬᠦ ᠳᠠᠮᠢᠷ ᠤᠨ ᠳᠤᠰᠬᠠᠢ ᠮᠡᠷᠬᠡᠵᠢᠯ᠂ ᠦᠨᠳᠦᠷ ᠬᠢᠷᠢ ᠲᠦᠪᠰᠢᠨ ᠪᠦᠬᠦᠢ ᠳᠠᠮᠢᠷᠴᠢᠨ᠂ ᠳᠠᠮᠢᠷ ᠤᠨ ᠤᠷᠤᠯᠳᠤᠭᠠᠨ ᠳᠤ ᠰᠢᠯᠢᠳᠡᠭ ᠬᠢᠷᠢ ᠪᠦᠳᠦᠮᠵᠢ ᠤᠯᠤᠭᠰᠠᠨ ᠳᠠᠮᠢᠷᠴᠢᠨ ᠡᠷᠬᠡᠪᠰᠢ ᠳᠠᠮᠢᠷ ᠤᠨ ᠰᠤᠷᠢᠯᠳᠠ ᠳᠤ ᠤᠷᠤᠯᠴᠠᠬᠤ ᠬᠡᠷᠡᠭᠳᠡᠢ᠃ ᠳᠠᠮᠢᠷ ᠤᠨ ᠰᠤᠷᠢᠯᠳᠠ ᠨᠢ 5 ᠳ᠋ᠤᠭᠠᠷ ᠰᠠᠷ᠎ᠠ ᠶᠢᠨ 5 ᠤ ᠡᠳᠦᠷ ᠠᠴᠠ 15 ᠤ ᠡᠳᠦᠷ ᠪᠤᠯᠳᠠᠯ᠎ᠠ ᠶᠠᠪᠤᠭᠳᠠᠨ᠎ᠠ᠂ ᠰᠢᠯᠭᠠᠯᠳᠠ ᠶᠢᠨ ᠴᠢᠭ᠋ ᠨᠢ ᠰᠢᠯᠭᠠᠭᠤᠯᠤᠭᠴᠢ ᠶᠢᠨ ᠳᠤᠭ᠎ᠠ᠂ ᠰᠤᠷᠢᠯᠳᠠ ᠶᠢᠨ ᠲᠦᠷᠦᠯ ᠵᠦᠢᠯ ᠤᠨ ᠲᠤᠬᠢᠷᠠᠭᠤᠯᠤᠯᠳᠠ ᠪᠠ ᠠᠭᠤᠷ ᠠᠮᠢᠰᠬᠤᠯ ᠤᠨ ᠪᠠᠶᠢᠢᠳᠠᠯ ᠢ ᠦᠨᠳᠦᠰᠦᠯᠡᠵᠦ᠂ ᠰᠢᠯᠭᠠᠯᠳᠠ ᠶᠢᠨ ᠳᠠᠭᠤᠰᠬᠤ ᠴᠠᠭ ᠢ ᠳᠤᠬᠢᠷᠠᠭᠤᠯᠵᠤ ᠪᠤᠯᠤᠨ᠎ᠠ᠃      ᠰᠢᠯᠭᠠᠯᠳᠠ ᠶᠢᠨ ᠴᠢᠭ᠋ ᠤᠨ ᠳᠤᠬᠢᠷᠠᠭᠤᠯᠤᠯᠳᠠ᠄ ᠬᠦᠬᠡᠬᠤᠳᠠ᠂ ᠪᠤᠭᠤᠳᠤ᠂ ᠦᠬᠠᠢ᠂ ᠪᠠᠶᠠᠨᠨᠠᠭᠤᠷ᠂ ᠤᠷᠳᠤᠰ᠂ ᠰᠢᠯᠢ ᠶᠢᠨ ᠭᠤᠤᠯ᠂ ᠤᠯᠠᠭᠠᠨᠴᠠᠪ᠂ ᠠᠯᠠᠱᠠ ᠶᠢᠨ ᠰᠢᠯᠭᠠᠭᠤᠯᠤᠭᠴᠢ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠳᠤ ᠰᠤᠷᠢᠯᠳᠠ ᠳᠤ ᠤᠷᠤᠯᠴᠠᠨ᠎ᠠ︔ ᠲᠦᠩᠯᠢᠶᠤᠤ᠂ ᠤᠯᠠᠭᠠᠨᠬᠠᠳᠠ᠂ ᠬᠦᠯᠦᠨ ᠪᠤᠶᠢᠢᠷ᠂ ᠬᠢᠩᠭᠠᠨ ᠠᠶᠢᠢᠮᠠᠭ ᠤᠨ ᠰᠢᠯᠭᠠᠭᠤᠯᠤᠭᠴᠢ ᠦᠪᠦᠷ ᠮᠤᠩᠭᠤᠯ ᠤᠨ ᠦᠨᠳᠦᠰᠦᠳᠡᠨ ᠤ ᠶᠡᠭᠡ ᠰᠤᠷᠭᠠᠭᠤᠯᠢ ᠳᠤ ᠰᠤᠷᠢᠯᠳᠠ ᠳᠤ ᠤᠷᠤᠯᠴᠠᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号