ᠬᠠᠩᠰᠢ ᠶᠢᠨ ᠬᠤᠭᠤᠴᠠᠭᠠᠨ ᠳᠤ᠂ ᠮᠠᠨ ᠤ ᠣᠷᠣᠨ ᠤ ᠵᠠᠰᠠᠮᠠᠯ ᠵᠠᠮ 4 ᠳ᠋ᠦ᠋ᠭᠡᠷ ᠰᠠᠷ᠎ᠠ ᠶᠢᠨ 2 ᠤ ᠡᠳᠦᠷ ᠤᠨ | ᠲᠡᠭ ᠴᠠᠭ ᠠᠴᠠ 4 ᠳ᠋ᠦ᠋ᠭᠡᠷ ᠰᠠᠷ᠎ᠠ ᠶᠢᠨ 4 ᠤ ᠡᠳᠦᠷ ᠤᠨ 24 ᠴᠠᠭ ᠪᠣᠯᠲᠠᠯ᠎ᠠ 7 ᠰᠠᠭᠤᠳᠠᠯ ᠠᠴᠠ ᠳᠤᠷᠤᠭᠰᠢᠬᠢ | ᠵᠢᠵᠢᠭ ᠬᠡᠯᠪᠡᠷᠢ ᠶᠢᠨ ᠮᠠᠰᠢᠨ ᠲᠡᠷᠭᠡ ᠶᠢᠨ ᠰᠦᠢᠳᠬᠡᠯ ᠬᠤᠷᠢᠶᠠᠬᠤ ᠦᠭᠡᠶ ᠪᠠᠷ ᠨᠡᠪᠲᠡᠷᠡᠭᠦᠯᠦᠨ᠎ᠡ᠂ ᠡᠩ ᠤᠨ ᠵᠠᠰᠠᠮᠠᠯ | ᠵᠠᠮ ᠪᠤᠯ ᠮᠠᠰᠢᠨ ᠲᠡᠷᠭᠡ ᠰᠦᠢᠳᠬᠡᠯ ᠬᠤᠷᠢᠶᠠᠬᠤ ᠦᠷᠳᠡᠭᠡ ᠪᠠᠷ ᠦᠩᠭᠡᠷᠡᠬᠦ ᠴᠠᠭ ᠢᠶᠠᠷ ᠪᠠᠷᠢᠮᠵᠢᠶ᠎ᠠ ᠪᠤᠯᠭᠠᠵᠤ᠂ | ᠲᠦᠷᠭᠡᠨ ᠬᠤᠷᠳᠤᠴᠠᠲᠤ ᠵᠠᠰᠠᠮᠠᠯ ᠵᠠᠮ ᠪᠣᠯ ᠮᠠᠰᠢᠨ ᠲᠡᠷᠭᠡ ᠰᠦᠢᠳᠬᠡᠯ ᠬᠤᠷᠢᠶᠠᠬᠤ ᠵᠠᠮ ᠤᠨ ᠭᠠᠷᠴᠠ ᠪᠠᠷ | ᠭᠠᠷᠤᠭᠰᠠᠨ ᠴᠠᠭ ᠢᠶᠠᠷ ᠪᠠᠷᠢᠮᠵᠢᠶ᠎ᠠ ᠪᠣᠯᠭᠠᠨ᠎ᠠ᠃ ETC ᠬᠡᠷᠡᠭᠯᠡᠭᠴᠢ ᠶᠢᠨ 7 ᠰᠠᠭᠤᠳᠠᠯ ᠠᠴᠠ ᠳᠣᠷᠣᠭᠰᠢᠬᠢ | ᠵᠢᠵᠢᠭ ᠬᠡᠯᠪᠡᠷᠢ ᠶᠢᠨ ᠮᠠᠰᠢᠨ ᠲᠡᠷᠭᠡ ETC ᠲᠡᠷᠭᠡᠨ ᠵᠠᠮ ᠢᠶᠠᠷ ᠦᠩᠭᠡᠷᠡᠬᠦ ᠳᠤ ᠠᠦ᠋ᠲ᠋ᠣ᠋ ᠡᠵᠡᠮᠰᠢᠯ ᠢᠶᠠᠷ ᠢᠯᠭᠠᠨ | ᠲᠠᠨᠢᠵᠤ ᠰᠦᠢᠳᠬᠡᠯ ᠬᠤᠷᠢᠶᠠᠬᠤ ᠦᠭᠡᠶ ᠪᠦᠭᠡᠳ ᠪᠠᠰᠠ ᠬᠥᠮᠦᠨ ᠤ ᠬᠦᠴᠦᠨ ᠢᠶᠠᠷ ᠰᠦᠢᠳᠬᠡᠯ ᠬᠤᠷᠢᠶᠠᠬᠤ ᠲᠡᠷᠭᠡᠨ | ᠵᠠᠮ ᠢᠶᠠᠷ ᠰᠦᠢᠳᠬᠡᠯ ᠬᠤᠷᠢᠶᠠᠬᠤ ᠦᠭᠡᠶ ᠪᠠᠷ ᠰᠢᠭᠤᠳ ᠨᠡᠪᠲᠡᠷᠡᠵᠦ ᠪᠤᠯᠤᠨ᠎ᠠ᠃ ᠰᠦᠶᠳᠬᠡᠯ ᠬᠤᠷᠢᠶᠠᠬᠤ ᠥᠬᠡᠶ | ᠨᠡᠪᠲᠡᠷᠡᠭᠦᠯᠬᠦ ᠬᠤᠭᠤᠴᠠᠭᠠᠨ ᠳᠤ᠂ ᠰᠦᠢᠳᠬᠡᠯ ᠬᠤᠷᠢᠶᠠᠬᠤ ᠥᠷᠲᠡᠭᠡᠨ ᠤ ᠣᠷᠣᠵᠤ ᠭᠠᠷᠬᠤ ᠭᠠᠷᠴᠠ ᠳᠤ 7 | ᠰᠠᠭᠤᠳᠠᠯ ᠠᠴᠠ ᠳᠣᠷᠣᠭᠰᠢᠬᠢ ᠵᠢᠵᠢᠭ ᠬᠡᠯᠪᠡᠷᠢ ᠶᠢᠨ ᠮᠠᠰᠢᠨ ᠲᠡᠷᠭᠡᠨ ᠤ ᠰᠦᠶᠳᠬᠡᠯ ᠬᠤᠷᠢᠶᠠᠬᠤ ᠥᠬᠡᠶ ᠲᠤᠰᠬᠠᠶ | ᠵᠠᠮ ᠭᠠᠷᠭᠠᠵᠤ᠂ ᠲᠤᠰᠬᠠᠶ ᠵᠠᠮᠴᠢ ᠨᠡᠮᠡᠨ ᠲᠤᠬᠢᠷᠠᠭᠤᠯᠤᠨ ᠰᠦᠢᠳᠬᠡᠯ ᠬᠤᠷᠢᠶᠠᠬᠤ ᠲᠡᠷᠭᠡ ᠪᠣᠯᠤᠨ ᠰᠦᠢᠳᠬᠡᠯ | ᠬᠤᠷᠢᠶᠠᠬᠤ ᠦᠭᠡᠢ ᠲᠡᠷᠭᠡ ᠶᠢ ᠵᠠᠮ ᠰᠠᠯᠭᠠᠨ ᠡᠮᠬᠢ ᠵᠢᠷᠤᠮ ᠲᠠᠢ ᠨᠡᠪᠲᠡᠷᠡᠭᠦᠯᠵᠦ᠂ ᠪᠠᠷᠠᠭᠠᠨ ᠤ ᠲᠡᠷᠭᠡ ᠵᠡᠷᠭᠡ | ᠰᠦᠢᠳᠬᠡᠯ ᠬᠤᠷᠢᠶᠠᠬᠤ ᠲᠡᠷᠭᠡ ᠲᠤᠰᠬᠠᠶ ᠵᠠᠮ ᠳᠤ ᠤᠷᠤᠬᠤ ᠶᠢ ᠰᠡᠷᠭᠡᠶᠢᠯᠡᠵᠦ᠂ ᠲᠡᠷᠭᠡ ᠬᠥᠰᠬᠡ ᠶᠢᠨ ᠨᠡᠪᠲᠡᠷᠡᠬᠦ | ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ︔ ᠣᠷᠣᠵᠤ ᠭᠠᠷᠬᠤ ᠭᠠᠷᠴᠠ ᠳᠤ ᠺᠠᠷᠲ ᠣᠯᠭᠤᠬᠤ ᠦᠭᠡᠢ᠂ ᠺᠠᠷᠲ | ᠬᠤᠷᠢᠶᠠᠬᠤ ᠦᠭᠡᠢ ᠲᠠᠯᠪᠢᠨ ᠶᠠᠪᠤᠭᠤᠯᠵᠤ᠂ ᠲᠡᠷᠭᠡ ᠬᠦᠰᠭᠡ ᠶᠢᠨ ᠦᠩᠭᠡᠷᠡᠬᠦ ᠬᠤᠷᠳᠤᠴᠠ ᠶᠢ ᠤᠯᠠᠮ ᠨᠢᠭᠡ ᠠᠯᠬᠤᠮ | ᠳᠡᠭᠡᠭᠰᠢᠯᠡᠭᠦᠯᠦᠨ᠎ᠡ︔ ᠡᠯ᠎ᠡ ᠰᠦᠢᠳᠬᠡᠯ ᠬᠤᠷᠢᠶᠠᠬᠤ ᠦᠷᠲᠡᠭᠡ ᠲᠦᠷ ᠴᠠᠭ ᠤᠨ ᠵᠠᠮ ᠬᠠᠷᠢᠯᠴᠠᠭᠠᠨ ᠤ ᠵᠠᠮᠴᠢᠯᠠᠬᠤ | ᠲᠡᠮᠳᠡᠭ ᠫᠠᠶᠢᠰᠠ ᠪᠤᠰᠬᠠᠵᠤ᠂ LED ᠳᠡᠯᠭᠡᠴᠡ ᠶᠢ ᠠᠰᠢᠭᠯᠠᠨ ᠵᠢᠯᠣᠭᠤᠴᠢ ᠪᠠ ᠠᠶᠠᠨᠴᠢᠳ ᠲᠤ ᠵᠠᠮ ᠤᠨ | ᠪᠠᠶᠢᠳᠠᠯ ᠤᠨ ᠮᠡᠳᠡᠭᠡ ᠵᠠᠩᠭᠢ ᠶᠢ ᠮᠡᠳᠡᠭᠳᠡᠨ᠎ᠡ᠃ |