ᠤᠯᠠᠭᠠᠨᠬᠠᠳᠠ ᠬᠤᠲᠠ ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠤᠨ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠬᠦ ᠳᠦᠷᠢᠮ ᠢ ᠪᠠᠶᠢᠭᠤᠯᠪᠠ
ᠨᠡᠶᠢᠲᠡᠯᠡᠭᠰᠡᠨ ᠴᠠᠭ᠄
2017/3/24
      ᠤᠯᠠᠭᠠᠨᠬᠠᠳᠠ ᠬᠤᠲᠠ 2017 ᠤᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠡᠩ ᠤᠨ ᠡᠭᠦᠳᠡᠨ ᠡᠮᠨᠡᠯᠭᠡ ᠶᠢᠨ ᠪᠠᠶᠢᠴᠠᠭᠠᠨ ᠠᠵᠢᠭᠯᠠᠬᠤ ᠳᠥᠷᠢᠮ ᠪᠤᠯᠤᠨ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠡᠪᠡᠳᠴᠢᠨ ᠤ ᠪᠠᠲᠤᠯᠠᠭ᠎ᠠ ᠶᠢᠨ ᠳᠦᠷᠢᠮ ᠢ ᠪᠠᠭᠲᠠᠭᠠᠭᠰᠠᠨ ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠤᠨ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠬᠦ ᠳᠦᠷᠢᠮ ᠢ ᠵᠢᠩᠬᠢᠨᠢ ᠪᠠᠷ ᠪᠠᠶᠢᠭᠤᠯᠪᠠ᠃      ᠡᠩ ᠤᠨ ᠡᠭᠦᠳᠡᠨ ᠡᠮᠨᠡᠯᠭᠡ ᠶᠢᠨ ᠪᠠᠶᠢᠴᠠᠭᠠᠨ ᠠᠵᠢᠭᠯᠠᠬᠤ ᠳᠥᠷᠢᠮ ᠢ ᠪᠠᠶᠢᠭᠤᠯᠪᠠ᠃ ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ︵ᠨᠢᠭᠡ ᠴᠤᠭᠴᠠᠵᠢᠭᠤᠯᠤᠨ ᠬᠠᠮᠢᠶᠠᠷᠬᠤ ᠲᠤᠰᠬᠤᠨ ᠤ ᠡᠷᠡᠭᠦᠯ ᠬᠠᠮᠠᠭᠠᠯᠠᠯ ᠤᠨ ᠦᠷᠦᠭᠡ ᠪᠠᠭᠲᠠᠨ᠎ᠠ︶ ᠪᠣᠯᠤᠨ ᠤᠯᠤᠰ ᠤᠨ ᠦᠨᠳᠦᠰᠦᠨ ᠡᠮ ᠤᠨ ᠵᠦᠢᠯ ᠤᠨ ᠳᠦᠷᠢᠮ ᠢ ᠬᠡᠷᠡᠭᠵᠢᠬᠦᠯᠵᠤ ᠪᠠᠶᠢᠭ᠎ᠠ ᠬᠤᠳᠠ ᠶᠢᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠪᠠᠶᠢᠭᠤᠯᠤᠮᠵᠢ ᠶᠢ ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠤᠨ ᠡᠩ ᠤᠨ ᠡᠭᠦᠳᠡᠨ ᠡᠮᠨᠡᠯᠭᠡ ᠶᠢᠨ ᠪᠠᠶᠢᠴᠠᠭᠠᠨ ᠠᠵᠢᠭᠯᠠᠬᠤ ᠡᠮᠨᠡᠨ ᠵᠠᠰᠠᠬᠤ ᠵᠥᠪᠳᠡᠯᠴᠡᠬᠡᠷ ᠤᠨ ᠡᠮᠴᠢᠯᠡᠭᠡᠨ ᠤ ᠪᠠᠶᠢᠭᠤᠯᠤᠮᠵᠢ ᠪᠤᠯᠭᠠᠵᠤ᠂ ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠤᠨ ᠵᠦᠪᠳᠡᠯᠴᠡᠭᠡᠷ ᠤᠨ ᠡᠮᠴᠢᠯᠡᠭᠡᠨ ᠤ ᠪᠠᠶᠢᠭᠤᠯᠤᠮᠵᠢ ᠶᠢᠨ ᠡᠭᠦᠳᠡᠨ ᠡᠮᠨᠡᠯᠭᠡ ᠳᠤ ᠪᠠᠶᠢᠴᠠᠭᠠᠨ ᠠᠵᠢᠭᠯᠠᠬᠤ ᠪᠠ ᠡᠮᠨᠡᠭᠦᠯᠬᠦ ᠳᠤ ᠵᠠᠷᠤᠴᠠᠭᠤᠯᠤᠭᠰᠠᠨ ᠡᠮᠴᠢᠯᠡᠭᠡᠨ ᠤ ᠵᠠᠷᠤᠳᠠᠯ ᠢ ᠨᠢ 50% ᠶᠢᠨ ᠬᠠᠷᠢᠴᠠᠯ ᠢᠶᠠᠷ ᠵᠢᠯ ᠪᠦᠷᠢ ᠬᠤᠶᠠᠷ ᠤᠳᠠᠭ᠎ᠠ ᠮᠦᠡᠭᠭᠦ ᠲᠦᠯᠦᠵᠤ᠂ ᠭᠠᠭᠴᠠ ᠤᠳᠠᠭ᠎ᠠ ᠳᠤ ᠬᠠᠮᠤᠭ ᠤᠨ ᠶᠡᠭᠡ ᠳᠡᠭᠡᠨ 400 ᠲᠥᠭᠦᠷᠢᠭ ᠲᠦᠯᠦᠬᠦ ᠪᠠᠷ ᠪᠤᠯᠵᠤ᠂ ᠡᠬᠢᠯᠡᠵᠤ ᠦᠭᠭᠦ ᠱᠤᠭᠤᠮ ᠢ ᠲᠤᠭᠲᠠᠭᠠᠭᠰᠠᠨ ᠦᠭᠡᠢ ᠪᠠᠶᠢᠳᠠᠭ᠃ ᠨᠢᠭᠡ ᠵᠢᠯ ᠤᠨ ᠳᠣᠲᠣᠷ᠎ᠠ ᠡᠩ ᠤᠨ ᠡᠭᠦᠳᠡᠨ ᠡᠮᠨᠡᠯᠭᠡ ᠳᠤ ᠪᠠᠶᠢᠴᠠᠭᠠᠨ ᠠᠵᠢᠭᠯᠠᠬᠤ ᠳᠤ ᠬᠠᠮᠤᠭ ᠤᠨ ᠶᠡᠭᠡ ᠳᠡᠭᠡᠨ 800 ᠲᠥᠭᠦᠷᠢᠭ ᠦᠭᠭᠦ ᠪᠠᠷ ᠪᠤᠯᠵᠠᠢ᠃      ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠡᠪᠡᠳᠴᠢᠨ ᠤ ᠪᠠᠲᠤᠯᠠᠭ᠎ᠠ ᠶᠢᠨ ᠲᠦᠷᠢᠮ ᠢ ᠪᠦᠷᠢᠨᠰᠢᠭᠦᠯᠪᠡ᠃ ᠰᠠᠭᠤᠭᠠᠯᠢ ᠠᠷᠠᠳ ᠤᠨ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠡᠪᠡᠳᠴᠢᠨ ᠤ 28 ᠲᠦᠷᠦᠯ ᠢ ᠳᠠᠩᠰᠠ ᠲᠠᠶᠢᠯᠬᠤ ᠬᠡᠪᠴᠢᠶᠡᠨ ᠳᠤ ᠤᠷᠤᠭᠤᠯᠪᠠ᠂ ᠡᠭᠦᠨ ᠳᠤ ᠡᠮᠨᠡᠯᠭᠡ ᠳᠤ ᠰᠠᠭᠤᠵᠤ ᠬᠠᠮᠢᠶᠠᠷᠬᠤ 9 ᠲᠦᠷᠦᠯ ᠤᠨ ᠬᠢ ᠶᠢ ᠡᠮᠨᠡᠯᠭᠡ ᠳᠤ ᠰᠠᠭᠤᠬᠤ ᠲᠦᠷᠦ ᠶᠢᠨ ᠪᠤᠳᠤᠯᠭ᠎ᠠ ᠶᠣᠰᠣᠭᠠᠷ ᠳᠠᠩᠰᠠ ᠲᠠᠶᠢᠯᠤᠨ᠎ᠠ︔ ᠨᠤᠷᠮ᠎ᠠ ᠲᠣᠭᠲᠠᠭᠠᠵᠤ ᠬᠠᠮᠢᠶᠠᠷᠬᠤ 19 ᠲᠦᠷᠦᠯ ᠤᠨ ᠬᠢ ᠶᠢ ᠣᠨ ᠤ ᠬᠠᠮᠤᠭ ᠤᠨ ᠶᠡᠭᠡ ᠲᠦᠯᠦᠬᠦ ᠵᠤᠭᠤᠰ ᠤᠨ ᠲᠤᠭ᠎ᠠ ᠶᠢ 3000 ᠲᠥᠭᠦᠷᠢᠭ ᠪᠤᠯᠭᠠᠨ ᠨᠢᠭᠡᠳᠦᠯᠲᠠᠢ ᠲᠤᠬᠢᠷᠠᠭᠤᠯᠵᠤ᠂ ᠳᠠᠩᠰᠠ ᠲᠠᠶᠢᠯᠬᠤ ᠬᠠᠷᠢᠴᠠᠯ ᠨᠢ 70% ︵ᠡᠮᠬᠢᠯᠡᠨ ᠨᠡᠶᠢᠯᠡᠬᠦᠯᠬᠦ ᠠᠴᠠ ᠡᠮᠦᠨᠡᠬᠢ ᠬᠤᠷᠰᠢᠭᠰᠠᠨ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠡᠪᠡᠳᠴᠢᠨ ᠤ 11 ᠲᠦᠷᠦᠯ ᠳᠤ᠂ 6 ᠲᠦᠷᠦᠯ ᠳᠤᠨᠢ ᠵᠢᠯ ᠳᠤ ᠬᠠᠮᠤᠭ ᠤᠨ ᠶᠡᠭᠡ ᠳᠡᠭᠡᠨ 2000 ᠲᠥᠭᠦᠷᠢᠭ ᠲᠦᠯᠦᠵᠤ᠂ 5 ᠲᠦᠷᠦᠯ ᠳᠤᠨᠢ 1000 ᠲᠥᠭᠦᠷᠢᠭ ᠲᠦᠯᠦᠵᠤ᠂ ᠳᠠᠩᠰᠠ ᠲᠠᠶᠢᠯᠬᠤ ᠬᠠᠷᠢᠴᠠᠯ ᠨᠢ 70%︔ ᠤᠤᠯ ᠤᠨ ᠬᠤᠳᠠ ᠪᠠᠯᠭᠠᠰᠤ ᠶᠢᠨ ᠰᠠᠭᠤᠭᠠᠯᠢ ᠠᠷᠠᠳ ᠤᠨ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠡᠪᠡᠳᠴᠢᠨ ᠤ 18 ᠲᠦᠷᠦᠯ  ᠳᠤ᠂ ᠡᠮᠨᠡᠯᠭᠡ ᠳᠤ ᠰᠠᠭᠤᠵᠤ ᠬᠠᠮᠢᠶᠠᠷᠬᠤ 9 ᠲᠦᠷᠦᠯ ᠪᠠᠶᠢᠵᠤ᠂ ᠨᠤᠷᠮ᠎ᠠ ᠲᠣᠭᠲᠠᠭᠠᠵᠤ ᠬᠠᠮᠢᠶᠠᠷᠬᠤ 9 ᠲᠦᠷᠦᠯ ᠪᠠᠶᠢᠵᠤ᠂ ᠵᠢᠯ ᠳᠤ ᠬᠠᠮᠤᠭ ᠤᠨ ᠶᠡᠭᠡ ᠳᠡᠭᠡᠨ 3000 ᠲᠥᠭᠦᠷᠢᠭ ᠲᠦᠯᠦᠵᠤ᠂ ᠳᠠᠩᠰᠠ ᠲᠠᠶᠢᠯᠬᠤ ᠬᠠᠷᠢᠴᠠᠯ ᠨᠢ 70%︶ ᠪᠤᠯᠤᠨ᠎ᠠ᠃      ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠬᠦ ᠳᠦᠷᠢᠮ ᠢ ᠪᠠᠶᠢᠭᠤᠯᠤᠭᠰᠠᠨ ᠨᠢ ᠤᠯᠠᠭᠠᠨᠬᠠᠳᠠ ᠬᠤᠳᠠ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠳᠦᠷᠢᠮ ᠤᠨ ᠪᠣᠷᠣ ᠲᠥᠯᠥᠪ ᠤᠨ ᠰᠢᠰᠲ᠋ᠧᠮᠵᠢ ᠶᠢ ᠪᠦᠷᠢᠨᠰᠢᠬᠦᠯᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠬᠥᠮᠦᠰ ᠡᠮᠨᠡᠯᠭᠡ ᠳᠤ ᠰᠠᠭᠤᠬᠤ ᠳᠤ ᠡᠮ ᠡᠮᠨᠡᠯᠭᠡ ᠶᠢᠨ ᠳᠠᠭᠠᠳᠬᠠᠯ ᠤᠨ ᠳᠠᠩᠰᠠ ᠲᠠᠶᠢᠯᠬᠤ ᠬᠠᠷᠠᠭᠠᠯᠵᠠᠯ ᠢ ᠬᠦᠷᠲᠡᠬᠦ ᠮᠦᠷᠲᠡᠭᠡᠨ ᠡᠭᠦᠳᠡᠨ ᠡᠮᠨᠡᠯᠭᠡ ᠳᠤ ᠡᠪᠡᠳᠴᠢᠨ ᠦᠵᠡᠭᠦᠯᠦᠭᠰᠡᠨ ᠴᠤ ᠡᠮ ᠡᠮᠨᠡᠯᠭᠡ ᠶᠢᠨ ᠳᠠᠭᠠᠳᠬᠠᠯ ᠤᠨ ᠳᠠᠩᠰᠠ ᠲᠠᠶᠢᠯᠬᠤ ᠬᠠᠷᠠᠭᠠᠯᠵᠠᠯ ᠢ ᠬᠦᠷᠲᠡᠵᠤ ᠪᠤᠯᠬᠤ ᠶᠢ ᠬᠠᠷᠠᠭᠤᠯᠪᠠ᠃ ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠤᠨ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠬᠦ ᠳᠦᠷᠢᠮ  ᠨᠢ ᠦᠨᠳᠦᠰᠦᠨ ᠪᠠᠲᠤᠯᠠᠭ᠎ᠠ ᠳᠤ ᠰᠠᠭᠤᠷᠢᠯᠠᠨ᠂ ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠤᠨ ᠡᠭᠦᠳᠡᠨ ᠡᠮᠨᠡᠯᠭᠡ ᠶᠢᠨ ᠵᠠᠷᠤᠳᠠᠯ ᠤᠨ ᠳᠠᠷᠤᠭᠠᠰᠤ ᠶᠢ ᠠᠯᠬᠤᠮ ᠠᠯᠬᠤᠮ ᠢᠶᠠᠷ ᠬᠦᠡᠭᠭᠡᠷᠡᠭᠦᠯᠦᠭᠰᠡᠨ ᠮᠦᠷᠲᠡᠭᠡᠨ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠢᠯᠡᠳᠦᠯ ᠢ ᠨᠡᠩ ᠪᠠᠳᠠᠷᠠᠭᠤᠯᠵᠤ᠂ ᠤᠯᠠᠨ ᠲᠦᠮᠡᠨ ᠤ ᠡᠪᠡᠳᠴᠢᠨ ᠦᠵᠡᠭᠦᠯᠬᠦ ᠳᠤ ᠳᠦᠭᠦᠮ ᠦᠵᠡᠭᠦᠯᠵᠤ᠂ ᠡᠮ ᠡᠮᠨᠡᠯᠭᠡ ᠶᠢᠨ ᠥᠪᠡᠷ ᠤᠨ ᠦᠷᠳᠡᠭ ᠢ ᠪᠠᠭᠤᠷᠠᠭᠤᠯᠤᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号