ᠮᠠᠨ ᠤ ᠣᠷᠣᠨ ᠡᠨᠡ ᠵᠢᠯ ᠠᠩᠬ᠎ᠠ ᠤᠳᠠᠭ᠎ᠠ ᠶᠡᠭᠡ ᠰᠤᠷᠭᠠᠭᠤᠯᠢ ᠶᠢᠨ ᠠᠩᠭ᠍ᠯᠢ ᠬᠡᠯᠡᠨ ᠤ ᠳᠥᠷᠪᠡ ᠵᠢᠷᠭᠤᠳᠤᠭᠠᠷ ᠳᠡᠰ ᠤᠨ ᠠᠮᠠᠨ ᠶᠠᠷᠢᠶ᠎ᠠ ᠶᠢᠨ ᠰᠢᠯᠭᠠᠯᠲᠠ ᠬᠢᠬᠦ ᠪᠠᠷ ᠪᠤᠢ
ᠨᠡᠶᠢᠲᠡᠯᠡᠭᠰᠡᠨ ᠴᠠᠭ᠄
2017/3/24
     ᠡᠨᠡ ᠵᠢᠯ ᠠᠴᠠ ᠡᠬᠢᠯᠡᠵᠦ᠂ ᠮᠠᠨ ᠤ ᠣᠷᠣᠨ ᠶᠡᠭᠡ ᠰᠤᠷᠭᠠᠭᠤᠯᠢ ᠶᠢᠨ ᠠᠩᠭ᠍ᠯᠢ ᠬᠡᠯᠡᠨ ᠤ ᠳᠥᠷᠪᠡ ᠵᠢᠷᠭᠤᠳᠤᠭᠠᠷ ᠳᠡᠰ ᠤᠨ ᠠᠮᠠᠨ ᠶᠠᠷᠢᠶ᠎ᠠ ᠶᠢᠨ ᠰᠢᠯᠭᠠᠯᠲᠠ ︵CET-SET︶ ᠶᠢ ᠨᠢᠭᠡᠳᠦᠯᠲᠡᠶ ᠵᠣᠬᠢᠶᠠᠨ ᠪᠠᠶᠢᠭᠤᠯᠤᠨ ᠬᠢᠨ᠎ᠡ᠃ 2017 ᠣᠨ ᠤ 6 ᠳ᠋ᠤᠭᠠᠷ ᠳᠤ ᠪᠣᠯᠬᠤ ᠪᠦᠬᠦ ᠤᠯᠤᠰ ᠤᠨ ᠶᠡᠭᠡ ᠰᠤᠷᠭᠠᠭᠤᠯᠢ ᠶᠢᠨ ᠠᠩᠭ᠍ᠯᠢ ᠬᠡᠯᠡᠨ ᠤ ᠳᠥᠷᠪᠡ ᠵᠢᠷᠭᠤᠳᠤᠭᠠᠷ ᠳᠡᠰ ᠤᠨ ᠰᠢᠯᠭᠠᠯᠲᠠ ᠪᠣᠯᠤᠨ ᠨᠠᠰᠤᠨ ᠳᠤ ᠬᠦᠷᠦᠭᠰᠡᠳ ᠤᠨ ᠵᠢᠩᠬᠢᠨᠢ ᠠᠩᠭᠢ ᠲᠡᠭᠦᠰᠦᠭᠰᠡᠳ ᠤᠨ ᠣᠶᠤᠲᠠᠨ ᠤ ᠴᠣᠯᠠ ᠭᠤᠶᠤᠴᠢᠯᠠᠬᠤ ᠭᠠᠳᠠᠭᠠᠳᠤ ᠬᠡᠯᠡᠨ ᠤ ᠰᠢᠯᠭᠠᠯᠲᠠ ︵ᠭᠤᠷᠪᠠᠳᠤᠭᠠᠷ ᠳᠡᠰ︶ ᠶᠢ ᠲᠤᠰ ᠪᠦᠷᠢ 6 ᠳ᠋ᠤᠭᠠᠷ ᠰᠠᠷ᠎ᠠ ᠶᠢᠨ 17 ᠤ ᠡᠳᠦᠷ ᠪᠠ 18 ᠤ ᠡᠳᠦᠷ ᠤᠨ ᠦᠳᠡ ᠶᠢᠨ ᠬᠤᠶᠢᠨ᠎ᠠ ᠬᠢᠨ᠎ᠡ᠂ ᠰᠢᠯᠭᠠᠭᠤᠯᠤᠭᠰᠠᠳ 3 ᠳ᠋ᠤᠭᠠᠷ ᠰᠠᠷ᠎ᠠ ᠶᠢᠨ 22 ᠤᠨ ᠡᠳᠦᠷ ᠠᠴᠠ ᠡᠬᠢᠯᠡᠨ ᠨᠡᠷ᠎ᠡ ᠮᠡᠳᠡᠭᠦᠯᠵᠦ ᠪᠣᠯᠤᠨ᠎ᠠ᠃      ᠡᠨᠡ ᠵᠢᠯ ᠪᠣᠯ ᠮᠠᠨ ᠤ ᠣᠷᠣᠨ ᠳᠤ ᠶᠡᠭᠡ ᠰᠤᠷᠭᠠᠭᠤᠯᠢ ᠶᠢᠨ ᠠᠩᠭ᠍ᠯᠢ ᠬᠡᠯᠡᠨ ᠤ ᠳᠥᠷᠪᠡ ᠵᠢᠷᠭᠤᠳᠤᠭᠠᠷ ᠳᠡᠰ ᠤᠨ ᠠᠮᠠᠨ ᠶᠠᠷᠢᠶ᠎ᠠ ᠶᠢᠨ ᠰᠢᠯᠭᠠᠯᠲᠠ ᠶᠢ ᠨᠢᠭᠡᠳᠦᠯᠲᠡᠶ ᠵᠣᠬᠢᠶᠠᠨ ᠪᠠᠶᠢᠭᠤᠯᠬᠤ ᠠᠩᠬᠠᠳᠤᠭᠠᠷ ᠵᠢᠯ ᠮᠥᠨ᠂ ᠪᠠᠰᠠ ᠴᠤ ᠰᠤᠷᠭᠠᠨ ᠬᠥᠮᠦᠵᠢᠯ ᠤᠨ ᠶᠠᠮᠤᠨ ᠤ ᠰᠢᠯᠭᠠᠯᠲᠠ ᠶᠢᠨ ᠲᠥᠪ ᠠᠴᠠ ᠪᠦᠬᠦ ᠤᠯᠤᠰ ᠲᠤ ᠪᠦᠬᠦ ᠲᠠᠯ᠎ᠠ ᠪᠠᠷ ᠰᠢᠯᠭᠠᠯᠲᠠ ᠬᠢᠬᠦ ᠠᠩᠬᠠᠳᠠᠭᠴᠢ ᠵᠢᠯ ᠮᠥᠨ᠃ ᠶᠡᠭᠡ ᠰᠤᠷᠭᠠᠭᠤᠯᠢ ᠶᠢᠨ ᠠᠩᠭ᠍ᠯᠢ ᠬᠡᠯᠡᠨ ᠤ ᠳᠥᠷᠪᠡ ᠵᠢᠷᠭᠤᠳᠤᠭᠠᠷ ᠳᠡᠰ ᠤᠨ ᠠᠮᠠᠨ ᠶᠠᠷᠢᠶ᠎ᠠ ᠶᠢᠨ ᠰᠢᠯᠭᠠᠯᠲᠠ ᠶᠢ ᠨᠢᠭᠡ ᠵᠢᠯ ᠳᠤ ᠬᠤᠶᠠᠷ ᠤᠳᠠᠭ᠎ᠠ ᠰᠢᠯᠭᠠᠨ᠎ᠠ᠂ ᠲᠤᠰ ᠲᠤᠰ 5 ᠳ᠋ᠤᠭᠠᠷ ᠰᠠᠷ᠎ᠠ ᠪᠣᠯᠤᠨ 11 ᠳ᠋ᠦ᠋ᠭᠡᠷ ᠰᠠᠷ᠎ᠠ ᠳᠤ ᠲᠣᠬᠢᠷᠠᠭᠤᠯᠤᠨ᠎ᠠ᠂ ᠰᠢᠯᠭᠠᠭᠤᠯᠤᠭᠴᠢ ᠪᠢᠷ ᠤᠨ ᠰᠢᠯᠭᠠᠯᠲᠠ ᠳᠤ ᠨᠡᠷ᠎ᠡ ᠮᠡᠳᠡᠭᠦᠯᠦᠨ ᠬᠠᠷᠢᠴᠠᠩᠭᠤᠢ ᠳᠡᠰ ᠤᠨ ᠠᠮᠠᠨ ᠶᠠᠷᠢᠶ᠎ᠠ ᠶᠢᠨ ᠰᠢᠯᠭᠠᠯᠲᠠ ᠳᠤ ᠨᠡᠷ᠎ᠡ ᠮᠡᠳᠡᠭᠦᠯᠬᠦ ᠬᠢᠷᠢ ᠬᠡᠮ ᠢ ᠪᠦᠷᠢᠯᠳᠦᠭᠦᠯᠦᠨ᠎ᠡ᠃ ᠡᠨᠡ ᠵᠢᠯ ᠤᠨ ᠳᠡᠭᠡᠷ᠎ᠡ ᠬᠠᠭᠠᠰ ᠵᠢᠯ ᠳᠤ ᠪᠣᠯᠬᠤ ᠠᠮᠠᠨ ᠶᠠᠷᠢᠶ᠎ᠠ ᠶᠢᠨ ᠰᠢᠯᠭᠠᠯᠲᠠ ᠶᠢᠨ ᠴᠠᠭ ᠬᠤᠭᠤᠴᠠᠭ᠎ᠠ ᠪᠣᠯ᠄ ᠳᠥᠷᠪᠡᠳᠦᠭᠡᠷ ᠳᠡᠰ ᠤᠨ ᠠᠮᠠᠨ ᠶᠠᠷᠢᠶ᠎ᠠ ᠶᠢᠨ ᠰᠢᠯᠭᠠᠯᠲᠠ ᠶᠢ 5 ᠳ᠋ᠤᠭᠠᠷ ᠰᠠᠷ᠎ᠠ ᠶᠢᠨ 20 ᠤ ᠡᠳᠦᠷ ᠰᠢᠯᠭᠠᠵᠤ᠂ ᠵᠢᠷᠭᠤᠳᠤᠭᠠᠷ ᠳᠡᠰ ᠤᠨ ᠠᠮᠠᠨ ᠶᠠᠷᠢᠶ᠎ᠠ ᠶᠢᠨ ᠰᠢᠯᠭᠠᠯᠲᠠ ᠶᠢ 5 ᠳ᠋ᠤᠭᠠᠷ ᠰᠠᠷ᠎ᠠ ᠶᠢᠨ 21 ᠤ ᠡᠳᠦᠷ ᠰᠢᠯᠭᠠᠨ᠎ᠠ᠃      ᠶᠡᠭᠡ ᠰᠤᠷᠭᠠᠭᠤᠯᠢ ᠶᠢᠨ ᠠᠩᠭ᠍ᠯᠢ ᠬᠡᠯᠡᠨ ᠤ ᠳᠥᠷᠪᠡ ᠵᠢᠷᠭᠤᠳᠤᠭᠠᠷ ᠳᠡᠰ ᠤᠨ ᠠᠮᠠᠨ ᠶᠠᠷᠢᠶ᠎ᠠ ᠶᠢᠨ ᠰᠢᠯᠭᠠᠯᠲᠠ ᠳᠤ ᠨᠡᠷ᠎ᠡ ᠮᠡᠳᠡᠭᠦᠯᠬᠦ ᠳᠤ ᠪᠦᠬᠦ ᠤᠯᠤᠰ ᠤᠨ ᠲᠥᠪᠯᠡᠷᠡᠭᠦᠯᠦᠭᠰᠡᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠬᠡᠯᠪᠡᠷᠢ ᠶᠢ ᠠᠪᠴᠤ᠂ 4 ᠳ᠋ᠦ᠋ᠭᠡᠷ ᠰᠠᠷ᠎ᠠ ᠶᠢᠨ 25 ᠤ ᠡᠳᠦᠷ 9 ᠴᠠᠭ ᠠᠴᠠ 5 ᠳ᠋ᠤᠭᠠᠷ ᠰᠠᠷ᠎ᠠ ᠶᠢᠨ 2 ᠤᠨ ᠡᠳᠦᠷ ᠤᠨ 17 ᠴᠠᠭ ᠪᠣᠯᠲᠠᠯ᠎ᠠ ᠨᠡᠷ᠎ᠡ ᠮᠡᠳᠡᠭᠦᠯᠦᠨ᠎ᠡ᠂ ᠰᠢᠯᠭᠠᠭᠤᠯᠤᠭᠰᠠᠳ ᠥᠪᠡᠰᠦᠪᠡᠨ ᠪᠦᠬᠦ ᠤᠯᠤᠰ ᠤᠨ ᠶᠡᠭᠡ ᠰᠤᠷᠭᠠᠭᠤᠯᠢ ᠶᠢᠨ ᠠᠩᠭ᠍ᠯᠢ ᠬᠡᠯᠡᠨ ᠤ ᠳᠥᠷᠪᠡ ᠵᠢᠷᠭᠤᠳᠤᠭᠠᠷ ᠳᠡᠰ ᠤᠨ ᠰᠢᠯᠭᠠᠯᠲᠠ ᠶᠢᠨ ᠰᠦᠯᠵᠢᠶᠡᠨ ᠳᠤ ᠣᠷᠣᠵᠤ ᠨᠡᠷ᠎ᠡ ᠮᠡᠳᠡᠭᠦᠯᠵᠦ ᠪᠣᠯᠤᠨ᠎ᠠ᠃ ᠶᠡᠭᠡ ᠰᠤᠷᠭᠠᠭᠤᠯᠢ ᠶᠢᠨ ᠠᠩᠭ᠍ᠯᠢ ᠬᠡᠯᠡᠨ ᠤ ᠳᠥᠷᠪᠡ ᠵᠢᠷᠭᠤᠳᠤᠭᠠᠷ ᠳᠡᠰ ᠤᠨ ᠰᠢᠯᠭᠠᠯᠲᠠ ᠪᠣᠯᠤᠨ ᠨᠠᠰᠤᠨ ᠳᠤ ᠬᠦᠷᠦᠭᠰᠡᠳ ᠤᠨ ᠵᠢᠩᠬᠢᠨᠢ ᠠᠩᠭᠢ ᠲᠡᠭᠦᠰᠦᠭᠰᠡᠳ ᠤᠨ ᠣᠶᠤᠲᠠᠨ ᠤ ᠴᠣᠯᠠ ᠭᠤᠶᠤᠴᠢᠯᠠᠬᠤ ᠭᠠᠳᠠᠭᠠᠳᠤ ᠬᠡᠯᠡᠨ ᠤ ᠰᠢᠯᠭᠠᠯᠲᠠ ᠶᠢᠨ ᠨᠡᠷ᠎ᠡ ᠮᠡᠳᠡᠭᠦᠯᠬᠦ ᠴᠠᠭ ᠢ 3 ᠳ᠋ᠤᠭᠠᠷ ᠰᠠᠷ᠎ᠠ ᠶᠢᠨ 28 ᠤ ᠡᠳᠦᠷ ᠢᠶᠠᠷ ᠬᠢᠵᠠᠭᠠᠷᠯᠠᠪᠠ᠂ ᠲᠤᠰ ᠤᠳᠠᠭᠠᠨ ᠤ ᠰᠢᠯᠭᠠᠯᠲᠠ ᠳᠤ ᠨᠡᠶᠢᠭᠡᠮ ᠤᠨ ᠰᠢᠯᠭᠠᠭᠤᠯᠤᠭᠰᠠᠳ ᠤᠨ ᠨᠡᠷ᠎ᠡ ᠮᠡᠳᠡᠭᠦᠯᠬᠦ ᠶᠢ ᠬᠦᠯᠢᠶᠡᠨ ᠠᠪᠬᠤ ᠦᠭᠡᠢ᠂ ᠲᠤᠰ ᠰᠤᠷᠭᠠᠭᠤᠯᠢ ᠳᠤᠨᠢ ᠰᠢᠯᠭᠠᠯᠲᠠ ᠶᠢᠨ ᠴᠢᠬ ᠭᠠᠷᠭᠠᠭᠰᠠᠨ ᠦᠬᠡᠢ ᠰᠤᠷᠤᠯᠴᠠᠵᠤ ᠪᠠᠶᠢᠭ᠎ᠠ ᠰᠤᠷᠤᠭᠴᠢᠳ ᠲᠤ ᠪᠣᠯ ᠰᠤᠷᠭᠠᠭᠤᠯᠢ ᠠᠴᠠ ᠨᠢ ᠨᠢᠭᠡᠳᠦᠯᠲᠡᠶ ᠵᠣᠬᠢᠶᠠᠨ ᠪᠠᠶᠢᠭᠤᠯᠵᠤ ᠪᠠᠶᠢᠭᠠᠳ ᠣᠶᠢᠷ᠎ᠠ ᠬᠠᠪᠢ ᠶᠢᠨ ᠬᠤᠯᠪᠣᠭᠳᠠᠯ ᠪᠦᠬᠦᠢ ᠰᠢᠯᠭᠠᠯᠲᠠ ᠶᠢᠨ ᠴᠢᠭ᠋ ᠲᠠᠢ ᠬᠠᠷᠢᠯᠴᠠᠨ ᠰᠢᠯᠭᠠᠯᠲᠠ ᠳᠤ ᠨᠡᠷ᠎ᠡ ᠮᠡᠳᠡᠭᠦᠯᠦᠨ᠎ᠡ᠃ ᠲᠤᠰ ᠰᠤᠷᠭᠠᠭᠤᠯᠢ ᠳᠤᠨᠢ ᠰᠢᠯᠭᠠᠯᠲᠠ ᠶᠢᠨ ᠴᠢᠭ᠋ ᠪᠠᠶᠢᠭᠤᠯᠤᠭᠰᠠᠨ ᠰᠤᠷᠤᠯᠴᠠᠵᠤ ᠪᠠᠶᠢᠭ᠎ᠠ ᠰᠤᠷᠤᠭᠴᠢᠳ ᠵᠠᠷᠴᠢᠮ ᠳᠡᠭᠡᠷ᠎ᠡ ᠪᠠᠨ ᠰᠤᠷᠭᠠᠭᠤᠯᠢ ᠠᠯᠤᠰᠯᠠᠨ ᠨᠡᠷ᠎ᠡ ᠮᠡᠳᠡᠭᠦᠯᠦᠨ ᠰᠢᠯᠭᠠᠭᠤᠯᠵᠤ ᠪᠣᠯᠬᠤ ᠦᠭᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号