ᠯᠢ ᠵᠢᠢ ᠾᠧᠩ ᠪᠠᠶᠠᠨᠨᠠᠭᠤᠷ ᠬᠤᠲᠠ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ | ᠮᠠᠯ ᠠᠵᠤ ᠠᠬᠤᠢ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ ᠬᠠᠪᠤᠷ ᠤᠨ ᠲᠠᠷᠢᠶᠠᠯᠠᠭ᠎ᠠ ᠶᠢᠨ ᠪᠡᠯᠡᠳᠭᠡᠯ ᠠᠵᠢᠯ ᠢ ᠨᠠᠷᠢᠯᠢᠭ ᠰᠠᠶᠢᠳᠤᠷ ᠬᠢᠵᠦ ᠲᠥᠪ ᠤᠨ | ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ ᠦᠷ᠎ᠡ | ᠪᠦᠲᠦᠮᠵᠢ ᠭᠠᠷᠭᠠᠬᠤ ᠬᠡᠷᠡᠭᠳᠡᠢ ᠭᠡᠪᠡ | | 3 ᠳ᠋ᠤᠭᠠᠷ ᠰᠠᠷ᠎ᠠ ᠶᠢᠨ 26 ᠤ ᠡᠳᠦᠷ ᠤᠨ ᠦᠳᠡ ᠶᠢᠨ ᠡᠮᠤᠨ᠎ᠠ᠂ ᠦᠪᠡᠷᠳᠡᠬᠡᠨ ᠵᠠᠰᠠᠬᠤ ᠤᠷᠤᠨ ᠤ ᠨᠠᠮ | ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ | ᠡᠷᠬᠢᠯᠡᠭᠴᠢ ᠯᠢ ᠵᠢᠢ ᠾᠧᠩ ᠪᠠᠶᠠᠨᠨᠠᠭᠤᠷ ᠬᠤᠳᠠ ᠶᠢᠨ ᠯᠢᠨ ᠾᠧ ᠲᠤᠭᠤᠷᠢᠭ ᠤᠨ ᠭᠠᠨᠵᠤᠤᠷ ᠰᠦᠮ᠎ᠠ | ᠪᠠᠯᠭᠠᠰᠤ ᠶᠢᠨ ᠶᠦᠩ ᠹᠧᠩ ᠲᠤᠰᠬᠤᠨ ᠤ ᠲᠠᠷᠢᠶᠠᠨ ᠭᠠᠵᠠᠷ ᠲᠤ ᠬᠦᠷᠴᠦ᠂ ᠲᠤᠰᠬᠤᠨ ᠤ ᠠᠷᠠᠳ ᠪᠤᠯᠤᠨ ᠮᠡᠷᠬᠡᠵᠢᠯ | ᠤᠨ ᠠᠵᠢᠯᠳᠠᠳ ᠠᠴᠠ ᠬᠠᠪᠤᠷ ᠤᠨ ᠲᠠᠷᠢᠶᠠᠯᠠᠭ᠎ᠠ ᠶᠢᠨ ᠪᠠᠶᠢᠳᠠᠯ ᠢ ᠣᠶᠢᠯᠠᠭᠠᠵᠠᠢ᠃ | | 3 ᠳ᠋ᠤᠭᠠᠷ ᠰᠠᠷ᠎ᠠ ᠶᠢᠨ 26 ᠤ ᠡᠳᠦᠷ ᠤᠨ ᠦᠳᠡ ᠶᠢᠨ ᠡᠮᠤᠨ᠎ᠠ᠂ ᠦᠪᠡᠷᠳᠡᠬᠡᠨ ᠵᠠᠰᠠᠬᠤ ᠤᠷᠤᠨ ᠤ ᠨᠠᠮ | ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ | ᠡᠷᠬᠢᠯᠡᠭᠴᠢ ᠯᠢ ᠵᠢᠢ ᠾᠧᠩ ᠪᠠᠶᠠᠨᠨᠠᠭᠤᠷ ᠬᠤᠳᠠ ᠶᠢᠨ ᠳ᠋ᠧᠩᠺᠸᠤ ᠰᠢᠶᠠᠨ ᠳᠤ ᠰᠠᠨ ᠱᠧᠩ ᠬᠦᠩ ᠬᠠᠳᠤᠨ ᠭᠤᠤᠯ | ᠤᠨ ᠤᠰᠤᠨ ᠠᠰᠢᠬᠯᠠᠯᠳᠠ ᠶᠢᠨ ᠬᠦᠢᠰᠦ ᠪᠠᠷᠢᠯᠭ᠎ᠠ ᠶᠢᠨ ᠠᠵᠢᠯᠯᠠᠭ᠎ᠠ ᠶᠢ ᠪᠠᠶᠢᠴᠠᠭᠠᠨ ᠰᠤᠳᠤᠯᠤᠯᠲᠠ ᠬᠢᠪᠡ᠃ | | 3 ᠳ᠋ᠤᠭᠠᠷ ᠰᠠᠷ᠎ᠠ ᠶᠢᠨ 26 ᠤ ᠡᠳᠦᠷ ᠤᠨ ᠦᠳᠡ ᠶᠢᠨ ᠬᠤᠶᠢᠨ᠎ᠠ᠂ ᠦᠪᠡᠷᠳᠡᠬᠡᠨ ᠵᠠᠰᠠᠬᠤ ᠤᠷᠤᠨ ᠤ ᠨᠠᠮ | ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ | ᠡᠷᠬᠢᠯᠡᠭᠴᠢ ᠯᠢ ᠵᠢᠢ ᠾᠧᠩ ᠪᠠᠶᠠᠨᠨᠠᠭᠤᠷ ᠬᠤᠳᠠ ᠶᠢᠨ ᠯᠢᠨ ᠾᠧ ᠲᠤᠭᠤᠷᠢᠭ ᠤᠨ ᠬᠤᠶᠠᠷ ᠪᠤᠬᠳᠠ ᠠᠭᠤᠯᠠ | ᠪᠠᠯᠭᠠᠰᠦ ᠶᠢᠨ ᠹᠦ᠋ ᠴᠢᠶᠠᠩ ᠲᠤᠰᠬᠤᠨ ᠳᠤ ᠬᠦᠷᠴᠦ᠂ ᠲᠤᠰᠬᠤᠨ ᠤ ᠠᠷᠠᠳ ᠲᠠᠢ ᠬᠠᠮᠳᠦ ᠬᠦᠷᠢᠶᠡᠨ ᠲᠤᠮᠳᠠ | ᠰᠠᠭᠤᠯᠴᠠᠵᠦ ᠲᠡᠳᠡᠨᠠᠷ ᠲᠠᠢ ᠲᠠᠷᠢᠶᠠᠯᠠᠩ ᠤᠨ ᠲᠤᠬᠠᠢ ᠶᠠᠷᠢᠯᠴᠠᠪᠠ᠃ | 3 ᠳ᠋ᠤᠭᠠᠷ ᠰᠠᠷ᠎ᠠ ᠶᠢᠨ 25 ᠠᠴᠠ 27 ᠤ ᠡᠳᠦᠷ ᠪᠤᠯᠳᠠᠯ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ | ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ | ᠡᠷᠬᠢᠯᠡᠭᠴᠢ ᠯᠢ ᠵᠢᠢ ᠾᠧᠩ ᠪᠠᠶᠠᠨᠨᠠᠭᠤᠷ ᠬᠤᠳᠠ ᠶᠢᠨ ᠯᠢᠨ ᠾᠧ ᠲᠤᠭᠤᠷᠢᠭ᠂ ᠳ᠋ᠧᠩᠺᠸᠤ ᠰᠢᠶᠠᠨ᠂ ᠦᠶᠤᠸᠠᠨ | ᠰᠢᠶᠠᠨ ᠢᠶᠠᠷ ᠬᠦᠷᠴᠤ᠂ ᠲᠦᠪ ᠤᠨ ᠨᠢᠭᠡᠳᠦᠭᠡᠷ ᠲᠤᠭᠠᠳᠦ ᠪᠢᠴᠢᠭ ᠮᠠᠲ᠋ᠧᠷᠢᠶᠠᠯ ᠤᠨ ᠵᠤᠷᠢᠭ ᠰᠠᠨᠠᠭ᠎ᠠ ᠶᠢ | ᠲᠤᠤᠱᠯᠠᠭᠤᠯᠤᠨ ᠨᠡᠶᠢᠳᠡᠪᠦᠷᠢᠵᠢᠭᠤᠯᠵᠣ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠵᠤ᠂ ᠬᠠᠪᠤᠷ ᠤᠨ | ᠲᠠᠷᠢᠶᠠᠯᠠᠭ᠎ᠠ ᠶᠢᠨ ᠪᠡᠯᠡᠳᠭᠡᠯ ᠠᠵᠢᠯ ᠤᠨ ᠪᠠᠶᠢᠳᠠᠯ ᠢ ᠪᠠᠶᠢᠴᠠᠭᠠᠪᠠ᠃ | ᠮᠠᠯ ᠠᠵᠤ ᠠᠬᠤᠢ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ | ᠦᠭᠡᠷᠡᠴᠢᠯᠡᠯᠳᠡ ᠶᠢ ᠠᠬᠢᠭᠤᠯᠬᠤ ᠳᠤ ᠰᠢᠨᠵᠢᠯᠡᠭᠦ ᠤᠬᠠᠭᠠᠨ ᠮᠡᠷᠭᠡᠵᠢᠯ ᠤᠨ ᠲᠤᠯᠠᠭᠠᠭᠤᠷᠢᠯᠠᠯ ᠢ ᠬᠡᠷᠬᠢᠨ | ᠴᠢᠩᠭᠠᠳᠬᠠᠬᠤ᠂ ᠲᠠᠪᠴᠠᠩ ᠠᠠᠴᠢᠶᠠᠯᠠᠪᠤᠷᠢ ᠶᠢ ᠬᠡᠷᠬᠢᠨ ᠴᠤᠬᠴᠠᠯᠠᠬᠤ᠂ ᠲᠠᠷᠢᠶᠠᠴᠢᠨ ᠤ ᠭᠤᠤᠯ ᠴᠤᠬᠴᠠ ᠶᠢᠨ | ᠦᠢᠯᠡᠳᠦᠯ ᠢ ᠬᠡᠷᠬᠢᠨ ᠬᠦᠭᠵᠢᠭᠡᠭᠦ ᠶᠠᠪᠤᠳᠠᠯ ᠢ ᠯᠢ ᠵᠢᠢ ᠾᠧᠩ ᠲᠤᠩ ᠠᠩᠬᠠᠷᠣᠨ ᠬᠠᠯᠠᠮᠵᠢᠯᠠᠪᠠ᠃ ᠪᠠᠶᠠᠨᠨᠠᠭᠤᠷ | ᠬᠤᠳᠠ ᠶᠢᠨ ᠹᠦ᠋ ᠴᠤᠸᠠᠨ ᠤᠳᠤ ᠦᠶ᠎ᠠ ᠶᠢᠨ ᠮᠢᠬᠠᠨ ᠤ ᠬᠤᠨᠢ ᠲᠡᠵᠢᠭᠡᠭᠦ ᠰᠢᠨᠵᠢᠯᠡᠭᠦ ᠤᠬᠠᠭᠠᠨ ᠮᠡᠷᠭᠡᠵᠢᠯ ᠤᠨ | ᠬᠦᠷᠢᠶᠡᠯᠡᠩ ᠲᠤᠭᠤᠷᠢᠭ᠂ ᠬᠤᠳᠠ ᠶᠢᠨ ᠮᠠᠯ ᠠᠵᠤ ᠠᠬᠤᠢ ᠲᠠᠷᠢᠶᠠᠯᠠᠩ ᠤᠨ ᠰᠢᠨᠵᠢᠯᠡᠭᠦ ᠤᠬᠠᠭᠠᠨ ᠤ ᠬᠦᠷᠢᠶᠡᠯᠡᠩ᠂ | ᠯᠢᠨ ᠾᠧ ᠲᠤᠭᠤᠷᠢᠭ ᠤᠨ ᠭᠠᠨᠵᠤᠤᠷ ᠰᠦᠮ᠎ᠠ ᠪᠠᠯᠭᠠᠰᠦ ᠶᠢᠨ ᠶᠦᠩ ᠹᠧᠩ ᠲᠤᠰᠬᠤᠨ ᠤ ᠡᠯᠪᠡᠭ ᠰᠧᠯᠧᠨ᠋ᠳᠦ | ᠪᠤᠭᠤᠳᠠᠢ ᠶᠢᠨ ᠰᠢᠨᠵᠢᠯᠡᠭᠦ ᠤᠬᠠᠭᠠᠨ ᠮᠡᠷᠭᠡᠵᠢᠯ ᠤᠨ ᠵᠢᠱᠢᠶ᠎ᠠ ᠦᠵᠡᠭᠦᠯᠭᠦ ᠬᠦᠷᠢᠶᠡᠯᠡᠩ ᠲᠤᠭᠤᠷᠢᠭ ᠪᠠ | ᠪᠤᠷᠤᠳᠤᠬᠤᠢ ᠶᠢᠨ ᠡᠯᠧᠺᠲᠷᠤᠨ ᠬᠤᠳᠠᠯᠳᠤᠭᠠᠨ ᠤ ᠠᠵᠤ ᠦᠢᠯᠡᠰ ᠤᠨ ᠬᠦᠷᠢᠶᠡᠯᠡᠩ ᠳᠤ ᠬᠦᠷᠬᠦ ᠳᠡᠭᠡᠨ᠂ ᠯᠢ ᠵᠢᠢ | ᠾᠧᠩ ᠴᠢᠬᠤᠯᠠᠴᠢᠯᠠᠬᠰᠠᠨ ᠨᠢ᠂ ᠰᠢᠨᠵᠢᠯᠡᠭᠦ ᠤᠬᠠᠭᠠᠨ ᠮᠡᠷᠭᠡᠵᠢᠯ ᠤᠨ ᠰᠢᠨ᠎ᠠ ᠶᠢ ᠡᠭᠦᠳᠭᠦ ᠠᠬᠢᠴᠠ ᠪᠠᠨ | ᠲᠦᠷᠭᠡᠳᠭᠡᠨ᠂ ᠲᠡᠷᠢᠭᠦᠨ ᠤ ᠬᠡᠷᠡᠭᠯᠡᠭᠡᠨ ᠤ ᠮᠡᠷᠭᠡᠵᠢᠯ ᠤᠨ ᠦᠢᠯᠡᠴᠢᠯᠡᠭᠡ ᠪᠠ ᠳᠡᠯᠭᠡᠷᠡᠭᠦᠯᠦᠨ ᠬᠡᠷᠡᠭᠯᠡᠭᠦ ᠠᠵᠢᠯ ᠤᠨ | ᠡᠷᠴᠢᠮ ᠢ ᠴᠢᠩᠭᠠᠷᠠᠭᠤᠯᠵᠣ᠂ ᠤᠳᠤ ᠦᠶ᠎ᠠ ᠶᠢᠨ ᠮᠠᠯ ᠠᠵᠤ ᠠᠬᠤᠢ ᠲᠠᠷᠢᠶᠠᠯᠠᠩ ᠤᠨ ᠬᠦᠭᠵᠢᠯᠳᠡ ᠳᠤ ᠬᠦᠴᠦᠷᠭᠡᠭ | ᠶᠡᠭᠡ ᠬᠦᠳᠡᠯᠭᠡᠭᠴᠢ ᠬᠦᠴᠦᠨ ᠨᠡᠮᠡᠷᠢᠯᠡᠭᠦ ᠬᠡᠷᠡᠭᠳᠡᠢ᠃ ᠲᠤᠮᠤ ᠳ᠋ᠠᠶᠢᠲ᠋ᠠ᠂ ᠡᠭᠦᠯᠡᠨ ᠪᠤᠳᠤᠯᠳᠠ ᠳᠤ ᠲᠦᠰᠢᠭᠯᠡᠨ | ᠡᠵᠡᠩᠨᠡᠯᠳᠡ ᠪᠤᠷᠤᠯᠠᠭᠤᠯᠤᠯᠳᠠ ᠪᠠᠨ ᠦᠷᠭᠡᠳᠭᠡᠨ᠂ ᠲᠦᠷᠦᠯ ᠲᠡᠮᠳᠡᠭ ᠢ ᠡᠭᠦᠳᠴᠦ᠂ ᠵᠠᠬ᠎ᠠ ᠲᠡᠯᠭᠡᠭᠦᠷ ᠢ ᠨᠡᠭᠡᠭᠡᠵᠦ᠂ | ᠺᠤᠮᠫᠢᠦ᠋ᠲ᠋ᠧᠷ ᠤᠨ ᠬᠤᠯᠤᠭᠠᠨᠠᠴᠢᠷ ᠢ ᠲᠤᠪᠴᠢᠳᠠᠪᠠᠯ ᠪᠤᠷᠤᠳᠤᠬᠤᠢ ᠶᠢᠨ ᠴᠢᠨᠠᠷ ᠰᠠᠶᠢᠳᠠᠢ ᠮᠠᠯ ᠤᠨ ᠠᠰᠢᠭ ᠰᠢᠮ᠎ᠠ | ᠲᠠᠷᠢᠶᠠᠯᠠᠩ ᠤᠨ ᠪᠦᠳᠦᠭᠡᠭᠳᠡᠭᠦᠨ ᠢ ᠲᠡᠯᠡᠭᠡᠢ ᠶᠢᠨ ᠡᠯ᠎ᠠ ᠭᠠᠵᠠᠷ ᠲᠤ ᠪᠤᠷᠤᠯᠠᠭᠤᠯᠵᠦ ᠴᠢᠳᠠᠬᠤ ᠪᠤᠯᠭᠠᠬᠤ ᠬᠡᠷᠡᠭᠳᠡᠢ | ᠭᠡᠵᠡᠢ᠃ ᠡᠯᠧᠺᠲᠷᠤᠨ ᠤ ᠬᠤᠳᠠᠯᠳᠤᠭᠠᠴᠢᠨ᠂ ᠪᠦᠳᠦᠭᠡᠯᠴᠢ ᠬᠦᠮᠦᠰ ᠡᠷᠬᠡᠪᠰᠢ ᠦᠨᠡᠨᠴᠢ ᠢᠳᠡᠭᠡᠯ ᠲᠠᠢ ᠪᠠᠶᠢᠬᠤ᠂ | ᠬᠠᠤᠯᠢ ᠶᠤᠰᠤᠭᠠᠷ ᠡᠵᠡᠩᠨᠡᠭᠦ᠂ ᠪᠠᠷᠠᠭ᠎ᠠ ᠲᠠᠸᠠᠷ ᠦᠨᠡᠨ ᠪᠠᠶᠢᠬᠤ ᠬᠤᠷᠢᠭ᠎ᠠ ᠱᠤᠭᠤᠮ ᠢ ᠪᠠᠷᠢᠮᠳᠠᠯᠠᠨ ᠯᠠᠪᠳᠠᠭᠤᠨ | ᠪᠠᠳᠤᠳᠠᠢ ᠠᠵᠢᠯᠯᠠᠬᠤ ᠬᠡᠷᠡᠭᠳᠡᠢ ᠬᠡᠵᠤ ᠳᠡᠷᠡ ᠲᠠᠬᠢᠨ ᠲᠠᠪᠳᠠᠨ ᠵᠠᠬᠢᠵᠠᠢ᠃ ᠯᠢ ᠵᠢᠢ ᠾᠧᠩ ᠯᠢᠨ ᠾᠧ ᠲᠤᠭᠤᠷᠢᠭ | ᠤᠨ ᠬᠤᠶᠠᠷ ᠪᠤᠬᠳᠠ ᠠᠭᠤᠯᠠ ᠪᠠᠯᠭᠠᠰᠦ ᠶᠢᠨ ᠹᠦ᠋ ᠴᠢᠶᠠᠩ ᠲᠤᠰᠬᠤᠨ ᠳᠤ ᠬᠦᠷᠴᠦ᠂ ᠲᠤᠰᠬᠤᠨ ᠤ ᠠᠷᠠᠳ ᠲᠠᠢ | ᠬᠠᠮᠳᠦ ᠬᠦᠷᠢᠶᠡᠨ ᠲᠤᠮᠳᠠ ᠰᠠᠭᠤᠯᠴᠠᠵᠦ ᠲᠡᠳᠡᠨᠠᠷ ᠲᠠᠢ ᠲᠠᠷᠢᠶᠠᠯᠠᠩ ᠤᠨ ᠲᠤᠬᠠᠢ ᠶᠠᠷᠢᠯᠴᠠᠪᠠ᠃ ᠲᠡᠷᠡ ᠬᠡᠯᠡᠭᠰᠡᠨ ᠨᠢ | ᠂ ᠮᠠᠯᠴᠢᠨ ᠲᠠᠷᠢᠶᠠᠴᠢᠨ ᠵᠠᠬ᠎ᠠ ᠲᠡᠯᠭᠡᠭᠦᠷ ᠤᠨ ᠦᠴᠦᠭᠡᠨ ᠬᠤᠪᠢᠷᠠᠯᠳᠠ ᠳᠤ ᠴᠤ ᠬᠡᠰᠡᠨ ᠬᠠᠮᠤᠭ ᠤᠨ ᠰᠡᠷᠬᠡᠭ | ᠪᠠᠶᠢᠳᠠᠭ᠂ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠠᠬᠢᠭᠤᠯᠬᠤ ᠳᠤ ᠵᠠᠪᠠᠯ | ᠤᠯᠠᠨ ᠲᠦᠮᠡᠨ ᠤ ᠰᠠᠨᠠᠯ ᠢ ᠰᠤᠨᠤᠰᠴᠤ᠂ ᠤᠯᠠᠨ ᠲᠦᠮᠡᠨ ᠤ ᠬᠦᠰᠡᠯ ᠵᠤᠷᠢᠯᠳᠠ ᠶᠢ ᠬᠦᠨᠳᠦᠳᠭᠡᠨ᠂ ᠲᠡᠳᠡᠨ ᠤ | ᠭᠤᠤᠯ ᠴᠤᠬᠴᠠ ᠶᠢᠨ ᠦᠢᠯᠡᠳᠦᠯ ᠪᠤᠯᠤᠨ ᠪᠠᠶᠡᠴᠢ ᠴᠢᠳᠠᠮᠠᠭᠠᠢ ᠴᠢᠨᠠᠷ ᠢ ᠲᠠᠶᠢᠴᠢᠯᠠᠨ ᠰᠠᠶᠢᠳᠤᠷ ᠪᠠᠳᠠᠷᠠᠭᠤᠯᠬᠤ | ᠬᠡᠷᠡᠭᠳᠡᠢ ᠬᠡᠵᠠᠢ᠃ | ᠮᠠᠯ ᠠᠵᠤ ᠠᠬᠤᠢ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ | ᠦᠭᠡᠷᠡᠴᠢᠯᠡᠯᠳᠡ ᠨᠢ᠂ ᠡᠯ᠎ᠠ ᠱᠠᠳᠤᠨ ᠤ ᠵᠠᠰᠠᠭ ᠤᠨ ᠤᠷᠳᠤᠨ ᠵᠢᠴᠢ ᠮᠠᠯ ᠠᠵᠣ ᠠᠬᠤᠢ ᠲᠠᠷᠢᠶᠠᠯᠠᠩ ᠲᠠᠢ | ᠬᠤᠯᠪᠤᠬᠳᠠᠬᠰᠠᠨ ᠰᠠᠯᠠᠭ᠎ᠠ ᠮᠦᠴᠢᠷ ᠤᠨ ᠦᠢᠯᠡᠴᠢᠯᠡᠭᠡ ᠪᠠ ᠪᠠᠳᠤᠯᠠᠭ᠎ᠠ ᠠᠴᠠ ᠰᠠᠯᠵᠤ ᠴᠢᠳᠠᠬᠤ ᠦᠭᠡᠢ᠃ | ᠦᠶᠤᠸᠠᠨ ᠰᠢᠶᠠᠨ ᠤ ᠮᠠᠯ ᠠᠵᠤ ᠠᠬᠤᠢ ᠲᠠᠷᠢᠶᠠᠯᠠᠩ ᠤᠨ ᠦᠢᠯᠡᠴᠢᠯᠡᠭᠡᠨ ᠤ ᠲᠦᠪ ᠲᠤ᠂ ᠯᠢ ᠵᠢᠢ ᠾᠧᠩ | ᠦᠢᠯᠡᠴᠢᠯᠡᠭᠡᠨ ᠤ ᠲᠦᠪ ᠤᠨ ᠮᠠᠯ ᠠᠵᠤ ᠠᠬᠤᠢ ᠲᠠᠷᠢᠶᠠᠯᠠᠩ ᠲᠠᠢ ᠬᠤᠯᠪᠤᠬᠳᠠᠬᠰᠠᠨ ᠡᠯ᠎ᠠ ᠵᠦᠢᠯ ᠤᠨ ᠦᠢᠯᠡᠴᠢᠯᠡᠭᠡ | ᠬᠠᠮᠢᠶᠠᠷᠤᠯᠳᠠ ᠶᠢᠨ ᠵᠦᠢᠯᠡᠰ ᠢ ᠲᠦᠪᠯᠡᠷᠡᠭᠦᠯᠦᠨ ᠬᠦᠢᠴᠡᠳᠭᠡᠵᠦ ᠪᠠᠶᠢᠭ᠎ᠠ ᠵᠠᠬᠪᠤᠷ ᠢ ᠶᠡᠬᠡᠳᠡ ᠮᠠᠬᠳᠠᠨ ᠰᠠᠶᠢᠰᠢᠶᠠᠵᠤ | ᠂ ᠳᠡᠳᠡᠨᠡᠷ ᠢ ᠲᠤᠷᠰᠢᠯᠭ᠎ᠠ ᠪᠠᠨ ᠳ᠋ᠦᠩᠨᠡᠨ ᠲᠦᠪᠰᠢᠨ ᠢᠶᠠᠨ ᠲᠡᠭᠡᠭᠰᠢᠯᠡᠭᠦᠯᠵᠤ᠂ ᠲᠡᠯᠭᠡᠷᠡᠭᠦᠯᠭᠦ ᠠᠵᠢᠯ ᠢ ᠰᠠᠶᠢᠳᠤᠷ | ᠬᠢᠵᠤ᠂ ᠮᠠᠯᠴᠢᠨ ᠲᠠᠷᠢᠶᠠᠴᠢᠨ ᠳᠤ ᠨᠡᠩ ᠰᠢᠯᠢᠳᠡᠭ᠂ ᠨᠡᠩ ᠲᠦᠭᠦᠮ᠂ ᠨᠡᠩ ᠦᠷ᠎ᠡ ᠪᠦᠳᠦᠮᠵᠢᠳᠡᠢ ᠦᠢᠯᠡᠴᠢᠯᠡᠭᠡ | ᠬᠠᠩᠭᠠᠬᠤ ᠶᠢ ᠵᠣᠷᠢᠭᠵᠢᠭᠤᠯᠪᠠ᠃ ᠳ᠋ᠧᠩᠺᠸᠤ ᠰᠢᠶᠠᠨ ᠳᠤ᠂ ᠯᠢ ᠵᠢᠢ ᠾᠧᠩ ᠰᠠᠨ ᠱᠧᠩ ᠬᠦᠩ ᠬᠠᠳᠤᠨ ᠭᠤᠤᠯ | ᠤᠨ ᠤᠰᠤᠨ ᠠᠰᠢᠬᠯᠠᠯᠳᠠ ᠶᠢᠨ ᠬᠦᠢᠰᠦ ᠪᠠᠷᠢᠯᠭ᠎ᠠ ᠶᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠪᠠ᠂ ᠳᠡᠷᠡ | ᠬᠡᠯᠡᠭᠰᠡᠨ ᠨᠢ᠂ ᠤᠰᠤᠨ ᠠᠰᠢᠬᠯᠠᠯᠳᠠ ᠪᠤᠯ ᠲᠠᠷᠢᠶᠠᠯᠠᠩ ᠤᠨ ᠠᠮᠢᠨ ᠰᠤᠳᠠᠰᠦ ᠪᠤᠯᠤᠨ᠎ᠠ᠂ ᠲᠠᠷᠢᠶᠠᠨ ᠭᠠᠵᠠᠷ ᠤᠨ | ᠤᠰᠤᠨ ᠠᠰᠢᠬᠯᠠᠯᠳᠠ ᠶᠢᠨ ᠰᠠᠭᠤᠷᠢ ᠲᠦᠭᠦᠭᠡᠷᠦᠮᠵᠢ ᠶᠢ ᠲᠡᠭᠦᠯᠳᠡᠷᠵᠢᠭᠦᠯᠦᠨ᠂ ᠮᠠᠯ ᠠᠵᠤ ᠠᠬᠤᠢ ᠲᠠᠷᠢᠶᠠᠯᠠᠩ ᠤᠨ | ᠬᠦᠭᠵᠢᠯᠳᠡ ᠳᠤ ᠬᠦᠴᠦᠨ ᠪᠦᠬᠦᠢ ᠪᠠᠳᠤᠯᠠᠭ᠎ᠠ ᠬᠠᠩᠭᠠᠬᠤ ᠬᠡᠷᠡᠭᠳᠡᠢ ᠬᠡᠵᠡᠢ᠃ | ᠪᠠᠶᠢᠴᠠᠭᠠᠨ ᠰᠤᠳᠤᠯᠤᠯᠳᠠ ᠬᠢᠭᠰᠡᠨ ᠬᠤᠭᠤᠴᠠᠭᠠᠨ ᠳᠠᠭᠠᠨ᠂ ᠯᠢ ᠵᠢᠢ ᠾᠧᠩ ᠪᠠᠶᠠᠨᠨᠠᠭᠤᠷ ᠬᠤᠳᠠ ᠶᠢᠨ | ᠠᠵᠢᠯ ᠤᠨ ᠬᠠᠷᠢᠭᠤ ᠮᠡᠳᠡᠭᠦᠯᠦᠯᠳᠡ ᠶᠢ ᠰᠤᠨᠤᠰᠬᠤ ᠶᠢᠨ ᠬᠠᠮᠳᠤ ᠶᠠᠷᠢᠶ᠎ᠠ ᠲᠠᠯᠪᠢᠪᠠ᠃ ᠲᠡᠷᠡ ᠴᠢᠬᠤᠯᠠᠴᠢᠯᠠᠬᠰᠠᠨ ᠨᠢ | ᠂ ᠡᠨᠡ ᠵᠢᠯ ᠤᠨ ᠲᠦᠪ ᠤᠨ ᠨᠢᠭᠡᠳᠦᠭᠡᠷ ᠲᠤᠭᠠᠳᠦ ᠪᠢᠴᠢᠭ ᠮᠠᠲ᠋ᠧᠷᠢᠶᠠᠯ ᠪᠤᠯ᠂ ᠰᠢ ᠶᠢᠨ ᠫᠢᠩ ᠨᠦᠬᠦᠷ ᠢᠶᠠᠷ ᠭᠤᠤᠯ | ᠪᠤᠯᠭᠠᠬᠰᠠᠨ ᠨᠠᠮ ᠤᠨ ᠲᠦᠪ ᠬᠤᠷᠢᠶ᠎ᠠ ᠮᠠᠨ ᠤ ᠤᠯᠤᠰ ᠤᠨ ᠲᠠᠷᠢᠶᠠᠯᠠᠩ ᠲᠠᠷᠢᠶᠠᠯᠠᠬᠤ ᠤᠷᠤᠨ ᠤ ᠬᠦᠭᠵᠢᠯᠳᠡ | ᠰᠢᠨ᠎ᠠ ᠲᠡᠤᠭᠡᠨ ᠱᠠᠳᠤᠨ ᠳᠤ ᠤᠷᠤᠬᠰᠠᠨ ᠤᠨᠴᠠᠯᠢᠭ ᠢ ᠤᠨᠤᠪᠴᠢᠳᠠᠢ ᠡᠵᠡᠮᠰᠢᠭᠰᠡᠨ ᠤ ᠰᠠᠭᠤᠷᠢᠨ ᠲᠡᠭᠡᠷ᠎ᠡ | ᠲᠤᠬᠳᠠᠭᠠᠬᠰᠠᠨ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ | ᠬᠦᠨᠵᠡᠭᠡᠶᠢᠷᠡᠭᠦᠯᠦᠨ ᠠᠬᠢᠭᠤᠯᠬᠤ᠂ ᠲᠠᠷᠢᠶᠠᠯᠠᠩ ᠲᠠᠷᠢᠶᠠᠯᠠᠬᠤ ᠤᠷᠤᠨ ᠤ ᠬᠦᠭᠵᠢᠯᠳᠡ ᠶᠢᠨ ᠰᠢᠨ᠎ᠠ ᠬᠦᠳᠡᠯᠭᠡᠭᠴᠢ | ᠡᠨᠧᠷᠬᠢ ᠶᠢ ᠲᠦᠷᠭᠡᠳᠭᠡᠨ ᠪᠤᠶᠢᠵᠢᠭᠤᠯᠬᠤ ᠦᠵᠦ ᠲᠦᠯᠦᠪᠯᠡᠭᠡ ᠪᠤᠯᠤᠨ᠎ᠠ᠃ ᠡᠯ᠎ᠠ ᠱᠠᠳᠤᠨ ᠤ ᠤᠳᠤᠷᠢᠳᠬᠤ | ᠺᠠᠳ᠋ᠷᠴᠤᠳ ᠤᠯᠤᠰ ᠲᠦᠷᠦ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ᠂ ᠭᠤᠤᠯᠯᠠᠬᠤ ᠤᠬᠠᠮᠰᠠᠷ᠂ ᠨᠢᠭᠡᠳᠦᠯᠳᠡᠢ | ᠪᠠᠶᠢᠬᠤ ᠤᠬᠠᠮᠰᠠᠷ ᠢᠶᠠᠨ ᠦᠨᠡᠨᠭᠦ ᠴᠢᠩᠭᠠᠷᠭᠤᠯᠵᠤ᠂ ᠢᠳᠡᠭᠡᠯ ᠵᠣᠷᠢᠭ ᠢᠶᠠᠨ ᠪᠠᠳᠤᠳᠬᠠᠨ ᠠᠳᠬᠤᠵᠣ᠂ ᠰᠢᠳᠦ | ᠵᠠᠭᠤᠨ ᠴᠢᠷᠮᠠᠶᠢᠨ ᠠᠵᠢᠯᠯᠠᠵᠤ᠂ ᠪᠤᠬᠢᠷᠳᠦᠯ ᠦᠭᠡᠢ ᠳᠡᠮᠳᠡᠭ ᠢ ᠪᠠᠳᠤ ᠱᠤᠭᠤᠨ᠂ ᠠᠮᠢ ᠠᠬᠤᠢ ᠶᠢᠨ ᠬᠠᠭᠤᠳᠠᠰᠣ ᠶᠢ | ᠰᠠᠶᠢᠳᠣᠷ ᠪᠢᠴᠢᠭᠯᠡᠵᠦ᠂ ᠤᠨᠴᠠᠯᠢᠬᠳᠦ ᠵᠠᠮ ᠢᠶᠠᠷ ᠰᠠᠶᠢᠳᠤᠷ ᠵᠠᠮᠨᠠᠵᠤ᠂ ᠲᠦᠷᠦᠯ ᠲᠡᠮᠳᠡᠭ ᠤᠨ ᠲᠠᠶᠢᠯᠠᠯᠳᠤᠭᠠᠨ ᠢ | ᠰᠠᠶᠢᠳᠤᠷ ᠬᠢᠵᠤ᠂ ᠮᠠᠯ ᠠᠵᠤ ᠠᠬᠤᠢ ᠲᠠᠷᠢᠶᠠᠯᠠᠩ ᠤᠨ ᠤᠳᠤᠬᠢᠴᠢᠯᠡᠯᠳᠡ ᠪᠠ ᠰᠢᠨ᠎ᠠ ᠬᠡᠯᠪᠡᠷᠢ ᠶᠢᠨ ᠠᠵᠤ | ᠦᠢᠯᠡᠳᠪᠦᠷᠢᠵᠢᠯᠳᠡ᠂ ᠮᠡᠳᠡᠭᠡ ᠵᠠᠩᠬᠢᠵᠢᠯᠳᠡ᠂ ᠬᠤᠳᠠ ᠪᠠᠯᠭᠠᠰᠤᠵᠢᠯᠳᠠ᠂ ᠪᠤᠬᠢᠷᠳᠦᠯ ᠦᠭᠡᠢ ᠬᠦᠭᠵᠢᠯᠳᠡ ᠶᠢᠨ | ᠠᠭᠤᠰᠤᠯᠴᠠᠯ ᠬᠤᠷᠰᠢᠯᠴᠠᠯ ᠢ ᠨᠡᠩ ᠬᠦᠨᠳᠦᠳᠭᠡᠨ ᠠᠬᠢᠭᠤᠯᠵᠤ᠂ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ | ᠠᠵᠤ ᠦᠢᠯᠡᠰ ᠤᠨ ᠠᠭᠤᠰᠤᠯᠴᠠᠨ ᠬᠦᠭᠵᠢᠭᠦ ᠶᠢ ᠠᠬᠢᠭᠤᠯᠵᠤ᠂ ᠦᠷᠭᠦᠯᠵᠢᠯᠡᠨ ᠬᠦᠴᠦ ᠣᠷᠣᠭᠤᠯᠵᠣ᠂ ᠣᠷᠳᠣ | ᠬᠤᠭᠤᠴᠠᠭ᠎ᠠ ᠬᠦᠴᠦᠯᠡᠬᠦ ᠬᠡᠷᠡᠭᠳᠡᠢ᠃ ᠬᠠᠪᠤᠷ ᠤᠨ ᠲᠠᠷᠢᠶᠠᠯᠠᠭ᠎ᠠ ᠶᠢᠨ ᠪᠡᠯᠡᠳᠭᠡᠯ ᠠᠵᠢᠯ ᠢ ᠪᠦᠬᠦ ᠬᠦᠴᠦᠨ ᠢᠶᠠᠷ | ᠰᠠᠶᠢᠳᠤᠷ ᠬᠢᠵᠤ᠂ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠶᠢ ᠨᠠᠶᠢᠳᠠᠪᠣᠷᠢᠵᠢᠭᠤᠯᠣᠨ᠂ ᠲᠦᠷᠦ ᠶᠢᠨ | ᠪᠤᠳᠤᠯᠭ᠎ᠠ ᠶᠢ ᠨᠡᠶᠢᠳᠡᠪᠦᠷᠢᠵᠢᠭᠤᠯᠵᠣ᠂ ᠲᠠᠷᠢᠶᠠᠯᠠᠩ ᠤᠨ ᠪᠡᠯᠡ ᠮᠦᠩᠭᠦ ᠶᠢᠨ ᠬᠠᠮᠢᠶᠠᠷᠤᠯᠳᠠ ᠶᠢ ᠨᠠᠶᠢᠳᠠᠪᠣᠷᠢᠵᠢᠭᠤᠯᠵᠣ | ᠂ ᠰᠠᠭᠤᠷᠢ ᠪᠦᠳᠦᠭᠡᠨ ᠪᠠᠶᠢᠭᠤᠯᠤᠯᠳᠠ ᠶᠢ ᠨᠠᠶᠢᠳᠠᠪᠣᠷᠢᠵᠢᠭᠤᠯᠵᠣ᠂ ᠦᠢᠯᠡᠴᠢᠯᠡᠭᠡ ᠪᠠᠳᠤᠯᠠᠭ᠎ᠠ ᠶᠢ | ᠨᠠᠶᠢᠳᠠᠪᠣᠷᠢᠵᠢᠭᠤᠯᠵᠣ᠂ ᠠᠵᠢᠯ ᠤᠨ ᠨᠢᠭᠡᠳᠦᠯᠳᠡᠢ ᠲᠦᠯᠦᠪᠵᠢᠭᠦᠯᠭᠡ ᠶᠢ ᠨᠠᠶᠢᠳᠠᠪᠣᠷᠢᠵᠢᠭᠤᠯᠵᠣ᠂ ᠦᠨᠳᠦᠰᠦᠨ | ᠱᠠᠳᠤᠨ ᠤ ᠨᠠᠮ ᠤᠨ ᠪᠠᠶᠢᠭᠤᠯᠤᠯᠳᠠ ᠶᠢ ᠨᠠᠶᠢᠳᠠᠪᠣᠷᠢᠵᠢᠭᠤᠯᠵᠣ᠂ ᠣᠨᠠᠯᠳᠠ ᠶᠢ ᠨᠡᠮᠡᠭᠳᠡᠭᠦᠯᠬᠦ ᠦᠷ᠎ᠡ ᠠᠰᠢᠭ ᠢ | ᠨᠡᠮᠡᠭᠳᠡᠭᠦᠯᠬᠦ ᠣᠷᠣᠯᠭ᠎ᠠ ᠶᠢ ᠨᠡᠮᠡᠭᠳᠡᠭᠦᠯᠬᠦ ᠰᠠᠨᠠᠭᠠᠴᠢᠯᠠᠭᠠᠳᠦ ᠡᠷᠭᠡ ᠶᠢ ᠤᠯᠵᠤ᠂ ᠮᠠᠯ ᠠᠵᠤ ᠠᠬᠤᠢ ᠲᠠᠷᠢᠶᠠᠯᠠᠩ ᠪᠠ | ᠮᠠᠯᠵᠢᠬᠤ ᠲᠠᠷᠢᠶᠠᠯᠠᠬᠤ ᠤᠷᠤᠨ ᠤ ᠬᠦᠭᠵᠢᠯᠳᠡ ᠶᠢᠨ ᠰᠠᠶᠢᠨ ᠪᠠᠶᠢᠳᠠᠯ ᠢ ᠲᠠᠰᠤᠷᠠᠯᠲᠠ ᠦᠭᠡᠢ ᠪᠠᠬᠢᠵᠢᠭᠦᠯᠭᠦ ᠬᠡᠷᠡᠭᠳᠡᠢ | ᠬᠡᠪᠡ᠃ | ᠦᠪᠡᠷᠳᠡᠭᠡᠨ ᠵᠠᠰᠠᠬᠤ ᠤᠷᠤᠨ ᠤ ᠤᠳᠤᠷᠢᠳᠤᠯᠭ᠎ᠠ ᠸᠠᠩ ᠢᠤᠢ ᠮᠢᠩ ᠪᠠᠷ᠎ᠠ ᠪᠤᠯᠵᠤ ᠪᠠᠶᠢᠴᠠᠭᠠᠨ | ᠰᠤᠳᠤᠯᠤᠯᠳᠠ ᠬᠢᠵᠠᠢ᠃ | |