2020 ᠣᠨ ᠪᠣᠯᠬᠤ ᠳᠤ ᠮᠠᠨ ᠤ ᠣᠷᠣᠨ ᠤ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠡᠵᠡᠯᠡᠬᠦ ᠬᠠᠷᠢᠴᠠᠯ ᠢ 25%᠎ ᠠᠴᠠ ᠳᠡᠭᠡᠭᠰᠢ ᠳᠤ ᠬᠦᠷᠦᠬᠦᠯᠦᠨ᠎ᠡ
ᠨᠡᠶᠢᠲᠡᠯᠡᠭᠰᠡᠨ ᠴᠠᠭ᠄
2017/3/28
      ᠣᠶᠢᠷ᠎ᠠ ᠳᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠠᠷᠤᠮᠠᠯᠯᠠᠨ ᠲᠠᠷᠬᠠᠭᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠳᠤᠮᠳᠠᠳᠤ ᠤᠯᠤᠰ ᠦᠢᠯᠡᠳᠬᠦ 2025﹀᠎ ᠶᠢᠨ ᠠᠵᠢᠯᠯᠠᠭ᠎ᠠ ᠶᠢ ᠨᠠᠶᠢᠳᠠᠪᠤᠷᠢᠵᠢᠭᠤᠯᠬᠤ ᠬᠥᠲᠥᠯᠪᠦᠷᠢ︾᠎ ᠳᠤ᠄ 2020 ᠣᠨ ᠪᠣᠯᠬᠤ ᠳᠤ ᠪᠥᠬᠦ ᠣᠷᠣᠨ ᠤ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠦᠢᠯᠡᠳᠬᠦ ᠦᠢᠯᠡᠰ ᠤᠨ ᠳᠤᠲᠤᠷ᠎ᠠ ᠡᠵᠡᠯᠡᠬᠦ ᠬᠤᠪᠢ ᠶᠢᠨ ᠵᠢᠩ ᠢ 25%᠎ ᠠᠴᠠ ᠳᠡᠭᠡᠭᠰᠢᠬᠢ ᠳᠤ ᠬᠦᠷᠦᠬᠦᠯᠦᠨ᠎ᠡ ᠬᠡᠵᠤ ᠲᠤᠲᠤᠷᠬᠠᠶᠢᠯᠠᠪᠠ᠃ ᠬᠦᠲᠦᠯᠪᠦᠷᠢ ᠨᠢ ᠮᠠᠨ ᠤ ᠣᠷᠣᠨ ᠤ ᠢᠷᠡᠭᠡᠳᠦᠶ ᠶᠢᠨ ᠬᠥᠭᠵᠢᠯᠲᠡ ᠶᠢᠨ ᠬᠠᠷᠠᠯᠲᠠ ᠶᠢᠨ ᠲᠤᠭᠤᠷᠢᠨ ᠳᠤ ᠳᠤᠯᠤᠭᠠᠨ ᠶᠡᠭᠡ ᠴᠢᠭᠯᠡᠯ ᠪᠤᠯᠤᠨ ᠭᠤᠣᠯᠳᠠᠯᠭ᠎ᠠ ᠶᠢ ᠲᠤᠭᠲᠠᠭᠠᠪᠠ᠄      ᠰᠢᠨ᠎ᠡ ᠡᠳ᠋ ᠮᠠᠲ᠋ᠧᠷᠢᠶᠠᠯ ᠤᠨ ᠠᠵᠤ ᠦᠢᠯᠡᠰ᠃ ᠡᠯᠪᠡᠭ ᠪᠠᠶᠠᠯᠢᠭ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠪᠤᠯᠤᠨ ᠲᠦᠭᠦᠬᠡᠶ ᠡᠳ᠋ ᠮᠠᠲ᠋ᠧᠷᠢᠶᠠᠯ ᠤᠨ ᠠᠵᠤ ᠦᠢᠯᠡᠰ ᠢᠶᠠᠷ ᠰᠠᠭᠤᠷᠢ ᠪᠤᠯᠭᠠᠭᠰᠠᠨ ᠬᠠᠷᠢᠴᠠᠩᠭᠤᠶ ᠳᠠᠪᠠᠭᠤᠯᠢᠭ ᠲᠤ ᠲᠦᠰᠢᠭᠯᠡᠨ᠂ ᠠᠵᠤ ᠦᠢᠯᠡᠰ ᠤᠨ ᠬᠡᠯᠬᠢᠶᠡᠵᠢᠯ ᠢ ᠢᠳᠡᠪᠬᠢᠲᠡᠶ ᠦᠷᠭᠡᠳᠭᠡᠵᠤ᠂ ᠰᠢᠨ᠎ᠡ ᠡᠳ᠋ ᠮᠠᠲ᠋ᠧᠷᠢᠶᠠᠯ ᠤᠨ ᠠᠵᠤ ᠦᠢᠯᠡᠰ ᠢ ᠳᠡᠭᠡᠳᠦ ᠲᠡᠰᠴᠢᠯᠡᠯᠳᠡ ᠲᠡᠰᠢ ᠬᠦᠭᠵᠢᠬᠦᠯᠬᠦ ᠶᠢ ᠲᠦᠯᠬᠢᠨ ᠠᠬᠢᠭᠤᠯᠤᠨ᠎ᠠ᠃      ᠤᠳᠤ ᠦᠶ᠎ᠡ ᠶᠢᠨ ᠲᠤᠨᠤᠭ ᠲᠥᠬᠦᠭᠡᠷᠦᠮᠵᠢ ᠦᠢᠯᠡᠳᠬᠦ ᠦᠢᠯᠡᠰ᠃ ᠣᠳᠣ ᠦᠶ᠎ᠡ ᠶᠢᠨ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠤᠨ ᠠᠵᠤ ᠦᠶᠯᠡᠰ ᠤᠨ ᠰᠢᠨ᠎ᠡ ᠰᠢᠰᠲ᠋ᠧᠮᠵᠢ ᠶᠢ ᠢᠳᠡᠪᠬᠢᠲᠡᠶ ᠪᠠᠷ ᠪᠤᠶᠢᠵᠢᠭᠤᠯᠵᠤ᠂ ᠬᠤᠶᠠᠷ ᠲᠤᠶᠢᠯ ᠤᠨ ᠬᠦᠨᠵᠡᠭᠡᠢ ᠠᠭᠤᠰᠤᠯᠴᠠᠯ ᠢ ᠶᠡᠬᠡᠪᠡᠷ ᠲᠦᠯᠬᠢᠨ ᠠᠬᠢᠭᠤᠯᠵᠤ᠂ ᠤᠶᠤᠨᠲᠤ ᠦᠢᠯᠡᠳᠪᠦᠷᠢ ᠶᠢ ᠳᠡᠯᠭᠡᠷᠡᠭᠦᠯᠦᠨ ᠲᠦᠭᠡᠮᠡᠯᠵᠢᠭᠦᠯᠵᠦ᠂  ᠤᠯᠠᠮᠵᠢᠯᠠᠯᠲᠤ ᠳᠠᠪᠠᠭᠤᠯᠢᠭ ᠲᠤᠨᠤᠭ ᠲᠦᠬᠦᠭᠡᠷᠦᠮᠵᠢ ᠦᠢᠯᠡᠳᠬᠦ ᠦᠢᠯᠡᠰ ᠢ ᠰᠤᠳᠤᠯᠤᠨ ᠨᠡᠭᠡᠭᠡᠬᠦ᠂ ᠦᠢᠯᠡᠳᠪᠦᠷᠢᠯᠡᠬᠦ᠂ ᠬᠠᠮᠢᠶᠠᠷᠬᠤ ᠪᠠ ᠦᠢᠯᠡᠴᠢᠯᠡᠬᠦ ᠶᠢ ᠤᠶᠤᠨᠴᠢᠯᠠᠬᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂  ᠲᠡᠷᠢᠭᠦᠨ ᠤ ᠲᠣᠭᠤᠷᠢᠯ ᠵᠡᠮ ᠬᠠᠷᠢᠯᠴᠠᠭᠠᠨ ᠤ ᠲᠤᠨᠤᠭ ᠲᠦᠬᠦᠭᠡᠷᠦᠮᠵᠢ᠂ ᠰᠠᠨᠰᠠᠷ ᠠᠭᠠᠷ ᠤᠨ ᠠᠶᠠᠯᠠᠯ ᠤᠨ ᠲᠤᠨᠤᠭ ᠲᠦᠬᠦᠭᠡᠷᠦᠮᠵᠢ᠂ ᠳᠥᠷᠪᠡᠳᠦᠭᠡᠷ ᠦᠶ᠎ᠡ ᠶᠢᠨ ᠴᠥᠮ᠎ᠡ ᠶᠢᠨ ᠴᠠᠬᠢᠯᠭᠠᠨ ᠤ ᠲᠦᠯᠡᠰᠢ ᠶᠢᠨ ᠲᠣᠨᠤᠭ᠂ ᠳᠡᠭᠡᠳᠦ ᠴᠢᠳᠠᠪᠬᠢᠲᠦ ᠡᠮ ᠡᠮᠨᠡᠯᠭᠡ ᠶᠢᠨ ᠪᠠᠭᠠᠵᠢ ᠬᠡᠷᠡᠭᠰᠡᠯ᠂ ᠤᠶᠤᠨᠲᠤ ᠦᠢᠯᠡᠳᠬᠦ ᠦᠢᠯᠡᠰ ᠪᠤᠯᠤᠨ ᠠᠵᠤ ᠦᠢᠯᠡᠳᠪᠦᠷᠢ ᠶᠢᠨ ᠮᠠᠰᠢᠨ ᠬᠥᠮᠦᠨ ᠵᠡᠷᠭᠡ ᠳᠡᠭᠡᠳᠦ ᠳᠡᠰ ᠤᠨ ᠲᠤᠨᠤᠭ ᠲᠥᠬᠦᠭᠡᠷᠦᠮᠵᠢ ᠦᠢᠯᠡᠳᠬᠦ ᠦᠢᠯᠡᠰ ᠢ ᠪᠤᠶᠢᠵᠢᠭᠤᠯᠤᠨ ᠬᠦᠭᠵᠢᠬᠦᠯᠦᠨ᠎ᠡ᠃      ᠡᠭᠦᠯᠡᠨ ᠪᠤᠳᠤᠯᠲᠠ ᠵᠢᠴᠢ ᠲᠣᠮᠣ ᠳ᠋ᠠᠶᠢᠲ᠋ᠠ ᠶᠢᠨ ᠬᠡᠷᠡᠭᠯᠡᠭᠡ ᠶᠢᠨ ᠠᠵᠤ ᠦᠢᠯᠡᠰ᠃ ᠡᠬᠢ ᠪᠠᠶᠠᠯᠢᠭ ᠤᠨ ᠬᠠᠮᠢᠶᠠᠷᠤᠯᠲᠠ ᠶᠢᠨ ᠮᠡᠷᠭᠡᠵᠢᠯ᠂ ᠲᠤᠮᠤ ᠳ᠋ᠠᠶᠢᠲ᠋ᠠ ᠬᠠᠳᠠᠭᠠᠯᠠᠬᠤ ᠮᠡᠷᠭᠡᠵᠢᠯ᠂ ᠵᠡᠷᠭᠡ ᠪᠠᠷ ᠪᠤᠳᠦᠬᠤ ᠮᠡᠷᠭᠡᠵᠢᠯ᠂ ᠲᠤᠭ᠎ᠠ ᠪᠠᠷᠢᠮᠲᠠ ᠶᠢ ᠵᠠᠳᠠᠯᠤᠨ ᠠᠭᠤᠳᠠᠯᠬᠤ ᠮᠡᠷᠭᠡᠵᠢᠯ᠂ ᠰᠢᠰᠲ᠋ᠧᠮ ᠤᠨ ᠵᠥᠭᠡᠯᠡᠨ ᠲᠤᠨᠤᠭ ᠤᠨ ᠮᠡᠷᠭᠡᠵᠢᠯ᠂ ᠮᠡᠳᠡᠭᠡ ᠵᠠᠩᠭᠢ ᠶᠢᠨ ᠠᠮᠤᠷ ᠲᠦᠪᠰᠢᠨ ᠤ ᠮᠡᠷᠭᠡᠵᠢᠯ ᠵᠡᠷᠭᠡ ᠭᠤᠣᠯᠯᠠᠬᠤ ᠮᠡᠷᠭᠡᠵᠢᠯ ᠢ ᠰᠤᠳᠤᠯᠤᠨ ᠨᠡᠭᠡᠭᠡᠬᠦ ᠶᠢ ᠲᠥᠯᠬᠢᠨ ᠠᠬᠢᠭᠤᠯᠤᠨ᠎ᠠ᠃  ᠡᠭᠦᠯᠡᠨ ᠪᠤᠳᠤᠯᠲᠠ᠂ ᠲᠤᠮᠤ ᠳ᠋ᠠᠶᠢᠲ᠋ᠠ ᠶᠢᠨ ᠮᠡᠷᠭᠡᠵᠢᠯ ᠵᠢᠴᠢ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ᠂ ᠰᠢᠯᠵᠢᠮᠡᠯ ᠢᠨᠲ᠋ᠧᠷ  ᠰᠦᠯᠵᠢᠶ᠎ᠡ ᠶᠢᠨ ᠬᠠᠮᠲᠤᠷᠠᠨ ᠰᠢᠨ᠎ᠡ ᠶᠢ ᠡᠭᠦᠳᠬᠦ ᠶᠢ ᠲᠦᠷᠭᠡᠳᠬᠡᠵᠦ᠂ ᠡᠭᠦᠯᠡᠨ ᠪᠤᠳᠤᠯᠲᠠ ᠪᠠᠷ ᠲᠣᠮᠣ ᠳ᠋ᠠᠶᠢᠲ᠋ᠠ᠂ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ᠂ ᠰᠢᠯᠵᠢᠮᠡᠯ ᠢᠨᠲ᠋ᠧᠷ ᠰᠦᠯᠵᠢᠶ᠎ᠡ ᠵᠡᠷᠭᠡ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢ ᠡᠯ᠎ᠡ ᠠᠵᠢᠯ ᠲᠦᠷᠤᠯ ᠡᠯ᠎ᠡ ᠬᠦᠷᠢᠶᠡᠨ ᠳᠤ ᠥᠷᠭᠡᠨ ᠢᠶᠠᠷ ᠬᠡᠷᠡᠭᠯᠡᠬᠦ ᠶᠢ ᠲᠥᠯᠬᠢᠨ ᠠᠬᠢᠭᠤᠯᠤᠨ᠎ᠠ᠃      ᠳᠡᠭᠡᠳᠦ ᠲᠡᠰ ᠤᠨ ᠨᠡᠭᠦᠷᠡᠰᠦ ᠶᠢ ᠴᠡᠪᠡᠷ ᠪᠥᠭᠡᠳ ᠥᠨᠳᠥᠷ ᠪᠦᠲᠦᠮᠵᠢᠲᠡᠶ ᠪᠠᠷ ᠠᠰᠢᠭᠯᠠᠬᠤ ᠠᠵᠤ ᠦᠢᠯᠡᠰ᠃ ᠨᠡᠭᠦᠷᠡᠰᠦ ᠶᠢ ᠴᠡᠪᠡᠷ ᠪᠥᠭᠡᠳ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠦᠢᠯᠡᠳᠬᠦᠨ ᠤ ᠨᠡᠮᠡᠯᠲᠡ ᠦᠷᠲᠡᠭ ᠢ ᠳᠡᠭᠡᠭᠰᠢᠯᠡᠭᠦᠯᠬᠦ ᠲᠠᠢ ᠤᠶᠠᠯᠳᠤᠭᠤᠯᠬᠤ ᠶᠢ ᠪᠠᠷᠢᠮᠲᠠᠯᠠᠵᠤ᠂ ᠰᠢᠨ᠎ᠡ ᠪᠠᠷ ᠬᠥᠭᠵᠢᠭᠰᠡᠨ ᠳᠡᠭᠡᠳᠦ ᠲᠡᠰ ᠤᠨ ᠨᠠᠷᠢᠯᠢᠭ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠨᠡᠮᠡᠭᠳᠡᠯ ᠴᠡᠭ ᠢ ᠪᠤᠶᠢᠵᠢᠭᠤᠯᠵᠤ᠂ ᠨᠡᠭᠦᠷᠡᠰᠦ ᠶᠢ ᠴᠡᠪᠡᠷ ᠪᠥᠭᠡᠳ ᠥᠨᠳᠥᠷ ᠪᠦᠲᠦᠮᠵᠢᠲᠡᠶ ᠪᠠᠷ ᠠᠰᠢᠭᠯᠠᠬᠤ ᠰᠢᠨ᠎ᠡ ᠮᠡᠷᠭᠡᠵᠢᠯ᠂ ᠰᠢᠨ᠎ᠡ ᠲᠤᠨᠤᠭ ᠲᠥᠬᠦᠭᠡᠷᠦᠮᠵᠢ᠂ ᠰᠢᠨ᠎ᠡ ᠤᠷ᠎ᠠ ᠮᠡᠷᠭᠡᠰᠢᠯ᠂ ᠰᠢᠨ᠎ᠡ ᠦᠢᠯᠡᠳᠬᠦᠨ ᠢ ᠠᠵᠤ ᠦᠢᠯᠡᠰᠵᠢᠭᠦᠯᠦᠨ ᠬᠥᠭᠵᠢᠭᠦᠯᠬᠦ ᠶᠢ ᠳᠠᠶᠢᠴᠢᠯᠠᠨ᠎ᠠ᠃      ᠠᠮᠢᠳᠤ ᠪᠣᠳᠠᠰ ᠤᠨ ᠡᠮ ᠡᠮᠨᠡᠯᠭᠡ ᠪᠣᠯᠤᠨ ᠳᠡᠭᠡᠳᠦ ᠴᠢᠳᠠᠪᠬᠢᠲᠦ ᠡᠮᠨᠡᠯᠭᠡ ᠶᠢᠨ ᠪᠠᠭᠠᠵᠢ ᠬᠡᠷᠡᠭᠰᠡᠯ ᠤᠨ ᠠᠵᠤ ᠦᠢᠯᠡᠰ᠃ ᠬᠦᠨᠳᠦ ᠶᠡᠭᠡ ᠡᠪᠡᠳᠴᠢᠨ ᠡᠮᠭᠡᠭ ᠲᠤ ᠴᠢᠭᠯᠡᠭᠦᠯᠦᠭᠰᠡᠨ ᠬᠢᠮᠢ ᠶᠢᠨ ᠡᠮ᠂ ᠬᠢᠲᠠᠳ ᠡᠮ᠂ ᠠᠮᠢᠳᠤ ᠪᠣᠳᠠᠰ ᠤᠨ ᠮᠡᠷᠭᠡᠵᠢᠯ ᠤᠨ ᠡᠮ ᠤᠨ ᠰᠢᠨ᠎ᠡ ᠦᠢᠯᠡᠳᠬᠦᠨ ᠢ ᠬᠦᠭᠵᠢᠬᠦᠯᠵᠤ᠂ ᠮᠣᠩᠭᠤᠯ ᠬᠢᠲᠠᠳ ᠡᠮ ᠤᠨ ᠰᠢᠷᠢᠰ ᠰᠢᠨ᠎ᠡ ᠦᠢᠯᠡᠳᠬᠦᠨ ᠵᠢᠴᠢ ᠮᠣᠩᠭᠤᠯ ᠬᠢᠲᠠᠳ ᠡᠮ ᠠᠴᠠ ᠢᠯᠭᠠᠨ ᠠᠪᠤᠭᠰᠠᠨ ᠵᠦᠢᠯ ᠢ ᠭᠤᠣᠯᠳᠠᠯᠭ᠎ᠠ ᠲᠠᠢ ᠬᠥᠭᠵᠢᠭᠦᠯᠵᠦ᠂ ᠲᠦᠭᠦᠬᠡᠶ ᠮᠠᠲ᠋ᠧᠷᠢᠶᠠᠯ ᠤᠨ ᠡᠮ ᠬᠢᠭᠡᠳ ᠲᠡᠭᠦᠨ ᠤ ᠬᠤᠪᠢᠯᠪᠤᠷᠢ ᠡᠳ᠋ ᠤᠨ ᠠᠵᠤ ᠦᠢᠯᠡᠰ ᠤᠨ ᠬᠡᠯᠬᠢᠶ᠎ᠡ ᠶᠢ ᠦᠷᠭᠡᠳᠭᠡᠨ᠎ᠡ᠃      ᠴᠥᠮ᠎ᠡ ᠶᠢᠨ ᠲᠦᠯᠡᠰᠢ ᠲᠤᠨᠤᠭ ᠤᠨ ᠠᠵᠤ ᠦᠢᠯᠡᠰ᠃ ᠥᠪᠡᠷᠲᠡᠭᠡᠨ ᠵᠠᠰᠠᠬᠤ ᠣᠷᠣᠨ ᠤ ᠦᠷᠠᠨ ᠤ ᠡᠬᠢ ᠪᠠᠶᠠᠯᠢᠭ ᠢ ᠨᠥᠭᠡᠴᠡᠯᠡᠬᠦ᠂ ᠬᠠᠶᠢᠬᠤ᠂ ᠮᠠᠯᠲᠠᠬᠤ᠂ ᠪᠣᠯᠪᠠᠰᠤᠷᠠᠭᠤᠯᠬᠤ ᠳᠠᠪᠠᠭᠤᠯᠢᠭ ᠪᠤᠯᠤᠨ ᠪᠤᠭᠤᠲᠤ ᠶᠢᠨ ᠴᠥᠮ᠎ᠡ ᠶᠢᠨ ᠴᠠᠬᠢᠯᠭᠠᠨ ᠤ ᠲᠦᠯᠡᠰᠢ ᠲᠤᠨᠤᠭ ᠰᠤᠳᠤᠯᠤᠨ ᠨᠡᠭᠡᠭᠡᠵᠦ ᠦᠢᠯᠡᠳᠬᠦ ᠠᠵᠤ ᠦᠢᠯᠡᠰ ᠤᠨ ᠰᠠᠭᠤᠷᠢ ᠳᠤ ᠲᠦᠰᠢᠭᠯᠡᠨ᠂ ᠴᠥᠮ᠎ᠡ ᠶᠢᠨ ᠴᠠᠬᠢᠯᠭᠠᠨ ᠤ ᠲᠦᠯᠡᠰᠢ ᠶᠢᠨ ᠪᠦᠯᠦᠭ ᠲᠤᠨᠤᠭ ᠤᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠴᠥᠮ᠎ᠡ ᠶᠢᠨ ᠡᠬᠢ ᠪᠠᠶᠠᠯᠢᠭ ᠢ ︽ᠬᠠᠶᠢᠬᠤ᠂ ᠮᠠᠯᠲᠠᠬᠤ᠂ ᠨᠡᠮᠡᠬᠦ᠂ ᠬᠡᠷᠡᠭᠯᠡᠬᠦ︾᠎ ᠶᠢ ᠨᠢᠭᠡ ᠴᠤᠭᠴᠠᠵᠢᠭᠤᠯᠤᠨ ᠬᠥᠭᠵᠢᠭᠦᠯᠬᠦ ᠶᠢ ᠠᠬᠢᠭᠤᠯᠤᠨ᠎ᠠ᠃      ᠸᠠᠭᠠᠷ ᠱᠠᠭᠠᠵᠠᠩ ᠤᠨ ᠠᠵᠤ ᠦᠢᠯᠡᠰ᠃ ᠲᠦᠭᠦᠬᠡᠶ ᠡᠳ᠋ ᠮᠠᠲ᠋ᠧᠷᠢᠶᠠᠯ ᠤᠨ ᠡᠯᠪᠡᠭ ᠳᠡᠯᠪᠡᠭ ᠮᠦᠷᠲᠡᠭᠡᠨ ᠢᠵᠢ ᠪᠦᠷᠢᠳᠦᠭᠰᠡᠨ᠂ ᠡᠨᠧᠷᠭᠢ ᠭᠦᠢᠴᠡᠳ ᠬᠠᠩᠭᠠᠮᠵᠢᠲᠠᠶ ᠪᠠᠶᠢᠬᠤ ᠵᠡᠷᠭᠡ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠣᠷᠳᠣᠰ ᠬᠤᠲᠠ ᠶᠢᠨ ᠳᠠᠯᠠᠳ ᠬᠤᠰᠢᠭᠤ ᠪᠤᠯᠤᠨ ᠵᠡᠭᠦᠨᠭᠠᠷ ᠬᠤᠰᠢᠭᠤ᠂ ᠤᠯᠠᠭᠠᠨᠴᠠᠪ ᠬᠤᠳᠠ ᠶᠢᠨ ᠱᠠᠩᠳᠤ ᠰᠢᠶᠠᠨ᠂ ᠥᠪᠥᠷ ᠮᠣᠩᠭᠤᠯ ᠤᠨ ᠪᠠᠷᠠᠭᠤᠨ ᠣᠷᠣᠨ ᠤ ︽ᠵᠢᠵᠢᠭ ᠭᠤᠷᠪᠠᠯᠵᠢᠨ︾ ᠭᠠᠵᠠᠷ ᠣᠷᠣᠨ ᠢᠶᠠᠷ ᠭᠤᠣᠯᠳᠠᠯᠭ᠎ᠠ ᠪᠤᠯᠭᠠᠨ᠂ ᠪᠠᠷᠢᠯᠭ᠎ᠠ ᠶᠢᠨ ᠸᠠᠭᠠᠷ ᠱᠠᠭᠠᠵᠠᠩ᠂ ᠠᠵᠤ ᠦᠢᠯᠡᠳᠪᠦᠷᠢ ᠶᠢᠨ ᠸᠠᠭᠠᠷ ᠱᠠᠭᠠᠵᠠᠩ᠂ ᠡᠳᠦᠷ ᠲᠤᠳᠤᠮ ᠤᠨ ᠬᠡᠷᠡᠭᠯᠡᠭᠡᠨ ᠤ ᠸᠠᠭᠠᠷ ᠱᠠᠵᠠᠩ ᠦᠢᠯᠡᠳᠬᠦ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠮᠠᠨ ᠤ ᠤᠯᠤᠰ ᠤᠨ ᠪᠠᠷᠠᠭᠤᠨ ᠬᠡᠰᠡᠭ ᠤᠨ ᠭᠠᠵᠠᠷ ᠣᠷᠣᠨ ᠤ ᠴᠢᠬᠤᠯᠠ ᠸᠠᠭᠠᠷ ᠱᠠᠭᠠᠵᠠᠩ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠴᠤᠭᠴᠠᠯᠠᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号