2017 ᠣᠨ ᠳᠤ ᠬᠥᠯᠥᠨ ᠪᠤᠶᠢᠷ ᠬᠤᠲᠠ ᠣᠶ ᠰᠢᠭᠤᠶ ᠶᠢᠨ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠪᠠᠷ ᠪᠣᠢ
ᠨᠡᠶᠢᠲᠡᠯᠡᠭᠰᠡᠨ ᠴᠠᠭ᠄
2017/3/28
     2017 ᠣᠨ ᠳᠤ᠂ ᠬᠥᠯᠥᠨ ᠪᠤᠶᠢᠷ ᠬᠤᠲᠠ ᠶᠢᠨ ᠤᠢ ᠰᠢᠭᠤᠶ ᠶᠢᠨ ᠰᠢᠰᠲ᠋ᠧᠮ ᠨᠢ ᠣᠶᠢᠵᠢᠭᠤᠯᠬᠤ ᠡᠭᠦᠷᠭᠡ ᠶᠢ 75 ᠲᠦᠮᠡᠨ ᠮᠦ᠂ ᠭᠤᠷᠪᠠᠨ ᠤᠮᠠᠷᠠᠲᠤ ᠶᠢᠨ ᠬᠠᠯᠬᠠᠪᠴᠢ ᠤᠢ ᠶᠢᠨ ᠪᠥᠳᠥᠭᠡᠨ ᠪᠠᠶᠢᠭᠤᠯᠤᠯᠲᠠ ᠶᠢ 46 ᠲᠦᠮᠡᠨ ᠮᠦ᠂ ᠭᠤᠣᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠶᠢ 4 ᠲᠦᠮᠡᠨ ᠮᠦ᠂ ᠠᠯᠪᠠᠨ ᠵᠢᠷᠤᠮ ᠢᠶᠠᠷ 400 ᠲᠦᠮᠡᠨ ᠰᠠᠤᠷᠢ ᠮᠣᠳᠣ ᠲᠠᠷᠢᠬᠤ ᠶᠢ ᠪᠡᠶᠡᠯᠡᠭᠦᠯᠵᠦ᠂ ᠤᠢ ᠰᠢᠭᠤᠶ ᠶᠢᠨ ᠠᠵᠤ ᠦᠢᠯᠡᠰ ᠤᠨ ᠦᠢᠯᠡᠳᠬᠦᠨ ᠤ ᠶᠡᠷᠦᠩᠬᠡᠶ ᠦᠷᠳᠡᠭ ᠢ 48 ᠳ᠋ᠦᠩᠰᠢᠭᠤᠷ ᠲᠥᠭᠦᠷᠢᠭ ᠲᠤ ᠬᠦᠷᠦᠭᠦᠯᠵᠦ᠂ ᠤᠢ ᠰᠢᠭᠤᠶ᠂ ᠨᠤᠭᠤ ᠭᠠᠵᠠᠷ᠂ ᠡᠯᠡᠰᠦᠷᠬᠡᠭ ᠣᠷᠣᠨ ᠤ ᠤᠷᠭᠤᠮᠠᠯ ᠤᠨ ᠬᠤᠴᠢᠯᠭ᠎ᠠ ᠪᠣᠯᠣᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠢ ᠪᠦᠬᠦ ᠲᠠᠯ᠎ᠠ ᠪᠠᠷ ᠬᠠᠮᠠᠭᠠᠯᠠᠵᠤ᠂ ᠪᠦᠬᠦ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠭᠤᠯᠬᠤ ᠪᠣᠯᠣᠨ᠎ᠠ᠃      ᠡᠨᠡ ᠵᠢᠯ ᠬᠥᠯᠥᠨ ᠪᠤᠶᠢᠷ ᠬᠤᠲᠠ ᠶᠢᠨ ᠤᠢ ᠰᠢᠭᠤᠶ ᠶᠢᠨ ᠲᠣᠪᠴᠢᠶ᠎ᠠ ᠠᠴᠠ ᠪᠠᠰᠠ ᠤᠢ ᠰᠢᠭᠤᠶ ᠶᠢᠨ ᠥᠭᠡᠷᠡᠴᠢᠯᠡᠯᠲᠡ ᠶᠢ ᠪᠦᠬᠦ ᠬᠦᠴᠦ ᠪᠠᠷ ᠢᠶᠠᠨ ᠠᠬᠢᠭᠤᠯᠵᠤ᠂ ᠬᠤᠳᠠ ᠶᠢᠨ ᠰᠢᠭᠤᠳ ᠬᠠᠷᠢᠶ᠎ᠠ ᠤᠢ ᠰᠢᠭᠤᠶ ᠶᠢᠨ ᠵᠢᠷᠭᠤᠭᠠᠨ ᠲᠣᠪᠴᠢᠶᠠᠨ ᠤ ︽ᠭᠤᠷᠪᠠᠨ ᠬᠠᠩᠭᠠᠬᠤ ᠨᠢᠭᠡ ᠠᠳᠠᠯ ᠠᠬᠤᠢ︾ ᠨᠡᠶᠢᠭᠡᠮ ᠤᠨ ᠡᠭᠦᠷᠭᠡ ᠴᠢᠳᠠᠪᠤᠷᠢ ᠶᠢ ᠰᠠᠯᠭᠠᠬᠤ ᠠᠵᠢᠯ ᠢ ᠲᠦᠯᠬᠢᠨ ᠠᠬᠢᠭᠤᠯᠤᠨ᠎ᠠ᠃ ᠪᠠᠶᠢᠭᠠᠯᠢ ᠶᠢᠨ ᠣᠢ ᠰᠢᠭᠤᠢ ᠶᠢ ᠬᠠᠮᠠᠭᠠᠯᠠᠬᠤ ᠢᠨᠵᠧᠨᠧᠷᠢᠩ᠂ ᠤᠢ ᠰᠢᠭᠤᠶ ᠶᠢᠨ ᠠᠮᠢ ᠠᠬᠤᠶ ᠶᠢᠨ ᠦᠷ᠎ᠡ ᠠᠰᠢᠭ ᠤᠨ ᠨᠥᠬᠦᠪᠥᠷᠢ᠂ ᠭᠤᠷᠪᠠᠨ ᠤᠮᠠᠷᠠᠲᠤ ᠶᠢᠨ ᠬᠠᠯᠬᠠᠪᠴᠢ ᠤᠢ᠂ ᠳᠤᠷᠤᠶᠢᠳᠠᠭᠰᠠᠨ ᠤᠢ ᠶᠢᠨ ᠪᠦᠷᠢᠯᠳᠦᠭᠦᠨ ᠤ ᠥᠭᠡᠷᠡᠴᠢᠯᠡᠯᠲᠡ᠂ ᠤᠢ ᠰᠢᠭᠤᠶ ᠶᠢ ᠠᠰᠠᠷᠠᠨ ᠪᠤᠶᠢᠵᠢᠭᠤᠯᠬᠤ ᠵᠡᠷᠭᠡ ᠤᠯᠤᠰ ᠤᠨ ᠭᠤᠣᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠢ ᠰᠠᠶᠢᠳᠤᠷ ᠭᠦᠨᠵᠡᠭᠡᠶᠢᠷᠡᠨ ᠬᠡᠷᠡᠭᠵᠢᠭᠦᠯᠵᠦ᠂ ᠡᠨᠡ ᠵᠢᠯ ᠴᠡᠭᠴᠡᠯᠡᠨ ᠰᠠᠶᠢᠵᠢᠷᠠᠭᠤᠯᠬᠤ ᠲᠥᠰᠥᠯ ᠪᠣᠯᠣᠨ ᠲᠠᠷᠢᠶᠠᠯᠠᠬᠤ ᠶᠢ ᠪᠣᠯᠢᠵᠤ ᠤᠢ ᠮᠣᠳᠣ ᠨᠤᠭᠤ ᠭᠠᠵᠠᠷ ᠢ ᠰᠡᠷᠭᠦᠭᠡᠬᠦ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠪᠡᠶᠡᠯᠡᠭᠦᠯᠵᠦ᠂ 20 ᠲᠦᠮᠡᠨ ᠮᠦ ᠲᠠᠷᠢᠶᠠᠨ ᠭᠠᠵᠠᠷ ᠤᠨ ᠲᠠᠷᠢᠶᠠᠯᠠᠬᠤ ᠶᠢ ᠵᠣᠭᠰᠤᠭᠠᠵᠤ᠂ ᠲᠣᠭᠲᠠᠭᠠᠯ ᠠᠴᠠ ᠵᠥᠷᠢᠴᠡᠨ ᠰᠢᠭᠤᠶᠢᠲᠤ ᠭᠠᠵᠠᠷ ᠢ ᠡᠵᠡᠯᠡᠵᠦ ᠬᠡᠷᠡᠭᠯᠡᠬᠦ ᠶᠢ ᠪᠦᠬᠦ ᠲᠠᠯ᠎ᠠ ᠪᠠᠷ ᠢᠯᠭᠠᠷᠠᠭᠤᠯᠤᠨ ᠴᠡᠭᠴᠡᠯᠡᠵᠦ᠂ ᠪᠠᠶᠢᠭᠠᠯᠢ ᠶᠢᠨ ᠣᠢ ᠰᠢᠭᠤᠢ ᠶᠢᠨ ᠲᠣᠭᠤᠷᠢᠭ ᠲᠤ ᠳᠠᠬᠢᠨ 50%᠎ ᠶᠢᠨ ᠮᠠᠯᠵᠢᠬᠤ ᠶᠢ ᠴᠠᠭᠠᠵᠠᠯᠠᠨ᠎ᠠ︔ ︽13 · 5︾᠎ ᠶᠢᠨ ᠤᠢ ᠮᠣᠳᠣ ᠣᠭᠲᠣᠯᠬᠤ ᠬᠢᠵᠠᠭᠠᠷ ᠲᠤᠭ᠎ᠠ ᠪᠣᠯᠤᠨ ᠪᠠᠶᠢᠭᠠᠯᠢ ᠶᠢᠨ ᠣᠶ ᠶᠢ ᠬᠤᠳᠠᠯᠳᠤᠭᠠᠨ ᠤ ᠴᠢᠨᠠᠷᠲᠠᠶ ᠪᠠᠷ ᠣᠭᠲᠣᠯᠬᠤ ᠶᠢ ᠪᠦᠬᠦ ᠲᠠᠯ᠎ᠠ ᠪᠠᠷ ᠵᠣᠭᠰᠣᠭᠠᠬᠤ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠤᠢ ᠮᠣᠳᠣ ᠣᠭᠲᠣᠯᠬᠤ ᠬᠠᠮᠢᠶᠠᠷᠤᠯᠲᠠ ᠶᠢᠨ ᠪᠠᠶᠢᠴᠠᠭᠠᠯᠲᠠ ᠥᠷᠨᠢᠭᠦᠯᠵᠦ᠂ ᠪᠤᠢ ᠪᠦᠬᠦᠢ ᠪᠠᠶᠢᠭᠠᠯᠢ ᠶᠢᠨ ᠤᠢ ᠰᠢᠭᠤᠶ ᠶᠢ ᠴᠢᠩᠭ᠎ᠠ ᠬᠠᠮᠠᠭᠠᠯᠠᠵᠤ᠂  ᠬᠠᠮᠢᠶᠠᠷᠴᠤ ᠬᠠᠮᠠᠭᠠᠯᠠᠬᠤ ᠬᠦᠷᠢᠶ᠎ᠡ ᠬᠡᠪᠴᠢᠶᠡᠨ ᠳᠤ ᠣᠷᠣᠭᠤᠯᠤᠭᠠᠳᠤᠢ 745.27 ᠲᠦᠮᠡᠨ ᠮᠥ ᠪᠠᠶᠢᠭᠠᠯᠢ ᠶᠢᠨ ᠤᠢ ᠰᠢᠭᠤᠶ ᠶᠢ ᠪᠦᠭᠦᠳᠡ ᠬᠠᠮᠢᠶᠠᠷᠴᠤ ᠬᠠᠮᠠᠭᠠᠯᠠᠬᠤ ᠬᠡᠪᠴᠢᠶᠡᠨ ᠳᠤ ᠣᠷᠣᠭᠤᠯᠬᠤ ᠪᠠᠷ ᠴᠢᠷᠮᠠᠶᠢᠨ᠎ᠠ᠃ ᠬᠤᠰᠢᠭᠤ ᠰᠢᠶᠠᠨ ᠤ ᠱᠠᠲᠤᠨ ᠤ ︽ᠰᠢᠭᠤᠶᠢᠲᠤ ᠭᠠᠵᠠᠷ ᠢ ᠬᠠᠮᠠᠭᠠᠯᠠᠨ ᠠᠰᠢᠭᠯᠠᠬᠤ ᠲᠥᠯᠥᠪᠵᠢᠭᠦᠯᠭᠡ︾᠎ ᠶᠢ ᠰᠠᠶᠢᠲᠤᠷ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ᠂ ᠪᠦᠬᠦ ᠬᠤᠲᠠ ᠶᠢᠨ ᠰᠢᠭᠤᠶᠢᠲᠤ ᠭᠠᠵᠠᠷ ᠤᠨ ︽ᠨᠢᠭᠡ ᠯᠠ ᠵᠢᠷᠤᠭ︾᠎ ᠶᠢᠨ ᠲᠤᠭ᠎ᠠ ᠪᠠᠷᠢᠮᠲᠠ ᠶᠢᠨ ᠬᠥᠮᠥᠷᠭᠡ ᠶᠢ ᠰᠢᠨᠡᠳᠬᠡᠵᠦ᠂ ︽ᠵᠢᠷᠤᠭ ᠢᠶᠠᠷ ᠤᠢ ᠶᠢ ᠬᠠᠮᠢᠶᠠᠷᠬᠤ︾᠂ ︽ᠱᠤᠭᠤᠮ ᠢᠶᠠᠷ ᠬᠥᠮᠦᠨ ᠬᠠᠮᠢᠶᠠᠷᠬᠤ︾᠎ ᠶᠢ ᠦᠨᠡᠨᠬᠦ ᠪᠡᠶᠡᠯᠡᠭᠦᠯᠦᠨ᠎ᠡ︔ ᠬᠥᠯᠥᠨ ᠪᠤᠶᠢᠷ ᠬᠤᠲᠠ ᠶᠢᠨ ᠤᠢ ᠰᠢᠭᠤᠶ ᠶᠢᠨ ᠪᠣᠬᠢᠷᠲᠤᠯ ᠦᠭᠡᠢ ᠬᠥᠭᠵᠢᠯᠲᠡ ᠶᠢᠨ ᠰᠠᠭᠤᠷᠢ ᠮᠥᠩᠭᠦ ᠶᠢᠨ ᠡᠵᠡᠩᠨᠡᠯᠲᠡ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂ PPP ᠵᠠᠭᠪᠤᠷ ᠢ ᠬᠡᠷᠡᠭᠯᠡᠵᠦ᠂ ᠬᠤᠩᠬᠤᠯᠵᠢ ᠶᠢᠨ ᠣᠨᠴᠠᠯᠢᠭ ᠪᠦᠬᠦᠢ ᠵᠢᠵᠢᠭ ᠪᠠᠯᠭᠠᠰᠤ ᠪᠠ ᠤᠢ ᠰᠢᠭᠤᠶ ᠶᠢᠨ ᠰᠣᠳᠣᠨ ᠵᠢᠭᠤᠯᠴᠢᠯᠠᠯ ᠤᠨ ᠲᠥᠷᠥᠯ ᠵᠦᠢᠯ ᠢ ᠴᠣᠭᠴᠠᠯᠠᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号