ᠮᠠᠨᠵᠤᠤᠷ ᠬᠤᠲᠠ ᠬᠢᠭᠡᠳ ᠤᠮᠰᠺ ᠬᠤᠲᠠ ᠠᠵᠤ ᠠᠬᠤᠢ ᠠᠷᠠᠯᠵᠢᠶᠠᠨ ᠤ ᠲᠦᠷᠦᠯ ᠵᠦᠢᠯ ᠤᠨ ᠵᠦᠪᠳᠡᠯᠴᠡᠬᠡᠷ 10᠎ ᠶᠢ ᠲᠤᠭᠲᠠᠵᠠᠢ
ᠨᠡᠶᠢᠲᠡᠯᠡᠭᠰᠡᠨ ᠴᠠᠭ᠄
2017/3/29
     3 ᠳ᠋ᠤᠭᠠᠷ ᠰᠠᠷ᠎ᠠ ᠶᠢᠨ 21᠎ ᠤ ᠡᠳᠦᠷ᠂ ᠳᠤᠮᠳᠠᠳᠤ ᠤᠷᠤᠰ ᠤᠨ ᠮᠠᠨᠵᠤᠤᠷ ᠬᠤᠲᠠ — ᠤᠮᠰᠺ ᠬᠤᠲᠠ ᠶᠢᠨ ᠠᠵᠤ ᠠᠬᠤᠶ ᠠᠷᠠᠯᠵᠢᠶᠠᠨ ᠤ ᠲᠦᠷᠦᠯ ᠵᠦᠢᠯ ᠤᠨ ᠵᠦᠪᠳᠡᠯᠴᠡᠭᠡᠷ ᠤᠨ ᠶᠤᠰᠤᠯᠠᠯ ᠭᠠᠳᠠᠭᠠᠳᠤ ᠬᠠᠷᠢᠯᠴᠠᠭᠠᠨ ᠤ ᠬᠤᠷᠠᠯ ᠤᠨ ᠣᠷᠳᠣᠨ ᠳᠤ ᠶᠠᠪᠤᠭᠳᠠᠪᠠ᠂ ᠶᠣᠰᠣᠯᠠᠯ ᠳᠡᠭᠡᠷ᠎ᠡ ᠬᠤᠶᠠᠷ ᠲᠠᠯ᠎ᠠ ᠶᠢᠨ ᠠᠵᠤ ᠠᠬᠤᠶᠢᠯᠠᠯ ᠬᠠᠮᠲᠤᠷᠠᠨ ᠠᠵᠢᠯᠯᠠᠬᠤ ᠠᠷᠪᠠᠨ ᠵᠦᠢᠯ ᠤᠨ ᠵᠦᠪᠳᠡᠯᠴᠡᠬᠡᠷ ᠲᠤ ᠭᠠᠷ ᠤᠨ ᠦᠰᠦᠭ ᠵᠢᠷᠤᠵᠤ᠂ ᠬᠤᠶᠠᠷ ᠲᠠᠯ᠎ᠠ ᠶᠢᠨ ᠵᠠᠰᠠᠭ ᠤᠨ ᠣᠷᠳᠣᠨ ᠬᠡᠯᠡᠯᠴᠡᠭᠡᠷ ᠤᠨ ᠲᠣᠪᠴᠢ ᠳᠤ ᠭᠠᠷ ᠤᠨ ᠦᠰᠦᠭ ᠵᠢᠷᠤᠪᠠ᠃ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠶᠣᠣ ᠵᠢᠩ ᠯᠢᠨ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠤ ᠸᠧᠨ ᠾᠧ᠂ ᠣᠷᠣᠰ ᠤᠨ ᠤᠮᠰᠺ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠸᠢᠨᠢᠰᠤᠹ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠪᠠ᠃      ᠬᠤᠶᠠᠷ ᠲᠠᠯ᠎ᠠ ᠶᠢᠨ ᠥᠷᠭᠡᠨ ᠳᠡᠯᠭᠡᠷ ᠬᠠᠷᠢᠯᠴᠠᠬᠤ᠂ ᠪᠠᠶᠢᠴᠠᠭᠠᠬᠤ᠂ ᠶᠠᠷᠢᠯᠴᠠᠬᠤ ᠪᠠ ᠬᠠᠮᠲᠤ ᠪᠠᠷ ᠴᠢᠷᠮᠠᠶᠢᠬᠤ ᠪᠠᠷ ᠳᠠᠮᠵᠢᠨ᠂ ᠲᠤᠰ ᠤᠳᠠᠭᠠᠨ ᠤ ᠮᠠᠨᠵᠤᠤᠷ — ᠤᠮᠰᠺ ᠶᠢᠨ ᠠᠵᠤ ᠠᠬᠤᠶ ᠠᠷᠠᠯᠵᠢᠶᠠᠨ ᠤ ᠲᠦᠷᠦᠯ ᠵᠦᠢᠯ ᠤᠨ ᠲᠠᠨᠢᠯᠴᠠᠭᠤᠯᠭ᠎ᠠ ᠶᠢᠨ ᠬᠤᠷᠠᠯ ᠡᠯᠪᠡᠭ ᠪᠠᠶᠠᠯᠢᠭ ᠠᠮᠵᠢᠯᠲᠠ ᠪᠦᠲᠦᠭᠡᠯ ᠤᠯᠪᠠ᠃      ᠣᠶᠢᠯᠠᠭᠠᠭᠰᠠᠨ ᠢᠶᠠᠷ᠂ ᠭᠠᠷ ᠤᠨ ᠦᠰᠦᠭ ᠵᠢᠷᠤᠬᠤ ᠶᠣᠰᠣᠯᠠᠯ ᠳᠡᠭᠡᠷ᠎ᠡ᠂ ᠮᠠᠨᠵᠤᠤᠷ ᠬᠤᠲᠠ ᠶᠢᠨ ᠭᠠᠳᠠᠭᠠᠳᠤ ᠠᠵᠤ ᠠᠬᠤᠶ ᠠᠷᠠᠯᠵᠢᠶᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠨᠢ ᠤᠮᠰᠺ ᠬᠤᠲᠠ ᠶᠢᠨ ᠬᠤᠶᠠᠷ ᠺᠣᠮᠫᠠᠨᠢ ᠎ ᠯᠤᠭ᠎ᠠ ᠪᠦᠬᠦ ᠦᠷᠲᠡᠭ ᠨᠢ 500 ᠲᠦᠮᠡᠨ ᠳ᠋ᠣᠯᠯᠠᠷ ᠪᠦᠬᠦᠢ ᠬᠠᠮᠲᠤᠷᠠᠨ ᠠᠵᠢᠯᠯᠠᠬᠤ ᠭᠡᠷ᠎ᠡ ᠳᠤ ᠭᠠᠷ ᠤᠨ ᠦᠰᠦᠭ ᠵᠢᠷᠤᠪᠠ︔ ᠤᠮᠰᠺ ᠬᠤᠳᠠ ᠶᠢᠨ ᠪᠠᠷᠠᠭ᠎ᠠ ᠶᠢᠨ ᠬᠦᠢᠯᠭᠡᠭᠡ ᠪᠠ ᠭᠠᠳᠠᠭᠠᠳᠤ ᠬᠠᠷᠢᠯᠴᠠᠭᠠᠨ ᠤ ᠲᠤᠬᠠᠶᠢᠯᠠᠭᠰᠠᠨ ᠠᠵᠢᠯ ᠤᠨ ᠲᠦᠪ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠨᠢ ᠲᠤᠰ ᠲᠤᠰ ᠮᠠᠨᠵᠤᠤᠷ ᠬᠤᠲᠠ ᠶᠢᠨ ᠾᠧᠩ ᠱᠧᠩ ᠠᠮᠤ ᠪᠤᠳᠠᠭ᠎ᠠ ᠲᠤᠰᠤ᠂  ᠮᠡᠯᠡᠷᠡᠭ ᠴᠡᠴᠡᠭ ᠰᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ ᠯᠤᠭ᠎ᠠ ᠪᠦᠬᠦ ᠦᠷᠳᠡᠭ ᠨᠢ 940 ᠲᠦᠮᠡᠨ ᠳ᠋ᠣᠯᠯᠠᠷ ᠪᠦᠬᠦᠢ ᠬᠠᠮᠲᠤᠷᠠᠨ ᠠᠵᠢᠯᠯᠠᠬᠤ ᠭᠡᠷ᠎ᠡ ᠳᠤ ᠭᠠᠷ ᠤᠨ ᠦᠰᠦᠭ ᠵᠢᠷᠤᠪᠠ︔ ᠮᠠᠨᠵᠤᠤᠷ ᠤᠨ ᠳᠤᠮᠳᠠᠳᠤ ᠣᠷᠣᠰ ᠤᠨ ᠵᠠᠬ᠎ᠠ ᠶᠢᠨ ᠠᠷᠠᠯᠵᠢᠶᠠᠨ ᠤ ᠵᠢᠭᠤᠯᠴᠢᠯᠠᠯ ᠤᠨ ᠬᠢᠵᠠᠭᠠᠷᠲᠤ ᠺᠣᠮᠫᠠᠨᠢ ᠨᠢ ᠤᠮᠰᠺ ᠬᠤᠲᠠ ᠶᠢᠨ ᠣᠷᠣᠰ ᠤᠨ ᠠᠷᠠᠯᠵᠢᠶᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠯᠤᠭ᠎ᠠ ᠪᠦᠬᠦ ᠦᠷᠲᠡᠭ ᠨᠢ 700 ᠲᠦᠮᠡᠨ ᠳ᠋ᠣᠯᠯᠠᠷ ᠪᠦᠬᠦᠢ ᠬᠠᠮᠲᠤᠷᠠᠨ ᠠᠵᠢᠯᠯᠠᠬᠤ ᠭᠡᠷ᠎ᠡ ᠳᠤ ᠭᠠᠷ ᠤᠨ ᠦᠰᠦᠭ ᠵᠢᠷᠤᠪᠠ᠃ ᠮᠠᠨᠵᠤᠤᠷ ᠤᠨ ᠪᠠᠨᠭ᠌ ᠱᠧᠩ ᠭᠠᠳᠠᠭᠠᠳᠤ ᠠᠴᠠ ᠤᠷᠤᠭᠤᠯᠬᠤ ᠪᠠ ᠭᠠᠳᠠᠭᠠᠳᠤ ᠳᠤ ᠭᠠᠷᠭᠠᠬᠤ ᠠᠷᠠᠯᠵᠢᠶ᠎ᠠ᠂ ᠺᠠᠶ ᠱᠧᠩ ᠠᠷᠠᠯᠵᠢᠶᠠᠨ ᠤ ᠪᠦᠯᠦᠭᠯᠡᠯ ᠤᠨ ᠬᠢᠵᠠᠭᠠᠷᠲᠤ ᠺᠣᠮᠫᠠᠨᠢ ᠵᠡᠷᠭᠡ ᠠᠵᠤ ᠠᠬᠤᠶᠢᠯᠠᠯ ᠨᠢ ᠲᠤᠰ ᠲᠤᠰ ᠤᠮᠰᠺ ᠬᠤᠲᠠ ᠶᠢᠨ ᠣᠯᠠᠨ ᠢᠳᠡᠭᠡᠨ ᠤ ᠠᠷᠠᠯᠵᠢᠶ᠎ᠠ᠂ ᠮᠣᠳᠣᠨ ᠮᠠᠲ᠋ᠧᠷᠢᠶᠠᠯ ᠤᠨ ᠠᠵᠤ ᠦᠢᠯᠡᠰ ᠤᠨ ᠺᠣᠮᠫᠠᠨᠢ ᠯᠤᠭ᠎ᠠ ᠬᠠᠮᠲᠤᠷᠠᠨ ᠠᠵᠢᠯᠯᠠᠬᠤ ᠰᠠᠨᠠᠮᠵᠢ ᠪᠢᠴᠢᠭ ᠲᠤ ᠭᠠᠷ ᠤᠨ ᠦᠰᠦᠭ ᠵᠢᠷᠤᠭᠰᠠᠨ ᠪᠠᠶᠢᠨ᠎ᠠ᠃      ᠭᠠᠷ ᠤᠨ ᠦᠰᠦᠭ ᠵᠢᠷᠤᠭᠰᠠᠨ ᠤ ᠳᠠᠷᠠᠭ᠎ᠠ᠂ ᠭᠤᠤ ᠸᠧᠨ ᠾᠧ ᠪᠣᠯᠤᠨ ᠮᠸᠢᠨᠢᠰᠤᠹ ᠲᠤᠰ ᠲᠤᠰ ᠮᠠᠨᠵᠤᠤᠷ ᠬᠤᠲᠠ ᠶᠢᠨ ᠵᠠᠰᠠᠭ ᠤᠨ ᠣᠷᠳᠣᠨ ᠪᠣᠯᠤᠨ ᠤᠮᠰᠺ ᠬᠤᠲᠠ ᠶᠢᠨ ᠵᠠᠰᠠᠭ ᠤᠨ ᠣᠷᠳᠣᠨ ᠢ ᠲᠦᠯᠦᠭᠡᠯᠡᠨ ︽ᠬᠤᠶᠠᠷ ᠬᠤᠲᠠ ᠶᠢᠨ ᠨᠥᠬᠦᠷᠰᠡᠭ ᠬᠠᠷᠢᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠳᠤᠮᠳᠠᠳᠤ ᠤᠯᠤᠰ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠨᠵᠤᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠣᠯᠤᠨ ᠣᠷᠣᠰ ᠤᠨ ᠤᠮᠰᠺ ᠵᠸᠤ ᠶᠢᠨ ᠤᠮᠰᠺ ᠬᠤᠲᠠ ᠶᠢᠨ ᠵᠠᠰᠠᠭ ᠤᠨ ᠣᠷᠳᠣᠨ ᠤ ᠬᠤᠷᠠᠯ ᠤᠨ ᠵᠦᠪᠳᠡᠯᠴᠡᠭᠡᠷ ᠤᠨ ᠲᠤᠪᠴᠢ︾᠎ ᠳᠤ ᠬᠠᠮᠲᠤᠪᠡᠷ ᠭᠠᠷ ᠤᠨ ᠦᠰᠦᠭ ᠵᠢᠷᠤᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号